ᠪᠦᠬᠦ ᠤᠷᠤᠨ ᠤ ᠠᠵᠤ ᠦᠢᠯᠡᠳᠪᠤᠷᠢ ᠶᠢᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠠᠵᠢᠯ ᠤᠨ ᠬᠤᠷᠠᠯ ᠬᠤᠷᠠᠯᠳᠤᠪᠠ ᠪᠦ᠋ ᠰᠢᠶᠤᠤ ᠯᠢᠨ ᠬᠤᠷᠠᠯ ᠎ ᠢ ᠡᠷᠬᠢᠯᠡᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2018/9/12
     9 ᠳ᠋ᠦ᠋ᠭᠡᠷ ᠰᠠᠷ᠎ᠠ ᠶᠢᠨ 11᠎ ᠤ ᠡᠳᠦᠷ᠂ ᠪᠦᠬᠦ ᠤᠷᠤᠨ ᠤ ᠠᠵᠤ ᠦᠢᠯᠡᠳᠪᠤᠷᠢ ᠶᠢᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠨ ᠶᠠᠷᠢᠶ᠎ᠠ ᠲᠠᠯᠪᠢᠵᠠᠢ᠃      ᠪᠦ᠋ ᠰᠢᠶᠤᠤ ᠯᠢᠨ ᠵᠢᠭᠠᠵᠤ ᠭᠠᠷᠭᠠᠭᠰᠠᠨ ᠨᠢ᠂ ᠡᠳᠡᠭᠡᠷ ᠵᠢᠯ ᠤᠳ ᠲᠤ᠂ ᠦᠪᠡᠷᠲᠡᠭᠡᠨ ᠵᠠᠰᠠᠬᠤ ᠤᠷᠤᠨ ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠳᠠ ᠶᠢᠨ ᠠᠬᠢᠴᠠ ᠶᠢ ᠯᠠᠪᠳᠠᠭᠤᠨ ᠢᠶᠠᠷ ᠠᠬᠢᠭᠤᠯᠵᠦ᠂ ᠠᠵᠤ ᠦᠢᠯᠡᠳᠪᠤᠷᠢ ᠶᠢᠨ ᠠᠵᠤ ᠠᠬᠤᠢ ᠶᠢᠨ ᠪᠤᠳᠠᠳᠤ ᠬᠦᠴᠦᠨ ᠢᠯᠡᠷᠭᠡᠢ ᠴᠢᠩᠭᠠᠷᠠᠪᠠ᠂ ᠡᠬᠦᠨ ᠤ ᠵᠡᠷᠭᠡ ᠪᠠᠷ ᠪᠠᠰᠠ ᠪᠦᠳᠦᠴᠡ ᠳᠠᠩ ᠴᠤᠯᠭᠤᠢ᠂ ᠠᠵᠤ ᠦᠢᠯᠡᠰ ᠤᠨ ᠤᠷᠳᠤᠳᠬᠠᠯ ᠤᠯᠠᠷᠢᠭᠤᠯᠤᠯ ᠤᠨ ᠲᠦᠪᠰᠢᠨ ᠲᠤᠤᠷ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠬᠦᠳᠬᠦ ᠴᠢᠳᠠᠪᠤᠷᠢ ᠲᠤᠲᠠᠮᠠᠭ ᠪᠠᠶᠢᠬᠤ ᠵᠡᠷᠭᠡ ᠲᠤᠪᠤᠶᠢᠮ᠎ᠠ ᠠᠰᠠᠭᠤᠳᠠᠯ ᠤᠷᠤᠰᠢᠵᠦ ᠪᠤᠢ᠃ ᠲᠤᠯᠭᠠᠮ ᠪᠤᠳᠤᠯ ᠢᠶᠠᠨ ᠴᠢᠩᠭᠠᠳᠬᠠᠵᠦ᠂ ᠰᠢᠨ᠎ᠠ ᠬᠠᠭᠤᠴᠢᠨ ᠬᠦᠳᠡᠯᠭᠡᠬᠦ ᠡᠨᠧᠷᠬᠢ ᠎ ᠶᠢᠨ ᠵᠤᠯᠭᠠᠯᠴᠠᠭ᠎ᠠ ᠰᠤᠯᠢᠬᠳᠠᠯ ᠢ ᠲᠦᠷᠭᠡᠳᠭᠡᠵᠦ᠂ ᠴᠢᠨᠠᠷ ᠰᠠᠶᠢᠳᠠᠢ ᠬᠦᠭᠵᠢᠯᠳᠠ ᠶᠢᠨ ᠱᠠᠭᠠᠷᠳᠠᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠭᠡᠷᠡᠭᠲᠡᠢ ᠭᠡᠵᠡᠢ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠲᠤᠭᠳᠠᠭᠤᠨ ᠤ ᠳᠤᠮᠳᠠ ᠤᠷᠤᠬᠰᠢᠯᠠᠨ ᠳᠠᠪᠰᠢᠬᠤ ᠠᠵᠢᠯ ᠤᠨ ᠶᠡᠷᠦᠩᠭᠡᠢ ᠭᠦᠭ ᠠᠶᠠᠰ ᠢ ᠪᠠᠷᠢᠮᠳᠠᠯᠠᠵᠦ᠂ ᠰᠢᠨ᠎ᠠ ᠬᠦᠭᠵᠢᠯᠳᠠ ᠶᠢᠨ ᠣᠨᠣᠯᠵᠢᠬᠤᠨ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠪᠠᠷ ᠭᠤᠤᠯ ᠰᠢᠵᠢᠮ ᠪᠤᠯᠭᠠᠵᠦ᠂ ᠤᠯᠠᠮᠵᠢᠯᠠᠯᠳᠦ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠲᠦᠷᠭᠡᠳᠭᠡᠵᠦ᠂ ᠰᠢᠨ᠎ᠠ ᠪᠠᠷ ᠮᠠᠨᠳᠤᠭᠰᠠᠨ ᠠᠵᠤ ᠦᠢᠯᠡᠰ ᠢ ᠶᠡᠭᠡ ᠪᠠᠷ ᠬᠦᠭᠵᠢᠬᠦᠯᠵᠦ᠂ ᠴᠡᠷᠢᠭ ᠠᠷᠠᠳ ᠤᠨ ᠭᠡᠷᠡᠭᠯᠡᠭᠡ ᠶᠢᠨ ᠠᠭᠤᠰᠤᠯᠴᠠᠨ ᠬᠦᠭᠵᠢᠬᠦ ᠶᠢ ᠠᠬᠢᠭᠤᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠡᠭᠦᠳᠦᠯᠳᠡ ᠶᠢ ᠴᠢᠩᠭᠠᠳᠬᠠᠵᠦ᠂ ᠠᠵᠤ ᠦᠢᠯᠡᠳᠪᠤᠷᠢ ᠶᠢᠨ ᠠᠵᠤ ᠠᠬᠤᠢ ᠶᠢᠨ ᠴᠢᠨᠠᠷ ᠴᠢᠨᠰᠠᠭ᠎ᠠ ᠶᠢᠨ ᠬᠤᠪᠢᠰᠤᠯᠳᠠ᠂ ᠦᠷ᠎ᠠ ᠠᠰᠢᠬ ᠤᠨ ᠬᠤᠪᠢᠰᠤᠯᠳᠠ᠂ ᠬᠦᠳᠡᠯᠭᠡᠭᠦ ᠬᠦᠴᠦᠨ ᠤ ᠬᠤᠪᠢᠰᠤᠯᠳᠠ ᠶᠢ ᠠᠬᠢᠭᠤᠯᠬᠤ ᠭᠡᠷᠡᠭᠲᠡᠢ᠃ ᠬᠢᠬᠦ ᠶᠢ ᠨᠢ ᠬᠢᠵᠤ᠂ ᠬᠢᠬᠦ ᠦᠭᠡᠢ ᠶᠢ ᠨᠢ ᠦᠯᠦ ᠬᠢᠵᠤ᠂ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠪᠠᠶᠢᠷᠢᠰᠢᠭᠤᠯᠤᠯᠳᠠ ᠶᠢ ᠨᠢᠭᠡᠳᠦᠯᠳᠠᠢ ᠲᠦᠯᠦᠪᠵᠢᠬᠦᠯᠦᠨ ᠲᠦᠰᠦᠪᠯᠡᠵᠦ᠂ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠠᠵᠤ ᠦᠢᠯᠡᠰ ᠤᠨ ᠪᠠᠶᠢᠷᠢ ᠲᠤᠭᠳᠠᠭᠠᠯᠳᠠ ᠶᠢᠨ ᠠᠵᠢᠯ ᠢ ᠰᠠᠶᠢᠳᠤᠷ ᠬᠢᠵᠦ᠂ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠬᠦᠭᠵᠢᠯᠳᠠ ᠶᠢᠨ ᠲᠦᠪᠰᠢᠨ ᠢ ᠳᠡᠭᠡᠭᠰᠢᠯᠡᠬᠦᠯᠬᠦ ᠭᠡᠷᠡᠭᠲᠡᠢ ᠭᠡᠵᠡᠢ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠠᠵᠤ ᠦᠢᠯᠡᠳᠪᠤᠷᠢ ᠶᠢᠨ ᠠᠵᠤ ᠠᠬᠤᠢᠢᠯᠠᠯ ᠤᠨ ᠪᠤᠵᠠᠭᠠᠢᠢᠷᠠᠨ ᠬᠦᠴᠦᠷᠭᠡᠭᠵᠢᠬᠦ ᠶᠢ ᠳᠡᠮᠵᠢᠵᠦ᠂ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠤᠨ ᠦᠷ᠎ᠠ ᠠᠰᠢᠬ ᠢ ᠨᠡᠮᠡᠭᠳᠡᠬᠦᠯᠬᠦ ᠶᠢ ᠠᠬᠢᠭᠤᠯᠵᠦ᠂ ᠠᠵᠤ ᠠᠬᠤᠢᠢᠯᠠᠯ ᠤᠨ ᠰᠲ᠋ᠤᠺ ᠢᠶᠠᠨ ᠵᠠᠬ᠎ᠠ ᠳᠡᠯᠭᠡᠬᠦᠷ ᠲᠤ ᠭᠠᠷᠭᠠᠬᠤ ᠠᠵᠢᠯ ᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ ᠮᠦᠩᠬᠦᠨ ᠬᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠵᠦ᠂ ᠴᠢᠨᠠᠷ ᠴᠢᠨᠰᠠᠭ᠎ᠠ ᠶᠢᠨ ᠪᠠᠷᠢᠮᠵᠢᠶᠠᠵᠢᠯᠳᠠ ᠶᠢᠨ ᠪᠠᠶᠢᠭᠤᠯᠤᠯᠳᠠ ᠶᠢ ᠠᠬᠢᠭᠤᠯᠬᠤ ᠭᠡᠷᠡᠭᠲᠡᠢ᠃ ᠠᠵᠢᠯ ᠤᠯᠭᠤᠯᠳᠠ ᠶᠢ ᠰᠢᠢᠳᠪᠤᠷᠢᠯᠠᠬᠦ ᠪᠠ ᠠᠵᠤ ᠦᠢᠯᠡᠰ ᠤᠨ ᠠᠵᠢᠯᠴᠢᠨ ᠢ ᠬᠦᠮᠦᠵᠢᠬᠦᠯᠬᠦ ᠶᠢ ᠤᠶᠠᠯᠳᠤᠭᠤᠯᠵᠦ᠂ ᠠᠵᠤ ᠠᠬᠤᠢᠢᠯᠠᠯ ᠤᠨ ᠠᠵᠢᠯᠴᠢᠨ ᠭᠡᠷᠡᠭᠯᠡᠬᠦ ᠭᠡᠷᠡᠭᠴᠡᠭᠡ ᠪᠤᠯᠤᠨ ᠡᠯ᠎ᠠ ᠭᠠᠵᠠᠷ ᠤᠨ ᠠᠵᠢᠯ ᠤᠯᠭᠤᠯᠳᠠ ᠶᠢᠨ ᠭᠡᠷᠡᠭᠴᠡᠭᠡ ᠶᠢ ᠰᠠᠶᠢᠳᠤᠷ ᠨᠢᠭᠡᠳᠦᠯᠳᠠᠢ ᠲᠦᠯᠦᠪᠵᠢᠬᠦᠯᠬᠦ ᠭᠡᠷᠡᠭᠲᠡᠢ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠠ ᠶᠢ ᠦᠷᠬᠦᠯᠵᠢᠯᠡᠨ ᠬᠦᠨᠵᠡᠭᠡᠶᠢᠷᠡᠬᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠶᠡᠭᠡ ᠪᠠᠷ ᠰᠠᠶᠢᠵᠢᠷᠠᠭᠤᠯᠬᠤ ᠭᠡᠷᠡᠭᠲᠡᠢ ᠭᠡᠵᠡᠢ᠃      ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠵᠠᠩ ᠱᠤᠤ ᠴᠦᠨ ᠪᠤᠳᠠᠳᠠᠢ ᠠᠵᠢᠯ ᠤᠨ ᠪᠠᠶᠢᠷᠢᠯᠠᠭᠤᠯᠤᠯᠳᠠ ᠬᠢᠪᠠ᠃ ᠬᠤᠷᠠᠯ ᠳᠡᠭᠡᠷ᠎ᠠ᠂ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ ᠤᠨ ᠬᠠᠷᠢᠭᠤᠴᠠᠯᠭᠠᠳᠠᠨ ᠠᠵᠤ ᠦᠢᠯᠡᠳᠪᠤᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠬᠦᠯᠦᠯᠳᠠ ᠬᠢᠵᠦ᠂ ᠦᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠲᠢᠩᠬᠢᠮ ᠲᠤᠪᠴᠢᠶ᠎ᠠ ᠪᠠ ᠠᠶᠢᠮᠠᠬ ᠬᠤᠳᠠ ᠶᠢᠨ ᠬᠠᠷᠢᠭᠤᠴᠠᠯᠭᠠᠳᠠᠨ ᠶᠠᠷᠢᠶ᠎ᠠ ᠲᠠᠯᠪᠢᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号