ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠭᠠᠷᠴᠤ ᠣᠷᠣᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠤᠯᠤᠰ ᠤᠨ | ᠨᠡᠭᠦᠳᠡᠯᠴᠢᠨ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠨᠡᠶᠢᠲᠡᠯᠡᠭᠰᠡᠨ ᠨᠡᠭᠦᠳᠡᠯ ᠢᠷᠭᠡᠨ ᠪᠠ ᠬᠢᠯᠢ ᠪᠠᠷ | ᠭᠠᠷᠴᠤ ᠣᠷᠣᠬᠤ ᠳᠤ ᠲᠥᠬᠦᠮ ᠦᠵᠡᠭᠦᠯᠬᠦ 5 ᠵᠦᠢᠯ ᠤᠨ ᠠᠷᠭ᠎ᠠ ᠶᠢ ᠬᠡᠷᠡᠭᠵᠢᠭᠦᠯᠪᠡ᠃ | ᠠᠷᠠᠳ ᠲᠤ ᠲᠥᠬᠦᠮ ᠦᠵᠡᠭᠦᠯᠬᠦ 5 ᠵᠦᠢᠯ ᠤᠨ ᠰᠢᠨ᠎ᠡ ᠠᠷᠭ᠎ᠠ ᠳᠤ᠄ ᠳᠣᠲᠣᠷ᠎ᠠ ᠭᠠᠵᠠᠷ ᠤᠨ ᠰᠠᠭᠤᠭᠠᠯᠢ | ᠠᠷᠠᠳ ᠪᠥᠬᠦ ᠤᠯᠤᠰ ᠤᠨ ᠬᠡᠪᠴᠢᠶᠡᠨ ᠳᠣᠲᠣᠷᠠᠬᠢ ᠶᠠᠮᠠᠷᠪᠠ ᠨᠢᠭᠡᠨ ᠬᠢᠯᠢ ᠪᠠᠷ ᠭᠠᠷᠴᠤ ᠣᠷᠣᠬᠤ ᠬᠠᠮᠢᠶᠠᠷᠤᠯᠲᠠ ᠶᠢᠨ | ᠪᠠᠶᠢᠭᠤᠯᠤᠮᠵᠢ ᠳᠤ ᠡ᠊ᠩ ᠤᠨ ᠫᠠᠰᠫᠣᠷᠲ ᠪᠠ ᠰᠢᠶᠠᠩᠭᠠᠩ ᠣᠣᠮᠧᠨ ᠳᠤ ᠨᠡᠪᠲᠡᠷᠡᠬᠦ ᠦᠨᠡᠮᠯᠡᠯ᠂ ᠲᠠᠶᠢᠸᠠᠨ ᠳᠤ | ᠨᠡᠪᠲᠡᠷᠡᠬᠦ ᠦᠨᠡᠮᠯᠡᠯ ᠢ ᠣᠨᠳᠣᠣ ᠭᠠᠵᠠᠷ ᠭᠤᠶᠤᠴᠢᠯᠠᠵᠦ ᠰᠣᠯᠢᠵᠦ ︵ᠨᠥᠬᠦᠵᠦ︶ ᠪᠣᠯᠣᠨ᠎ᠠ︔ ᠳᠣᠲᠣᠷ᠎ᠠ | ᠭᠠᠵᠠᠷ ᠤᠨ ᠰᠠᠭᠤᠭᠠᠯᠢ ᠠᠷᠠᠳ ᠪᠦᠬᠦ ᠤᠯᠤᠰ ᠤᠨ ᠬᠡᠪᠴᠢᠶᠡᠨ ᠳᠣᠲᠣᠷᠠᠬᠢ ᠶᠠᠮᠠᠷᠪᠠ ᠨᠢᠭᠡᠨ ᠬᠢᠯᠢ ᠪᠠᠷ ᠭᠠᠷᠴᠤ | ᠣᠷᠣᠬᠤ ᠬᠠᠮᠢᠶᠠᠷᠤᠯᠲᠠ ᠶᠢᠨ ᠪᠠᠶᠢᠭᠤᠯᠤᠮᠵᠢ ᠳᠤ ᠰᠢᠶᠠᠩᠭᠠᠩ ᠣᠣᠮᠧᠨ ᠲᠠᠶᠢᠸᠠᠨ ᠳᠤ ᠪᠦᠯᠬᠦᠮ ᠢᠶᠠᠷ ᠵᠢᠭᠤᠯᠴᠢᠯᠠᠬᠤ | ᠨᠡᠪᠲᠡᠷᠡᠬᠦ ᠦᠨᠡᠮᠯᠡᠯ ᠢ ᠣᠨᠳᠣᠣ ᠭᠠᠵᠠᠷ ᠭᠤᠶᠤᠴᠢᠯᠠᠵᠤ ᠪᠣᠯᠣᠨ᠎ᠠ︔ ᠳᠣᠲᠣᠷ᠎ᠠ ᠭᠠᠵᠠᠷ ᠤᠨ ᠰᠠᠭᠤᠭᠠᠯᠢ ᠠᠷᠠᠳ ᠤᠨ | ᠡᠷᠦᠬᠡ ᠠᠮᠠ ᠶᠢᠨ ᠪᠠᠶᠢᠭ᠎ᠠ ᠭᠠᠵᠠᠷ ᠲᠠᠭᠠᠨ ᠡᠩ ᠤᠨ ᠫᠠᠰᠫᠣᠷᠲ᠂ ᠰᠢᠶᠠᠩᠭᠠᠩ ᠣᠣᠮᠧᠨ ᠳᠤ ᠨᠡᠪᠲᠡᠷᠡᠬᠦ ᠦᠨᠡᠮᠯᠡᠯ᠂ | ᠲᠠᠶᠢᠸᠠᠨ ᠳᠤ ᠨᠡᠪᠲᠡᠷᠡᠬᠦ ᠦᠨᠡᠮᠯᠡᠯ ᠭᠤᠶᠤᠴᠢᠯᠠᠵᠤ ᠭᠦᠢᠴᠡᠳᠬᠡᠬᠦ ᠭᠠᠷ ᠤᠨ ᠦᠰᠦᠭ ᠵᠢᠷᠤᠵᠤ ᠶᠠᠪᠤᠭᠤᠯᠬᠤ ᠴᠠᠭ ᠢ | ᠨᠢ ᠴᠥᠮ 7 ᠠᠵᠢᠯ ᠤᠨ ᠡᠳᠦᠷ ᠪᠣᠯᠭᠠᠵᠤ ᠪᠣᠭᠤᠨᠢᠰᠬᠠᠪᠠ︔ ᠳᠣᠲᠣᠭᠠᠳᠤ ᠶᠢ ᠬᠠᠮᠠᠭᠠᠯᠠᠬᠤ ᠬᠢᠯᠢ ᠪᠠᠷ ᠭᠠᠷᠴᠤ | ᠣᠷᠣᠬᠤ ᠬᠠᠮᠢᠶᠠᠷᠤᠯᠲᠠ ᠶᠢᠨ ᠪᠠᠶᠢᠭᠤᠯᠤᠮᠵᠢ ᠭᠠᠳᠠᠭᠠᠳᠤ ᠶᠢᠨ ᠬᠥᠮᠦᠨ ᠤ ᠫᠠᠰᠫᠣᠷᠲ ᠢᠶᠠᠨ ᠭᠡᠭᠡᠵᠦ ᠸᠢᠰᠠ ᠪᠠᠨ | ᠪᠠᠴᠢᠮ ᠨᠥᠬᠦᠬᠦ ᠬᠢᠯᠢ ᠠᠴᠠ ᠭᠠᠷᠬᠤ ᠵᠡᠷᠭᠡ ᠪᠠᠴᠢᠮ ᠪᠠᠶᠢᠳᠠᠯ ᠢ ᠠᠷᠭᠠᠴᠠᠬᠤ ᠬᠡᠷᠡᠭᠴᠡᠭᠡ ᠶᠢ ᠨᠢ ᠴᠠᠭ ᠲᠤᠬᠠᠶ ᠳᠤ | ᠨᠢ ᠬᠦ᠋ᠯᠢᠶᠠᠨ ᠠᠪᠴᠤ ᠬᠢᠨᠠᠨ ᠵᠥᠪᠰᠢᠶᠡᠷᠡᠬᠦ ᠳᠤ ᠨᠢ ᠳᠥᠭᠦᠮ ᠦᠵᠡᠭᠦᠯᠦᠨ᠎ᠡ︔ ᠤᠯᠠᠨ ᠤᠯᠤᠰ ᠤᠨ ᠬᠤᠭᠤᠷᠣᠨᠳᠣ | ᠠᠶᠠᠯᠠᠬᠤ ᠣᠩᠭᠤᠴᠠ ᠰᠠᠯ ᠤᠨ ᠲᠠᠯ᠎ᠠ ᠪᠤᠶᠤ ᠲᠡᠭᠦᠨ ᠤ ᠣᠷᠣᠯᠠᠨ ᠭᠦᠢᠴᠡᠳᠬᠡᠬᠦ ᠨᠢᠭᠡᠴᠢ ᠨᠢ ᠰᠦᠯᠵᠢᠶᠡᠨ ᠳᠡᠭᠡᠷ᠎ᠡ | ᠬᠢᠯᠢ ᠪᠠᠷ ᠭᠠᠷᠴᠤ ᠣᠷᠣᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠭᠠᠷ ᠭᠦᠢᠴᠡᠳᠬᠡᠯ ᠢ ᠭᠤᠶᠤᠴᠢᠯᠠᠨ | ᠮᠡᠳᠡᠭᠦᠯᠵᠦ ᠪᠣᠯᠣᠨ᠎ᠠ᠃ | ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠬᠢᠯᠢ ᠪᠠᠷ ᠭᠠᠷᠴᠤ ᠣᠷᠣᠬᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠨ ᠢᠯᠡᠷᠬᠡᠶᠢᠯᠡᠭᠰᠡᠨ ᠢᠶᠠᠷ᠂ ᠤᠯᠤᠰ ᠤᠨ ᠨᠡᠭᠦᠳᠡᠯᠴᠢᠨ ᠠᠷᠠᠳ ᠤᠨ ᠬᠠᠮᠢᠶᠠᠷᠤᠯᠲᠠ ᠶᠢᠨ | ᠲᠣᠪᠴᠢᠶ᠎ᠠ ᠪᠠ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠢᠯᠢ ᠪᠠᠷ ᠭᠠᠷᠴᠤ | ᠣᠷᠣᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠷᠠᠳ ᠲᠤ ᠲᠦᠭᠦᠮ ᠦᠵᠡᠭᠦᠯᠬᠦ ᠠᠷᠭ᠎ᠠ ᠶᠢᠨ ᠲᠤᠬᠠᠶ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ | ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ | ᠭᠤᠶᠤᠴᠢᠯᠠᠭᠰᠠᠨ ᠤᠯᠠᠨ ᠲᠦᠮᠡᠨ ᠨᠢᠭᠡᠪᠦᠷᠢ ᠳᠤ ᠠᠰᠢᠭ ᠬᠦᠷᠲᠡᠭᠡᠬᠦ ᠪᠣᠯᠣᠨ᠎ᠠ᠃ |