ᠬᠥᠬᠡᠬᠤᠲᠠ ︽ᠰᠤᠯᠠ ᠰᠠᠮᠠᠭᠤᠨ ᠪᠣᠬᠢᠷᠲᠤᠯ︾᠎ ᠲᠠᠢ ᠠᠵᠤ ᠠᠬᠤᠶᠢᠯᠠᠯ ᠢ ᠦᠷᠭᠦᠯᠵᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2018/9/12
     ᠦᠨᠦᠭᠡᠨ᠂ ᠬᠥᠬᠡᠬᠤᠲᠠ ︽ᠬᠥᠬᠡᠬᠤᠲᠠ ᠶᠢᠨ ︿ᠰᠤᠯᠠ ᠰᠠᠮᠠᠭᠤᠨ ᠪᠣᠬᠢᠷᠲᠤᠯ﹀᠎ ᠲᠠᠢ ᠠᠵᠤ ᠠᠬᠤᠶᠢᠯᠠᠯ ᠢ ᠦᠷᠭᠦᠯᠵᠢᠯᠡᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠲᠥᠰᠦᠯ︾᠎ ᠢ ᠳᠠᠷᠤᠮᠠᠯᠯᠠᠨ ᠲᠠᠷᠬᠠᠭᠠᠵᠤ᠂ ︽ᠰᠤᠯᠠ ᠲᠠᠷᠠᠬᠠᠢ︾ ᠠᠵᠤ ᠠᠬᠤᠶᠢᠯᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ︽ᠪᠣᠬᠢᠷᠲᠤᠯ ᠲᠠᠢ︾ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠣᠷᠴᠢᠨ ᠲᠣᠭᠤᠷᠢᠨ ᠤ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠬᠥᠬᠡᠬᠤᠲᠠ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠵᠢᠷᠤᠮᠵᠢᠯ ᠲᠠᠢ ᠬᠦᠭᠵᠢᠯᠲᠡ᠂ ᠡᠷᠴᠢᠮᠯᠢᠭ ᠬᠦᠭᠵᠢᠯᠲᠡ ᠪᠠ ᠪᠣᠬᠢᠷᠲᠤᠯ ᠦᠭᠡᠢ ᠬᠦᠭᠵᠢᠯᠲᠡ ᠶᠢ ᠲᠦᠯᠬᠢᠨ ᠠᠬᠢᠭᠤᠯᠵᠤ ᠪᠤᠢ᠃ ᠲᠣᠰ ᠤᠳᠠᠭᠠᠨ ᠤ ︽ᠰᠤᠯᠠ ᠰᠠᠮᠠᠭᠤᠨ ᠪᠣᠬᠢᠷᠲᠤᠯ ᠲᠠᠢ︾ ᠠᠵᠤ ᠠᠬᠤᠶᠢᠯᠠᠯ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠨᠢ ᠦᠨᠡᠨ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠬᠤ᠂ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠪᠠᠬᠢᠵᠢᠭᠦᠯᠵᠦ ᠳᠡᠭᠡᠭᠰᠢᠯᠡᠭᠦᠯᠬᠦ ᠭᠤᠷᠪᠠᠨ ᠱᠠᠲᠤ ᠬᠤᠪᠢᠶᠠᠨ ᠬᠡᠷᠡᠭᠵᠢᠭᠦᠯᠵᠦ᠂ ︽ᠤᠷᠢᠳᠠᠪᠠᠷ ᠦᠢᠯᠡᠳᠪᠦᠷᠢᠯᠡᠯ ᠢ ᠵᠤᠭᠰᠤᠭᠠᠵᠤ ᠲᠠᠷᠠᠭ᠎ᠠ ᠨᠢ ᠵᠠᠰᠠᠬᠤ︾ ᠱᠠᠭᠠᠷᠳᠠᠯᠭ᠎ᠠ ᠶᠣᠰᠣᠭᠠᠷ᠂ ᠲᠥᠷᠥᠯ ᠬᠤᠪᠢᠶᠠᠨ ᠰᠢᠶᠳᠪᠦᠷᠢᠯᠡᠬᠦ ᠶᠢ ᠬᠡᠷᠡᠭᠵᠢᠭᠦᠯᠵᠦ᠂ ︽ᠡᠭᠦᠳᠡ ᠶᠢ ᠨᠢ ᠬᠠᠭᠠᠯᠭᠠᠬᠤ ᠵᠤᠭᠰᠤᠭᠠᠬᠤ᠂ ᠨᠡᠶᠢᠯᠡᠭᠦᠯᠦᠨ ᠨᠡᠭᠦᠯᠭᠡᠬᠦ᠂ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠨ ᠵᠠᠰᠠᠬᠤ᠂ ᠳᠡᠭᠡᠭᠰᠢᠯᠡᠭᠦᠯᠵᠦ ᠥᠭᠡᠷᠡᠴᠢᠯᠡᠬᠦ︾ ᠠᠷᠭ᠎ᠠ ᠬᠡᠯᠪᠡᠷᠢ ᠠᠪᠴᠤ᠂ ︽ᠰᠤᠯᠠ ᠰᠠᠮᠠᠭᠤᠨ ᠪᠤᠬᠢᠷᠳᠤᠯ︾᠎ ᠤᠨ ᠠᠰᠠᠭᠤᠳᠠᠯ ᠳᠠᠬᠢᠭᠠᠳ ᠡᠭᠦᠰᠬᠦ ᠳᠠᠯᠳᠠ ᠭᠡᠮ ᠢ ᠦᠨᠡᠨ ᠬᠦ ᠠᠷᠢᠯᠭᠠᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号