ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶ᠎ᠡ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠬᠦᠷᠢᠶ᠎ᠡ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶ᠎ᠡ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠭᠢᠮ ᠤᠨ ᠰᠠᠨᠠᠯ ᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠤᠯᠠᠮᠵᠢᠯᠠᠨ ᠶᠠᠪᠤᠭᠤᠯᠬᠤ ᠮᠡᠳᠡᠭᠳᠡᠯ
ᠨᠡᠶᠢᠲᠡᠯᠡᠭᠰᠡᠨ ᠴᠠᠭ᠄
2018-09-12
                   ᠥᠪᠥᠷ ᠵᠠᠰᠠᠭ ᠠᠯᠪᠠᠨ ᠲᠠᠷᠬᠠᠭᠠᠭᠰᠠᠨ ﹇2018﹈ 22 ᠳ᠋ᠤᠭᠠᠷ ᠲᠤᠭᠠᠳᠤ                                 4 ᠳ᠋ᠤᠭᠡᠷ ᠰᠠᠷ᠎ᠠ ᠶᠢᠨ 9᠎ ᠤ ᠡᠳᠥᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠭᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2017﹈ 94 ᠳ᠋ᠤᠭᠡᠷ ᠲᠣᠭᠠᠲᠤ︶᠂ ︽ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠬᠤ ᠲᠣᠬᠠᠢ ᠰᠠᠨᠠᠯ︾ ︵ᠲᠥᠷᠥ ᠠᠯᠪᠠᠨ ᠲᠠᠷᠬᠠᠭᠠᠭᠰᠠᠨ ﹇2017﹈ 97 ᠳ᠋ᠤᠭᠠᠷ ᠲᠣᠭᠠᠲᠤ︶ ᠪᠠ ︽ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠭᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2018﹈ 10 ᠳ᠋ᠤᠭᠠᠷ ᠲᠣᠭᠠᠲᠤ︶᠎ ᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠤᠯᠠᠮᠵᠢᠯᠠᠨ ᠶᠠᠪᠤᠭᠤᠯᠬᠤ ᠶᠢᠨ ᠬᠠᠮᠲᠤ᠂ ᠪᠣᠲᠠᠲᠠᠢ ᠲᠠᠢ ᠪᠠᠨ ᠤᠶᠠᠯᠳᠤᠭᠤᠯᠵᠤ ᠳᠣᠣᠷᠠᠬᠢ ᠮᠡᠲᠦ ᠰᠠᠨᠠᠯ ᠢ ᠳᠤᠷᠠᠳᠪᠠ᠂ ᠬᠠᠮᠲᠤ ᠳᠤᠨᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃      ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠨᠢᠭᠡᠴᠡ ᠨᠢ ᠠᠵᠢᠯ ᠲᠦᠷᠦᠯ ᠨᠢᠭᠡᠲᠡᠢ ᠤᠯᠤᠰ ᠤᠨ ᠶᠠᠮᠦᠨ ᠵᠦᠪᠯᠡᠯ ᠤᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶ᠎ᠡ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠬᠦᠷᠢᠶ᠎ᠡ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶ᠎ᠡ ︵ᠳᠣᠷᠤᠭᠰᠢ ᠭᠤᠷᠪᠠᠨ ᠲᠤᠮᠤ ᠬᠦᠷᠢᠶ᠎ᠡ ᠭᠡᠵᠦ ᠲᠣᠪᠴᠢᠯᠠᠨ᠎ᠠ︶᠎ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠬᠠᠷᠠᠯᠲᠠ ᠪᠠ ᠠᠷᠭ᠎ᠠ ᠬᠡᠮᠵᠢᠶ᠎ᠠ ᠲᠠᠢ ᠤᠶᠠᠯᠳᠤᠭᠤᠯᠤᠨ᠂ ᠲᠤᠰ ᠰᠠᠯᠠᠭ᠎ᠠ ᠮᠦᠴᠢᠷ᠂ ᠲᠤᠰ ᠰᠢᠰᠲ᠋ᠧᠮ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠠᠮᠢᠶ᠎ᠠ ᠪᠦᠬᠦᠢ ᠠᠵᠢᠯ ᠢ ᠵᠢᠯᠤᠭᠤᠳᠬᠤ ᠪᠣᠲᠠᠲᠠᠢ ᠬᠡᠷᠡᠭᠵᠢᠭᠦᠯᠬᠦ ᠲᠦᠰᠦᠯ ᠢᠶᠠᠨ ᠲᠣᠭᠲᠠᠭᠠᠨ ᠨᠡᠶᠢᠲᠡᠯᠡᠵᠦ᠂ ᠢᠯᠡ ᠪᠣᠯᠭᠠᠬᠤ ᠬᠠᠷᠠᠯᠲᠠ ᠪᠠ ᠡᠭᠦᠷᠭᠡ ᠶᠢ ᠨᠠᠷᠢᠯᠢᠬᠵᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠡᠭᠦᠨ ᠤ ᠬᠠᠮᠲᠤ᠂ ᠲᠤᠰ ᠰᠢᠰᠲ᠋ᠧᠮ ᠤᠨ ᠭᠤᠷᠪᠠᠨ ᠲᠤᠮᠤ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠢᠯᠡ ᠪᠣᠯᠭᠠᠬᠤ ᠶᠢᠨ ᠪᠣᠲᠠᠲᠠᠢ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠢ᠃      ᠨᠢᠭᠡ᠂ ᠢᠯᠡ ᠪᠣᠯᠭᠠᠬᠤ ᠵᠦᠢᠯᠡᠰ ᠢ ᠬᠢᠨᠠᠮᠠᠭᠠᠢ ᠡᠮᠬᠢᠯᠡᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠭᠤᠷᠪᠠᠨ ᠲᠤᠮᠤ ᠬᠦᠷᠢᠶᠡᠨ ᠳᠠᠬᠢ ᠢᠯᠡ ᠪᠣᠯᠭᠠᠬᠤ ᠭᠤᠣᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ ᠵᠣᠷᠪᠤᠰᠯᠠᠨ ᠭᠠᠷᠴᠠᠭᠯᠠᠬᠤ ᠠᠷᠭ᠎ᠠ ᠮᠠᠶ᠋ᠢᠭ ᠢᠶᠠᠷ ᠵᠦᠢᠯ ᠳᠠᠷᠠᠭᠠᠯᠠᠨ ᠨᠠᠷᠢᠯᠢᠬᠵᠢᠭᠤᠯᠵᠤ ᠲᠦᠷᠦᠯ ᠬᠤᠪᠢᠶᠠᠨ᠂ ᠢᠯᠡ ᠪᠣᠯᠭᠠᠬᠤ ᠵᠦᠢᠯᠡᠰ ᠤᠨ ᠠᠩᠬᠢᠯᠠᠯ ᠨᠢ ᠰᠢᠨᠵᠢᠯᠡᠬᠦ ᠤᠬᠠᠭᠠᠨᠴᠢ᠂ ᠨᠡᠷᠡᠶᠢᠳᠦᠯ ᠨᠢ ᠵᠢᠷᠤᠮᠵᠢᠯ ᠲᠠᠢ᠂ ᠴᠢᠭᠯᠡᠯ ᠨᠢ ᠲᠤᠳᠤᠷᠬᠠᠢ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃      ᠬᠤᠶᠠᠷ᠂ ᠢᠯᠡ ᠪᠣᠯᠭᠠᠬᠤ ᠵᠦᠢᠯᠡᠰ ᠤᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠪᠦᠬᠦ ᠲᠠᠯ᠎ᠠ ᠪᠠᠷ ᠡᠮᠬᠢᠯᠡᠨ ᠨᠠᠷᠢᠯᠢᠬᠵᠢᠭᠤᠯᠤᠭᠰᠠᠨ ᠰᠠᠭᠤᠷᠢᠨ ᠳᠡᠭᠡᠷ᠎ᠡ᠂ ᠢᠯᠡ ᠪᠣᠯᠭᠠᠬᠤ ᠵᠦᠢᠯᠡᠰ ᠤᠨ ᠨᠡᠷᠡᠶᠢᠳᠦᠯ᠂ ᠦᠨᠳᠦᠰᠦᠯᠡᠯ ᠵᠢᠴᠢ ᠢᠯᠡ ᠪᠣᠯᠭᠠᠪᠠᠰᠤ ᠵᠣᠬᠢᠬᠤ ᠠᠭᠤᠯᠭ᠎ᠠ᠂ ᠭᠤᠣᠯ ᠴᠤᠭᠴᠠ᠂ ᠴᠠᠬ ᠬᠤᠭᠤᠴᠠᠭ᠎ᠠ᠂ ᠠᠷᠭ᠎ᠠ ᠮᠠᠶ᠋ᠢᠭ ᠵᠡᠷᠭᠡ ᠬᠦᠴᠦᠨ ᠵᠦᠢᠯ ᠢ ᠪᠠᠭᠲᠠᠭᠠᠭᠰᠠᠨ ᠪᠣᠲᠠᠲᠠᠢ ᠵᠦᠢᠯᠡᠰ ᠪᠦᠷᠢ ᠶᠢᠨ ᠢᠯᠡ ᠪᠣᠯᠭᠠᠬᠤ ᠪᠠᠷᠢᠮᠵᠢᠶ᠎ᠠ ᠶᠢ ᠵᠦᠢᠯ ᠳᠠᠷᠠᠭᠠᠯᠠᠨ ᠲᠣᠭᠲᠠᠭᠠᠵᠤ᠂ ᠭᠤᠷᠪᠠᠨ ᠲᠤᠮᠤ ᠬᠦᠷᠢᠶᠡᠨ ᠳᠠᠬᠢ ᠵᠠᠰᠠᠭ ᠤᠨ ᠶᠠᠪᠤᠳᠠᠯ ᠢ ᠢᠯᠡ ᠪᠣᠯᠭᠠᠬᠤ ᠵᠦᠢᠯᠡᠰ ᠤᠨ ᠪᠠᠷᠢᠮᠵᠢᠶ᠎ᠠ ᠶᠢᠨ ᠭᠠᠷᠴᠠᠭ ᠢ ᠬᠤᠷᠢᠶᠠᠩᠭᠤᠶᠢᠯᠠᠨ ᠨᠠᠶᠢᠷᠠᠭᠤᠯᠵᠤ ᠵᠣᠬᠢᠶᠠᠬᠤ ᠶᠢᠨ ᠬᠠᠮᠲᠤ᠂ ᠬᠦᠳᠡᠯᠦᠩᠭᠦᠢ ᠲᠣᠬᠢᠷᠠᠭᠤᠯᠤᠯᠲᠠ ᠶᠢ ᠬᠡᠷᠡᠭᠵᠢᠭᠦᠯᠬᠦ ᠬᠡᠷᠡᠭᠲᠡᠢ᠃      ᠭᠤᠷᠪᠠ᠂ ᠢᠯᠡ ᠪᠣᠯᠭᠠᠬᠤ ᠠᠵᠢᠯ ᠤᠨ ᠴᠤᠪᠤᠷᠠᠯ ᠢ ᠵᠢᠷᠤᠮᠵᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠵᠠᠰᠠᠭ ᠤᠨ ᠶᠠᠪᠤᠳᠠᠯ ᠢ ᠢᠯᠡ ᠪᠣᠯᠭᠠᠬᠤ ᠵᠦᠢᠯᠡᠰ ᠤᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠲᠠᠪᠤ ᠶᠢ ᠢᠯᠡ ᠪᠣᠯᠭᠠᠬᠤ︾᠎ ᠶᠢ ᠠᠬᠢᠭᠤᠯᠬᠤ ᠱᠠᠭᠠᠷᠳᠠᠯᠭ᠎ᠠ ᠶᠣᠰᠤᠭᠠᠷ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠴᠤᠪᠤᠷᠠᠯ ᠢ ᠪᠦᠬᠦ ᠲᠠᠯ᠎ᠠ ᠪᠠᠷ ᠡᠮᠬᠢᠯᠡᠨ ᠰᠢᠯᠢᠳᠡᠭᠵᠢᠭᠦᠯᠵᠦ᠂ ᠠᠵᠢᠯ ᠤᠨ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃      ᠳᠥᠷᠪᠡ᠂ ᠢᠯᠡ ᠪᠣᠯᠭᠠᠬᠤ ᠠᠷᠭ᠎ᠠ ᠮᠠᠶ᠋ᠢᠭ ᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠪᠣᠳᠠᠳᠤ ᠪᠠᠶᠢᠳᠠᠯ ᠢᠶᠠᠨ ᠦᠨᠳᠦᠰᠦᠯᠡᠨ᠂ ᠫᠣᠷᠲ᠋ᠧᠯ ᠰᠦᠯᠵᠢᠶ᠎ᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ᠂ ᠷᠠᠳᠢᠣ᠋᠂ ᠲᠧᠯᠸᠢᠰ᠂ ᠰᠣᠨᠢᠨ᠂ ᠵᠠᠷᠯᠠᠨ ᠨᠡᠶᠢᠲᠡᠯᠡᠬᠦ ᠪᠣᠯᠣᠩ ᠵᠡᠷᠭᠡ ᠲᠡᠪᠴᠡᠩ ᠪᠠ ᠠᠵᠢᠯ ᠶᠠᠪᠤᠳᠠᠯ ᠭᠦᠢᠴᠡᠳᠭᠡᠬᠦ ᠲᠠᠩᠬᠢᠮ᠂ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ ᠴᠤᠩᠬᠤᠪᠴᠢ ᠵᠡᠷᠭᠡ ᠲᠠᠯᠠᠪᠤᠷ ᠢ ᠶᠡᠷᠦᠩᠬᠡᠶᠢᠯᠡᠨ ᠠᠰᠢᠭᠯᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠣᠯᠠᠨ ᠠᠷᠭ᠎ᠠ ᠵᠠᠮ ᠢᠶᠠᠷ ᠨᠡᠶᠢᠲᠡᠯᠡᠵᠦ᠂ ᠣᠯᠠᠨ ᠲᠦᠮᠡᠨ ᠤ ᠬᠠᠶᠢᠨ ᠯᠠᠪᠯᠠᠬᠤ ᠪᠠ ᠬᠦᠷᠲᠡᠵᠦ ᠣᠯᠬᠤ ᠳᠤ ᠳᠦᠭᠦᠮ ᠦᠵᠡᠭᠦᠯᠬᠦ ᠬᠡᠷᠡᠭᠲᠡᠢ᠃      ᠡᠯ᠎ᠡ ᠱᠠᠲᠤᠨ ᠤ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠯᠪᠠᠨ ᠭᠡᠷ ᠨᠢ ᠤᠯᠤᠰ ᠤᠨ ᠱᠠᠭᠠᠷᠳᠠᠯᠭ᠎ᠠ ᠶᠤᠰᠤᠭᠠᠷ᠂ ᠭᠤᠷᠪᠠᠨ ᠲᠤᠮᠤ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠣᠨ ᠤ ᠰᠢᠯᠭᠠᠨ ᠬᠢᠨᠠᠬᠤ ᠭᠦᠢᠴᠡᠳᠭᠡᠯ ᠲᠤᠭ᠎ᠠ ᠪᠠ ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ ᠠᠭᠤᠯᠭ᠎ᠠ ᠳᠠᠭᠠᠨ ᠵᠢᠭᠰᠠᠭᠠᠨ ᠣᠷᠤᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ ᠭᠦᠨᠵᠡᠭᠡᠢ ᠠᠬᠢᠭᠤᠯᠤᠨ᠂ ᠵᠠᠰᠠᠭ ᠤᠨ ᠣᠷᠳᠣᠨ ᠤ ᠢᠯᠡ ᠲᠤᠳᠣ ᠪᠠᠶᠢᠬᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠣᠯᠠᠨ ᠤ ᠪᠠᠶᠢᠳᠠᠯ ᠢ ᠮᠡᠳᠡᠬᠦ ᠡᠷᠬᠡ᠂ ᠣᠷᠤᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ ᠭᠦᠢᠴᠡᠳ ᠪᠠᠲᠤᠯᠠᠬᠤ ᠬᠡᠷᠡᠭᠲᠡᠢ᠃ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠭᠢᠮ ᠤᠨ ᠰᠠᠨᠠᠯ                         ︵ᠲᠥᠷᠥ ᠠᠯᠪᠠᠨ ᠲᠠᠷᠬᠠᠭᠠᠭᠰᠠᠨ ﹇2017﹈ 94 ᠳ᠋ᠤᠭᠡᠷ ᠲᠣᠭᠠᠲᠤ︶                                2018 ᠣᠨ ᠤ 4 ᠳ᠋ᠤᠭᠡᠷ ᠰᠠᠷ᠎ᠠ ᠶᠢᠨ 9᠎ ᠤ ᠡᠳᠦᠷᠡᠯ᠎ᠡ ᠮᠤᠵᠢ᠂ ᠦᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠶᠠᠮᠦᠨ ᠵᠦᠪᠯᠡᠯ᠂ ᠡᠯ᠎ᠡ ᠰᠢᠭᠤᠳ ᠬᠠᠷᠢᠶ᠎ᠠ ᠪᠠᠶᠢᠭᠤᠯᠤᠮᠵᠢ ᠳᠤ᠄      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠭᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠭᠢᠮ ᠤᠨ ︿ᠵᠠᠰᠠᠭ ᠤᠨ ᠶᠠᠪᠤᠳᠠᠯ ᠢ ᠢᠯᠠ ᠪᠣᠯᠭᠠᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠣᠬᠠᠢ ᠰᠠᠨᠠᠯ﹀᠎ ᠢ ᠳᠠᠷᠤᠮᠠᠯᠯᠠᠨ ᠶᠠᠪᠤᠭᠤᠯᠬᠤ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠤᠭᠠᠷ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠰᠠᠨᠠᠯ ᠢ ᠳᠤᠷᠠᠳᠪᠠ᠃      ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠤᠭᠤᠳᠬᠤ ᠦᠵᠡᠯ ᠰᠠᠨᠠᠭ᠎ᠠ᠃      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯ ᠢ ᠨᠢᠭᠡᠲᠦᠯᠲᠡᠢ ᠲᠦᠯᠦᠪᠴᠢᠭᠦᠯᠦᠨ ᠠᠬᠢᠭᠤᠯᠬᠤ ᠪᠠ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯ ᠢ ᠵᠣᠬᠢᠴᠠᠭᠤᠯᠤᠨ ᠠᠬᠢᠭᠤᠯᠵᠤ᠂ ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠣᠬᠢᠷᠳᠤᠯ ᠦᠭᠡᠢ᠂ ᠨᠡᠭᠡᠭᠡᠯᠲᠡ ᠲᠠᠢ᠂ ᠬᠠᠮᠲᠤᠪᠠᠷ ᠬᠦᠷᠲᠡᠬᠦ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠢ ᠪᠣᠯᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠣᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠤᠰᠤᠭᠠᠷ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢᠨ ᠴᠢᠬᠤᠯᠠ ᠠᠭᠤᠯᠭ᠎ᠠ ᠪᠣᠯᠭᠠᠵᠤ᠂ ᠨᠡᠶᠢᠭᠡᠮ ᠤᠨ ᠬᠢᠨ ᠤ ᠠᠩᠬᠠᠷᠤᠯ ᠲᠠᠯᠪᠢᠵᠤ ᠪᠠᠶᠢᠭ᠎ᠠ ᠵᠦᠢᠯᠡᠰ ᠲᠤ ᠢᠳᠡᠪᠬᠢᠲᠡᠢ ᠪᠠᠷ ᠬᠠᠷᠢᠭᠤ ᠲᠤᠰᠬᠠᠵᠤ᠂ ᠠᠷᠠᠳ ᠣᠯᠠᠨ ᠤ ᠪᠠᠶᠢᠳᠠᠯ ᠢ ᠮᠡᠳᠡᠬᠦ ᠡᠷᠬᠡ᠂ ᠣᠷᠤᠯᠴᠠᠬᠤ ᠡᠷᠬᠡ᠂ ᠢᠯᠡᠳᠭᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠨᠡᠩ ᠰᠠᠶᠢᠲᠤᠷ ᠪᠠᠲᠤᠯᠠᠨ᠎ᠠ᠃      ︵ᠬᠤᠶᠠᠷ︶ ᠦᠨᠳᠦᠰᠦᠨ ᠵᠠᠷᠴᠢᠮ᠃      ᠢᠯᠡ ᠪᠣᠯᠭᠠᠬᠤ ᠶᠢ ᠬᠡᠪ ᠤᠨ ᠪᠠᠶᠢᠳᠠᠯ ᠢᠶᠠᠷ ᠦᠵᠡᠵᠦ᠂ ᠢᠯᠡ ᠪᠣᠯᠭᠠᠬᠤ ᠦᠭᠡᠢ ᠶᠢ ᠣᠨᠴᠤᠭᠤᠢ ᠪᠠᠶᠢᠳᠠᠯ ᠢᠶᠠᠷ ᠦᠵᠡᠬᠦ ᠬᠡᠷᠡᠭᠲᠡᠢ᠃ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ ᠶᠢᠨ ᠨᠢᠭᠤᠴᠠ ᠳᠤ ᠬᠤᠯᠪᠣᠭᠳᠠᠬᠤ ᠪᠠ ᠪᠤᠰᠤᠳ ᠬᠠᠤᠯᠢ ᠶᠤᠰᠤᠭᠠᠷ ᠢᠯᠡ ᠪᠣᠯᠭᠠᠵᠤ ᠪᠣᠯᠬᠤ ᠦᠭᠡᠢ ᠠᠭᠤᠯᠭ᠎ᠠ ᠠᠴᠠ ᠭᠠᠳᠠᠨ᠎ᠠ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠶᠠᠪᠤᠴᠠ ᠳᠠᠬᠢ ᠮᠡᠳᠡᠭᠡ ᠵᠠᠩᠭᠢ ᠶᠢ ᠠᠯᠢ ᠪᠣᠯᠬᠤ ᠪᠠᠷ ᠭᠠᠳᠠᠭᠰᠢ ᠢᠯᠡ ᠪᠣᠯᠭᠠᠵᠤ᠂ ᠢᠯᠡ ᠪᠣᠯᠭᠠᠬᠤ ᠪᠠᠷ ᠲᠦᠷᠦᠯ ᠵᠦᠢᠯ ᠢ ᠵᠥᠪᠰᠢᠶᠡᠷᠡᠵᠦ᠂ ᠬᠡᠷᠡᠭᠵᠢᠭᠦᠯᠬᠦ ᠶᠢᠨ ᠢᠯᠡ ᠲᠣᠳᠣ ᠶᠢᠨ ᠬᠡᠮᠵᠢᠶ᠎ᠡ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠣᠯᠠᠨ ᠤ ᠬᠠᠤᠯᠢ ᠶᠤᠰᠤᠨ ᠤ ᠡᠷᠬᠡ ᠠᠰᠢᠭ ᠢ ᠪᠠᠲᠤᠯᠠᠨ᠎ᠠ᠃      ᠭᠤᠣᠯᠳᠠᠯᠭ᠎ᠠ ᠶᠢ ᠳᠤᠪᠤᠶᠢᠯᠭᠠᠵᠤ᠂ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠶᠠᠪᠤᠴᠠ ᠳᠠᠬᠢ ᠨᠡᠶᠢᠭᠡᠮ ᠤᠨ ᠬᠠᠯᠠᠮᠵᠢᠯᠠᠨ ᠠᠩᠬᠠᠷᠴᠤ ᠪᠠᠶᠢᠬᠤ ᠬᠡᠮᠵᠢᠶ᠎ᠡ ᠪᠠᠷ ᠶᠡᠭᠡ ᠪᠠᠶᠢᠭ᠎ᠠ ᠮᠡᠳᠡᠭᠡ ᠵᠠᠩᠭᠢ ᠪᠠᠷ ᠭᠤᠣᠯᠳᠠᠯᠭ᠎ᠠ ᠪᠣᠯᠭᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠬᠤᠰᠢᠭᠤᠷᠠᠨ ᠳᠠᠭᠠᠭᠤᠯᠵᠤ᠂ ᠲᠦᠷᠦᠯ ᠵᠦᠢᠯ ᠤᠨ ᠬᠠᠤᠯᠢ ᠶᠢᠨ ᠡᠷᠬᠡᠲᠡᠨ ᠨᠢᠭᠡᠴᠡ ᠶᠢᠨ ᠮᠡᠳᠡᠭᠡ ᠵᠠᠩᠭᠢ ᠶᠢ ᠪᠦᠲᠦᠮᠵᠢᠲᠡᠢ ᠴᠤᠬᠯᠠᠭᠤᠯᠤᠨ ᠨᠡᠶᠢᠯᠡᠭᠦᠯᠵᠦ᠂ ᠴᠠᠭ ᠲᠣᠬᠠᠢ ᠳᠤᠨᠢ ᠢᠯᠡ ᠪᠣᠯᠭᠠᠬᠤ ᠶᠢ ᠠᠬᠢᠭᠤᠯᠤᠨ᠎ᠠ᠃      ᠭᠤᠣᠯ ᠴᠤᠭᠴᠠ ᠶᠢ ᠲᠤᠳᠤᠷᠬᠠᠶᠢᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠶᠠᠪᠤᠴᠠ ᠳᠤ᠂ ᠡᠯ᠎ᠡ ᠱᠠᠲᠤᠨ ᠤ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ ᠠᠴᠠ ᠲᠡᠳᠡᠨᠦᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠶᠠᠪᠤᠴᠠ ᠳᠤ ᠪᠢᠴᠢᠵᠦ ᠵᠣᠬᠢᠶᠠᠭᠰᠠᠨ ᠪᠣᠶᠣ ᠬᠠᠳᠠᠭᠠᠯᠠᠭᠰᠠᠨ ᠮᠡᠳᠡᠭᠡ ᠵᠠᠩᠭᠢ ᠶᠢ ᠬᠠᠷᠢᠭᠤᠴᠠᠨ ᠢᠯᠡ ᠪᠣᠯᠭᠠᠬᠤ ᠶᠢᠨ ᠬᠠᠮᠲᠤ᠂ ᠲᠦᠷᠦᠯ ᠵᠦᠢᠯ ᠤᠨ ᠬᠠᠤᠯᠢ ᠶᠢᠨ ᠡᠷᠬᠡᠲᠡᠨ ᠨᠢᠭᠡᠴᠡ ᠶᠢᠨ ᠢᠯᠡ ᠪᠣᠯᠭᠠᠭᠰᠠᠨ ᠲᠦᠷᠦᠯ ᠵᠦᠢᠯ ᠤᠨ ᠮᠡᠳᠡᠭᠡ ᠵᠠᠩᠭᠢ ᠳᠤ ᠬᠠᠤᠯᠢ ᠶᠤᠰᠤᠭᠠᠷ ᠬᠢᠨᠠᠯᠲᠠ ᠲᠠᠯᠪᠢᠨ᠎ᠠ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠳᠤ ᠲᠤᠳᠤᠷᠬᠠᠢ ᠲᠣᠭᠲᠠᠭᠠᠯ ᠭᠠᠷᠭᠠᠭᠰᠠᠨ ᠦᠭᠡᠢ ᠪᠣᠯ᠂ ᠲᠦᠷᠦᠯ ᠵᠦᠢᠯ ᠤᠨ ᠬᠠᠤᠯᠢ ᠶᠢᠨ ᠡᠷᠬᠡᠲᠡᠨ ᠨᠢᠭᠡᠴᠡ ᠶᠢᠨ ᠬᠢᠨ ᠤ ᠲᠦᠷᠦᠯ ᠵᠦᠢᠯ ᠤᠨ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠶᠢ ᠵᠣᠷᠢᠬᠵᠢᠭᠤᠯᠤᠨ᠎ᠠ᠃      ᠬᠤᠶᠠᠷ᠂ ᠭᠤᠣᠯ ᠡᠭᠦᠷᠭᠡ      ᠲᠤᠰ ᠰᠠᠨᠠᠯ ᠳᠤ ᠬᠡᠯᠡᠵᠦ ᠪᠠᠶᠢᠭ᠎ᠠ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠭᠡᠳᠡᠭ ᠨᠢ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠵᠠᠰᠠᠭ ᠤᠨ ᠣᠷᠳᠣᠨ ᠠᠴᠠ ᠬᠢᠨᠠᠨ ᠵᠥᠪᠰᠢᠶᠡᠷᠡᠭᠰᠡᠨ ᠪᠣᠶᠣ ᠬᠠᠷᠭᠤᠭᠤᠯᠤᠨ ᠵᠥᠪᠰᠢᠶᠡᠷᠡᠭᠰᠡᠨ᠂ ᠠᠵᠤ ᠠᠬᠤᠢ ᠨᠡᠶᠢᠭᠡᠮ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠰᠢᠭᠤᠳ᠂ ᠥᠷᠭᠡᠨ ᠳᠡᠯᠭᠡᠷ ᠪᠠ ᠴᠢᠬᠤᠯᠠ ᠨᠦᠯᠦᠭᠡ ᠦᠵᠡᠭᠦᠯᠬᠦ ᠲᠣᠭᠲᠠᠮᠠᠯ ᠡᠳ᠋ ᠬᠦᠷᠦᠩᠭᠡ ᠶᠢᠨ ᠪᠡᠯᠡ ᠣᠷᠤᠭᠤᠯᠤᠯᠲᠠ ᠶᠢᠨ ᠲᠦᠷᠦᠯ ᠵᠦᠢᠯ ︵ᠬᠢᠯᠢ ᠶᠢᠨ ᠭᠠᠳᠠᠨᠠᠬᠢ ᠪᠡᠯᠡ ᠣᠷᠤᠭᠤᠯᠤᠯᠲᠠ ᠶᠢᠨ ᠲᠦᠷᠦᠯ ᠵᠦᠢᠯ ᠪᠠ ᠭᠠᠳᠠᠭᠠᠲᠤ ᠶᠢ ᠲᠤᠰᠠᠯᠠᠬᠤ ᠲᠦᠷᠦᠯ ᠵᠦᠢᠯ ᠪᠠᠭᠲᠠᠬᠤ ᠦᠭᠡᠢ︶᠎ ᠢ ᠵᠢᠭᠠᠵᠤ ᠪᠣᠢ᠃ ᠡᠯ᠎ᠡ ᠮᠤᠵᠢ ︵ᠣᠷᠣᠨ᠂ ᠬᠤᠲᠠ︶᠎ ᠶᠢᠨ ᠵᠠᠰᠠᠭ ᠤᠨ ᠣᠷᠳᠣᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠣᠷᠣᠨ ᠪᠦᠰᠡ᠂ ᠠᠵᠢᠯ ᠲᠦᠷᠦᠯ ᠤᠨ ᠣᠨᠴᠠᠯᠢᠭ ᠪᠠ ᠠᠵᠢᠯ ᠤᠨ ᠭᠤᠣᠯᠳᠠᠯᠭ᠎ᠠ ᠪᠠᠨ ᠦᠨᠳᠦᠰᠦᠯᠡᠵᠦ᠂ ᠲᠤᠰ ᠭᠠᠵᠠᠷ ᠣᠷᠣᠨ᠂ ᠲᠤᠰ ᠬᠦᠷᠢᠶᠡᠨ ᠳᠠᠬᠢ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠡᠪᠴᠢᠶ᠎ᠡ ᠪᠠᠨ ᠤᠯᠠᠮ ᠨᠢᠭᠡ ᠠᠯᠬᠤᠮ ᠲᠤᠳᠤᠷᠬᠠᠶᠢᠯᠠᠨ᠎ᠠ᠃      ︵ᠨᠢᠭᠡ︶ ᠢᠯᠡ ᠪᠣᠯᠭᠠᠬᠤ ᠭᠤᠣᠯᠳᠠᠯᠭ᠎ᠠ ᠶᠢ ᠳᠤᠪᠤᠶᠢᠯᠭᠠᠨ᠎ᠠ᠃      ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠶᠠᠪᠤᠴᠠ ᠳᠤ᠂ ᠵᠥᠪᠰᠢᠶᠡᠷᠡᠬᠦ ᠦᠢᠯᠡᠴᠢᠯᠡᠭᠡ ᠶᠢᠨ ᠮᠡᠳᠡᠭᠡ ᠵᠠᠩᠭᠢ᠂ ᠵᠥᠪᠰᠢᠶᠡᠷᠡᠭᠰᠡᠨ ᠦᠷ᠎ᠡ ᠳ᠋ᠦᠩ ᠤᠨ ᠮᠡᠳᠡᠭᠡ ᠵᠠᠩᠭᠢ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠮᠡᠳᠡᠭᠡ ᠵᠠᠩᠭᠢ᠂ ᠭᠠᠵᠠᠷ ᠰᠢᠷᠣᠢ ᠲᠠᠲᠠᠪᠤᠷᠢᠯᠠᠬᠤ ᠮᠡᠳᠡᠭᠡ ᠵᠠᠩᠭᠢ᠂ ᠴᠢᠬᠤᠯᠠ ᠶᠡᠭᠡ ᠵᠢᠷᠤᠭ ᠲᠦᠯᠦᠪᠯᠡᠭᠡ ᠶᠢ ᠬᠤᠪᠢᠷᠠᠭᠤᠯᠬᠤ ᠮᠡᠳᠡᠭᠡ ᠵᠠᠩᠭᠢ᠂ ᠪᠠᠷᠢᠯᠭ᠎ᠠ ᠪᠠᠷᠢᠬᠤ ᠬᠤᠯᠪᠣᠭᠳᠠᠯ ᠪᠦᠬᠦᠢ ᠮᠡᠳᠡᠭᠡ ᠵᠠᠩᠭᠢ᠂ ᠶᠠᠰᠤ ᠴᠢᠨᠠᠷ ᠤᠨ ᠠᠮᠦᠷ ᠲᠥᠪᠰᠢᠨ ᠳᠤ ᠬᠢᠨᠠᠯᠲᠠ ᠲᠠᠯᠪᠢᠬᠤ ᠮᠡᠳᠡᠭᠡ ᠵᠠᠩᠭᠢ᠂ ᠪᠠᠷᠢᠯᠭ᠎ᠠ ᠳᠠᠭᠤᠰᠤᠭᠰᠠᠨ ᠬᠤᠯᠪᠣᠭᠳᠠᠯ ᠪᠦᠬᠦᠢ ᠮᠡᠳᠡᠭᠡ ᠵᠠᠩᠭᠢ ᠵᠡᠷᠭᠡ 8 ᠲᠦᠷᠦᠯ ᠤᠨ ᠮᠡᠳᠡᠭᠡ ᠵᠠᠩᠭᠢ ᠶᠢ ᠭᠤᠣᠯᠳᠠᠯᠭ᠎ᠠ ᠲᠠᠢ ᠢᠯᠡ ᠪᠣᠯᠭᠠᠨ᠎ᠠ᠃ ᠭᠤᠣᠯ ᠠᠭᠤᠯᠭ᠎ᠠ ᠳᠤ ᠪᠠᠭᠲᠠᠭᠳᠠᠬᠤ ᠨᠢ᠄      1. ᠵᠥᠪᠰᠢᠶᠡᠷᠡᠬᠦ ᠦᠢᠯᠡᠴᠢᠯᠡᠭᠡ ᠶᠢᠨ ᠮᠡᠳᠡᠭᠡ ᠵᠠᠩᠭᠢ᠄ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠨᠠᠷᠢᠨ ᠬᠠᠭᠤᠳᠠᠰᠤ᠂ ᠵᠥᠪᠰᠢᠶᠡᠷᠡᠬᠦ ᠴᠤᠪᠤᠷᠠᠯ᠂ ᠭᠦᠢᠴᠡᠳᠭᠡᠬᠦ ᠴᠠᠭ ᠬᠤᠭᠤᠴᠠᠭ᠎ᠠ᠂ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠶᠢᠨ ᠬᠠᠷᠢᠯᠴᠠᠬᠤ ᠠᠷᠭ᠎ᠠ ᠮᠠᠶ᠋ᠢᠭ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠵᠡᠷᠭᠡ᠃      2. ᠵᠥᠪᠰᠢᠶᠡᠷᠡᠭᠰᠡᠨ ᠦᠷ᠎ᠡ ᠳ᠋ᠦᠩ ᠤᠨ ᠮᠡᠳᠡᠭᠡ ᠵᠠᠩᠭᠢ᠄ ᠲᠦᠷᠦᠯ ᠵᠦᠢᠯ ᠤᠨ ᠰᠠᠨᠠᠭᠤᠯᠭ᠎ᠠ ᠶᠢᠨ ᠪᠢᠴᠢᠭ ᠢ ᠬᠢᠨᠠᠨ ᠵᠥᠪᠰᠢᠶᠡᠷᠡᠭᠰᠡᠨ ᠦᠷ᠎ᠡ ᠳ᠋ᠦᠩ᠂ ᠬᠡᠷᠡᠭᠵᠢᠭᠦᠯᠵᠦ ᠪᠣᠯᠬᠤᠶᠢᠴᠠ ᠰᠤᠳᠤᠯᠭᠠᠨ ᠤ ᠮᠡᠳᠡᠭᠦᠯᠦᠯᠲᠡ ᠶᠢ ᠬᠢᠨᠠᠨ ᠵᠥᠪᠰᠢᠶᠡᠷᠡᠭᠰᠡᠨ ᠦᠷ᠎ᠡ ᠳ᠋ᠦᠩ᠂ ᠠᠩᠬᠠᠨ ᠤ ᠵᠢᠷᠤᠭ ᠲᠦᠯᠦᠪᠯᠡᠭᠡ ᠶᠢᠨ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠭᠰᠡᠨ ᠦᠷ᠎ᠡ ᠳ᠋ᠦᠩ᠂ ᠲᠦᠷᠦᠯ ᠵᠦᠢᠯ ᠢ ᠬᠠᠷᠭᠤᠭᠤᠯᠤᠨ ᠵᠥᠪᠰᠢᠶᠡᠷᠡᠭᠰᠡᠨ ᠦᠷ᠎ᠡ ᠳ᠋ᠦᠩ᠂ ᠡᠨᠧᠷᠬᠢ ᠠᠷᠪᠢᠯᠠᠬᠤ ᠶᠢ ᠬᠢᠨᠠᠨ ᠪᠠᠶᠢᠴᠠᠭᠠᠭᠰᠠᠨ ᠰᠠᠨᠠᠯ᠂ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠭᠠᠵᠠᠷ ᠰᠤᠩᠭᠤᠬᠤ ᠰᠠᠨᠠᠯ ᠢ ᠬᠢᠨᠠᠨ ᠵᠥᠪᠰᠢᠶᠡᠷᠡᠭᠰᠡᠨ ᠦᠷ᠎ᠡ ᠳ᠋ᠦᠩ᠂ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠬᠡᠷᠡᠭᠯᠡᠬᠦ ᠭᠠᠵᠠᠷ ︵ᠳᠠᠯᠠᠢ︶᠎ ᠢ ᠤᠷᠢᠳᠴᠢᠯᠡᠨ ᠬᠢᠨᠠᠭᠰᠠᠨ ᠦᠷ᠎ᠡ ᠳ᠋ᠦᠩ᠂ ᠣᠷᠴᠢᠨ ᠲᠣᠭᠤᠷᠢᠨ ᠤ ᠨᠦᠯᠦᠭᠡᠯᠡᠯ ᠤᠨ ᠦᠨᠡᠯᠡᠯᠲᠡ ᠶᠢ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠦᠯᠦᠪᠵᠢᠭᠦᠯᠭᠡ ᠶᠢᠨ ᠵᠥᠪᠰᠢᠶᠡᠷᠡᠯ ᠢ ᠬᠢᠨᠠᠨ ᠵᠥᠪᠰᠢᠶᠡᠷᠡᠭᠰᠡᠨ ᠦᠷ᠎ᠡ ᠳ᠋ᠦᠩ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠦᠯᠦᠪᠵᠢᠭᠦᠯᠭᠡ ᠶᠢᠨ ᠲᠦᠷᠦᠯ ᠤᠨ ᠵᠥᠪᠰᠢᠶᠡᠷᠡᠯ ᠢ ᠬᠢᠨᠠᠨ ᠵᠥᠪᠰᠢᠶᠡᠷᠡᠭᠰᠡᠨ ᠦᠷ᠎ᠡ ᠳ᠋ᠦᠩ᠂ ᠪᠠᠷᠢᠯᠭ᠎ᠠ ᠪᠠᠷᠢᠬᠤ ᠵᠥᠪᠰᠢᠶᠡᠷᠡᠯ ︵ᠠᠵᠢᠯ ᠡᠬᠢᠯᠡᠭᠦᠯᠬᠦ ᠮᠡᠳᠡᠭᠦᠯᠦᠯᠲᠡ︶᠎ ᠢ ᠬᠢᠨᠠᠨ ᠵᠥᠪᠰᠢᠶᠡᠷᠡᠭᠰᠡᠨ ᠦᠷ᠎ᠡ ᠳ᠋ᠦᠩ᠂ ᠳᠠᠭᠠᠭᠠᠴᠢᠯᠠᠯᠲᠠ ᠵᠠᠷᠯᠠᠬᠤ ᠵᠦᠢᠯᠡᠰ ᠢ ᠬᠢᠨᠠᠨ ᠵᠥᠪᠰᠢᠶᠡᠷᠡᠵᠦ ᠬᠠᠷᠭᠤᠭᠤᠯᠤᠭᠰᠠᠨ ᠦᠷ᠎ᠡ ᠳ᠋ᠦᠩ᠂ ᠤᠰᠤ ᠲᠠᠲᠠᠬᠤ ᠵᠥᠪᠰᠢᠶᠡᠷᠡᠯ᠂ ᠬᠦᠷᠦᠰᠦ ᠰᠢᠷᠤᠢ ᠬᠠᠮᠠᠭᠠᠯᠠᠬᠤ ᠲᠦᠰᠦᠯ᠂ ᠦᠶᠡᠷ ᠤᠨ ᠨᠦᠯᠦᠭᠡᠯᠡᠯ ᠤᠨ ᠦᠨᠡᠯᠡᠯᠲᠡ ᠵᠡᠷᠭᠡ ᠤᠰᠤ ᠲᠠᠢ ᠬᠤᠯᠪᠣᠭᠳᠠᠬᠤ ᠵᠦᠢᠯᠡᠰ ᠢ ᠬᠢᠨᠠᠨ ᠵᠥᠪᠰᠢᠶᠡᠷᠡᠭᠰᠡᠨ ᠦᠷ᠎ᠡ ᠳ᠋ᠦᠩ ᠵᠡᠷᠭᠡ᠃      3. ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠮᠡᠳᠡᠭᠡ ᠵᠠᠩᠭᠢ᠄ ᠬᠢᠷᠢ ᠭᠡᠮ ᠢ ᠤᠷᠢᠳᠴᠢᠯᠠᠨ ᠬᠢᠨᠠᠭᠰᠠᠨ ᠠᠯᠪᠠᠨ ᠵᠠᠷ᠂ ᠳᠠᠭᠠᠭᠠᠴᠢᠯᠠᠯᠲᠠ ᠵᠠᠷᠯᠠᠬᠤ ᠠᠯᠪᠠᠨ ᠵᠠᠷ᠂ ᠳᠠᠭᠠᠭᠠᠴᠢᠯᠠᠯᠲᠠ ᠳᠤ ᠤᠨᠤᠭᠳᠠᠬᠤ ᠵᠢᠱᠢᠭᠳᠡᠭᠰᠡᠳ ᠢ ᠨᠡᠶᠢᠲᠡᠯᠡᠬᠦ᠂ ᠳᠠᠭᠠᠭᠠᠴᠢᠯᠠᠯᠲᠠ ᠳᠤ ᠣᠨᠤᠭᠳᠠᠭᠰᠠᠨ ᠦᠷ᠎ᠡ ᠳ᠋ᠦᠩ ᠢ ᠨᠡᠶᠢᠲᠡᠯᠡᠬᠦ᠂ ᠭᠡᠷ᠎ᠡ ᠲᠣᠭᠲᠠᠭᠰᠠᠨ ᠪᠠ ᠭᠦᠢᠴᠡᠳᠭᠡᠭᠰᠡᠨ ᠪᠠᠶᠢᠳᠠᠯ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ ᠠᠴᠠ ᠵᠦᠷᠢᠴᠡᠭᠰᠡᠨ ᠢ ᠰᠢᠳᠭᠡᠵᠤ ᠲᠣᠷᠭᠠᠭᠰᠠᠨ ᠮᠡᠳᠡᠭᠡ ᠵᠠᠩᠭᠢ ᠵᠡᠷᠭᠡ᠃      4. ᠭᠠᠵᠠᠷ ᠰᠢᠷᠤᠢ ᠲᠠᠲᠠᠪᠤᠷᠢᠯᠠᠬᠤ ᠮᠡᠳᠡᠭᠡ ᠵᠠᠩᠭᠢ᠄ ᠭᠠᠵᠠᠷ ᠰᠢᠷᠤᠢ ᠲᠠᠲᠠᠪᠤᠷᠢᠯᠠᠬᠤ ᠶᠢᠨ ᠮᠡᠳᠡᠭᠳᠡᠬᠦ ᠪᠢᠴᠢᠭ ᠵᠢᠴᠢ ᠭᠠᠵᠠᠷ ᠰᠢᠷᠤᠢ ᠲᠠᠲᠠᠪᠤᠷᠢᠯᠠᠬᠤ ᠶᠢ ᠮᠡᠳᠡᠭᠦᠯᠦᠨ ᠵᠥᠪᠰᠢᠶᠡᠷᠡᠭᠦᠯᠬᠦ ᠠᠴᠠ ᠡᠮᠦᠨᠡᠬᠢ ᠳᠡᠰ ᠳᠠᠷᠠᠭᠠᠯᠠᠯ ᠢ ᠭᠦᠢᠴᠡᠳᠭᠡᠬᠦ ᠳᠤ ᠬᠡᠷᠡᠭᠰᠡᠬᠦ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ᠂ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠬᠡᠷᠡᠭᠯᠡᠬᠦ ᠭᠠᠵᠠᠷ ᠢ ᠳᠡᠭᠡᠭᠰᠢ ᠮᠡᠳᠡᠭᠦᠯᠬᠦ ᠲᠠᠶᠢᠯᠪᠤᠷᠢ ᠪᠢᠴᠢᠭ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠰᠢᠯᠵᠢᠭᠦᠯᠦᠨ ᠬᠡᠷᠡᠭᠯᠡᠬᠦ ᠲᠦᠰᠦᠯ᠂ ᠲᠠᠷᠢᠶᠠᠨ ᠭᠠᠵᠠᠷ ᠢ ᠨᠦᠬᠦᠪᠦᠷᠢᠯᠡᠬᠦ ᠲᠦᠰᠦᠯ᠂ ᠭᠠᠵᠠᠷ ᠰᠢᠷᠤᠢ ᠲᠠᠲᠠᠪᠤᠷᠢᠯᠠᠬᠤ ᠲᠦᠰᠦᠯ᠂ ᠭᠠᠵᠠᠷ ᠰᠢᠷᠤᠢ ᠬᠠᠩᠭᠠᠬᠤ ᠲᠦᠰᠦᠯ᠂ ᠭᠠᠵᠠᠷ ᠰᠢᠷᠤᠢ ᠲᠠᠲᠠᠪᠤᠷᠢᠯᠠᠬᠤ ᠶᠢ ᠵᠥᠪᠰᠢᠶᠡᠷᠡᠭᠰᠡᠨ ᠤ ᠳᠠᠷᠠᠭᠠᠬᠢ ᠬᠡᠷᠡᠭᠵᠢᠭᠦᠯᠬᠦ ᠶᠠᠪᠤᠴᠠ ᠳᠠᠬᠢ ᠭᠠᠵᠠᠷ ᠰᠢᠷᠤᠢ ᠲᠠᠲᠠᠪᠤᠷᠢᠯᠠᠬᠤ ᠠᠯᠪᠠᠨ ᠵᠠᠷ᠂ ᠲᠠᠲᠠᠪᠤᠷᠢᠯᠠᠭᠰᠠᠨ ᠭᠠᠵᠠᠷ ᠰᠢᠷᠤᠢ ᠶᠢ ᠨᠦᠬᠦᠪᠦᠷᠢᠯᠡᠵᠦ ᠲᠦᠪᠬᠢᠨᠡᠭᠦᠯᠬᠦ ᠲᠦᠰᠦᠯ ᠤᠨ ᠠᠯᠪᠠᠨ ᠵᠠᠷ ᠵᠡᠷᠭᠡ᠃      5. ᠴᠢᠬᠤᠯᠠ ᠶᠡᠭᠡ ᠵᠢᠷᠤᠭ ᠲᠦᠯᠦᠪᠯᠡᠭᠡ ᠶᠢ ᠬᠤᠪᠢᠷᠠᠭᠤᠯᠬᠤ ᠮᠡᠳᠡᠭᠡ ᠵᠠᠩᠭᠢ᠄ ᠲᠦᠷᠦᠯ ᠵᠦᠢᠯ ᠤᠨ ᠵᠢᠷᠤᠭ ᠲᠦᠯᠦᠪᠯᠡᠭᠡ ᠶᠢ ᠬᠤᠪᠢᠷᠠᠭᠤᠯᠬᠤ ᠰᠢᠯᠲᠠᠭᠠᠨ᠂ ᠭᠤᠣᠯ ᠬᠤᠪᠢᠷᠠᠭᠤᠯᠬᠤ ᠠᠭᠤᠯᠭ᠎ᠠ᠂ ᠬᠤᠪᠢᠷᠠᠭᠤᠯᠬᠤ ᠦᠨᠳᠦᠰᠦᠯᠡᠯ᠂ ᠵᠥᠪᠰᠢᠶᠡᠷᠡᠬᠦ ᠨᠢᠭᠡᠴᠡ᠂ ᠬᠤᠪᠢᠷᠠᠭᠤᠯᠤᠭᠰᠠᠨ ᠦᠷ᠎ᠡ ᠳ᠋ᠦᠩ ᠵᠡᠷᠭᠡ᠃      6. ᠪᠠᠷᠢᠯᠭ᠎ᠠ ᠪᠠᠷᠢᠬᠤ ᠬᠤᠯᠪᠣᠭᠳᠠᠯ ᠪᠦᠬᠦᠢ ᠮᠡᠳᠡᠭᠡ ᠵᠠᠩᠭᠢ᠄ ᠲᠦᠷᠦᠯ ᠵᠦᠢᠯ ᠤᠨ ᠬᠠᠤᠯᠢ ᠶᠢᠨ ᠡᠷᠬᠡᠲᠡᠨ ᠨᠢᠭᠡᠴᠡ ᠵᠢᠴᠢ ᠲᠡᠳᠡᠭᠡᠷ ᠤᠨ ᠭᠤᠣᠯ ᠬᠠᠷᠢᠭᠤᠴᠠᠯᠭᠠᠲᠠᠨ ᠤ ᠮᠡᠳᠡᠭᠡ ᠵᠠᠩᠭᠢ᠂ ᠵᠢᠷᠤᠵᠤ ᠲᠦᠯᠦᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠨᠢᠭᠡᠴᠡ ᠵᠢᠴᠢ ᠲᠡᠳᠡᠭᠡᠷ ᠤᠨ ᠭᠤᠣᠯ ᠬᠠᠷᠢᠭᠤᠴᠠᠯᠭᠠᠲᠠᠨ᠂ ᠲᠦᠷᠦᠯ ᠵᠦᠢᠯ ᠤᠨ ᠬᠠᠷᠢᠭᠤᠴᠠᠯᠭᠠᠲᠠᠨ ᠤ ᠮᠡᠳᠡᠭᠡ ᠵᠠᠩᠭᠢ᠂ ᠬᠢᠷᠢ ᠭᠡᠮ ᠤᠨ ᠪᠠᠶᠢᠳᠠᠯ᠂ ᠪᠠᠷᠢᠯᠭ᠎ᠠ ᠪᠠᠷᠢᠬᠤ ᠨᠢᠭᠡᠴᠡ ᠶᠢᠨ ᠲᠦᠷᠦᠯ ᠵᠦᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠣᠬᠢᠷᠠᠭᠤᠯᠤᠯᠲᠠ᠂ ᠠᠵᠢᠯ ᠤᠨ ᠡᠭᠦᠷᠭᠡ ᠬᠠᠷᠢᠭᠤᠴᠠᠯᠭ᠎ᠠ᠂ ᠭᠤᠣᠯ ᠬᠠᠮᠢᠶᠠᠷᠤᠯᠲᠠ ᠶᠢᠨ ᠳᠦᠷᠢᠮ᠂ ᠪᠠᠷᠢᠯᠭ᠎ᠠ ᠪᠠᠷᠢᠬᠤ ᠬᠤᠭᠤᠴᠠᠭᠠᠨ ᠳᠠᠬᠢ ᠣᠷᠴᠢᠨ ᠲᠣᠭᠤᠷᠢᠨ ᠢ ᠬᠠᠮᠠᠭᠠᠯᠠᠬᠤ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ᠃      7. ᠶᠠᠰᠤ ᠴᠢᠨᠠᠷ ᠤᠨ ᠠᠮᠦᠷ ᠲᠥᠪᠰᠢᠨ ᠳᠤ ᠬᠢᠨᠠᠯᠲᠠ ᠲᠠᠯᠪᠢᠬᠤ ᠮᠡᠳᠡᠭᠡ ᠵᠠᠩᠭᠢ᠄ ᠶᠠᠰᠤ ᠴᠢᠨᠠᠷ ᠤᠨ ᠠᠮᠦᠷ ᠲᠥᠪᠰᠢᠨ ᠳᠤ ᠬᠢᠨᠠᠯᠲᠠ ᠲᠠᠯᠪᠢᠬᠤ ᠪᠠᠶᠢᠭᠤᠯᠤᠮᠵᠢ ᠵᠢᠴᠢ ᠲᠡᠳᠡᠨ ᠤ ᠬᠠᠷᠢᠯᠴᠠᠬᠤ ᠠᠷᠭ᠎ᠠ ᠮᠠᠶ᠋ᠢᠭ᠂ ᠶᠠᠰᠤ ᠴᠢᠨᠠᠷ ᠤᠨ ᠠᠮᠦᠷ ᠲᠥᠪᠰᠢᠨ ᠤ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠪᠠᠶᠢᠳᠠᠯ ᠵᠡᠷᠭᠡ᠃      8. ᠪᠠᠷᠢᠯᠭ᠎ᠠ ᠳᠠᠭᠤᠰᠤᠭᠰᠠᠨ ᠬᠤᠯᠪᠣᠭᠳᠠᠯ ᠪᠦᠬᠦᠢ ᠮᠡᠳᠡᠭᠡ ᠵᠠᠩᠭᠢ᠄ ᠪᠠᠷᠢᠯᠭ᠎ᠠ ᠳᠠᠭᠤᠰᠬᠤ ᠳᠤ ᠰᠢᠯᠭᠠᠵᠤ ᠬᠤᠷᠢᠶᠠᠨ ᠠᠪᠬᠤ ᠴᠠᠭ᠂ ᠪᠠᠷᠢᠯᠭ᠎ᠠ ᠶᠢᠨ ᠶᠠᠰᠤ ᠴᠢᠨᠠᠷ ᠢ ᠰᠢᠯᠭᠠᠵᠤ ᠬᠤᠷᠢᠶᠠᠨ ᠠᠪᠤᠭᠰᠠᠨ ᠦᠷ᠎ᠡ ᠳ᠋ᠦᠩ᠂ ᠪᠠᠷᠢᠯᠭ᠎ᠠ ᠳᠠᠭᠤᠰᠬᠤ ᠳᠤ ᠰᠢᠯᠭᠠᠵᠤ ᠬᠤᠷᠢᠶᠠᠨ ᠠᠪᠴᠤ ᠪᠦᠷᠢᠳᠭᠡᠨ ᠳᠠᠩᠰᠠᠯᠠᠭᠰᠠᠨ ᠴᠠᠭ᠂ ᠪᠦᠷᠢᠳᠭᠡᠨ ᠳᠠᠩᠰᠠᠯᠠᠭᠰᠠᠨ ᠳ᠋ᠤᠭᠠᠷ᠂ ᠪᠦᠷᠢᠳᠭᠡᠨ ᠳᠠᠩᠰᠠᠯᠠᠭᠰᠠᠨ ᠰᠠᠯᠠᠭ᠎ᠠ ᠮᠦᠴᠢᠷ᠂ ᠲᠤᠰᠢᠶᠠᠵᠤ ᠬᠡᠷᠡᠭᠯᠡᠭᠦᠯᠬᠦ ᠴᠠᠭ᠂ ᠪᠠᠷᠢᠯᠭ᠎ᠠ ᠳᠠᠭᠤᠰᠬᠤ ᠳᠤ ᠲᠠᠰᠤᠯᠤᠨ ᠪᠤᠳᠤᠵᠤ ᠬᠢᠨᠠᠨ ᠪᠤᠳᠤᠬᠤ ᠨᠢᠭᠡᠴᠡ᠂ ᠬᠢᠨᠠᠨ ᠪᠤᠳᠤᠭᠰᠠᠨ ᠳ᠋ᠦᠩᠨᠡᠯᠲᠡ᠂ ᠡᠳ᠋ ᠤᠨ ᠶᠠᠪᠤᠳᠠᠯ ᠠᠴᠠ ᠲᠠᠰᠤᠯᠤᠨ ᠪᠤᠳᠤᠭᠰᠠᠨ ᠵᠤᠭᠤᠰᠤᠨ ᠤ ᠲᠤᠭ᠎ᠠ ᠵᠡᠷᠭᠡ᠃      ᠡᠯ᠎ᠡ ᠮᠤᠵᠢ ︵ᠣᠷᠣᠨ᠂ ᠬᠤᠲᠠ︶᠎ ᠶᠢᠨ ᠵᠠᠰᠠᠭ ᠤᠨ ᠣᠷᠳᠣᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠳᠡᠭᠡᠷᠡᠬᠢ ᠠᠭᠤᠯᠭ᠎ᠠ ᠪᠠᠷ ᠯᠠᠪᠯᠠᠯᠲᠠ ᠪᠣᠯᠭᠠᠵᠤ᠂ ᠨᠡᠶᠢᠭᠡᠮ ᠤᠨ ᠬᠢᠨ ᠤ ᠬᠠᠯᠠᠮᠵᠢᠯᠠᠨ ᠠᠩᠬᠠᠷᠴᠤ ᠪᠠᠶᠢᠬᠤ ᠬᠡᠮᠵᠢᠶ᠎ᠡ ᠪᠠᠷ ᠶᠡᠭᠡ᠂ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠨᠢᠭᠲᠠ ᠬᠤᠯᠪᠣᠭᠳᠠᠬᠤ ᠬᠠᠮᠢᠶ᠎ᠠ ᠪᠦᠬᠦᠢ ᠲᠦᠷᠦᠯ ᠵᠦᠢᠯ ᠳᠤ ᠠᠩᠬᠠᠷᠤᠯ ᠢᠶᠠᠨ ᠲᠦᠪᠯᠡᠷᠡᠭᠦᠯᠵᠦ᠂ ᠲᠤᠰ ᠭᠠᠵᠠᠷ ᠣᠷᠣᠨ᠂ ᠲᠤᠰ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠳᠠᠬᠢ ᠮᠡᠳᠡᠭᠡ ᠵᠠᠩᠭᠢ ᠶᠢ ᠢᠯᠡ ᠪᠣᠯᠭᠠᠬᠤ ᠭᠤᠣᠯᠳᠠᠯᠭ᠎ᠠ ᠪᠠᠨ ᠲᠤᠰ ᠲᠤᠰ ᠲᠤᠨᠢ ᠲᠣᠭᠲᠠᠭᠠᠵᠤ᠂ ᠢᠯᠡ ᠪᠣᠯᠭᠠᠬᠤ ᠵᠦᠢᠯᠡᠰ᠂ ᠠᠭᠤᠯᠭ᠎ᠠ᠂ ᠴᠠᠬ ᠬᠤᠭᠤᠴᠠᠭ᠎ᠠ᠂ ᠠᠷᠭ᠎ᠠ ᠮᠠᠶ᠋ᠢᠭ᠂ ᠬᠠᠷᠢᠭᠤᠴᠠᠬᠤ ᠭᠤᠣᠯ ᠴᠤᠭᠴᠠ᠂ ᠬᠢᠨᠠᠯᠲᠠ ᠲᠠᠯᠪᠢᠬᠤ ᠠᠷᠭ᠎ᠠ ᠵᠠᠮ ᠵᠡᠷᠭᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠦᠨᠳᠦᠰᠦᠨ ᠭᠠᠷᠴᠠᠭ ᠲᠤ ᠣᠷᠤᠭᠤᠯᠤᠨ᠂ ᠢᠯᠡ ᠪᠣᠯᠭᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ᠃      ︵ᠬᠤᠶᠠᠷ︶ ᠢᠯᠡ ᠪᠣᠯᠭᠠᠬᠤ ᠭᠤᠣᠯ ᠴᠤᠭᠴᠠ ᠶᠢ ᠲᠤᠳᠤᠷᠬᠠᠶᠢᠯᠠᠨ᠎ᠠ᠃      ᠡᠯ᠎ᠡ ᠱᠠᠲᠤᠨ ᠤ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠢᠯᠡ ᠪᠣᠯᠭᠠᠬᠤ ᠶᠢ ᠬᠡᠪ ᠤᠨ ᠪᠠᠶᠢᠳᠠᠯ ᠢᠶᠠᠷ ᠦᠵᠡᠵᠦ᠂ ᠢᠯᠡ ᠪᠣᠯᠭᠠᠬᠤ ᠦᠭᠡᠢ ᠶᠢ ᠣᠨᠴᠤᠭᠤᠢ ᠪᠠᠶᠢᠳᠠᠯ ᠢᠶᠠᠷ ᠦᠵᠡᠬᠦ ᠶᠢ ᠪᠠᠷᠢᠮᠲᠠᠯᠠᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾᠎ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠡᠵᠦ᠂ ᠪᠢᠴᠢᠵᠦ ᠵᠣᠬᠢᠶᠠᠭᠰᠠᠨ ᠪᠤᠶᠤ ᠬᠠᠳᠠᠭᠠᠯᠠᠭᠰᠠᠨ ᠲᠦᠷᠦᠯ ᠵᠦᠢᠯ ᠤᠨ ᠮᠡᠳᠡᠭᠡ ᠵᠠᠩᠭᠢ ᠪᠠᠨ ᠢᠯᠡ ᠪᠣᠯᠭᠠᠨ᠎ᠠ᠃ ᠨᠢᠭᠤᠴᠠ ᠶᠢ ᠬᠠᠮᠠᠭᠠᠯᠠᠬᠤ ᠶᠢᠨ ᠬᠢᠨᠠᠨ ᠪᠠᠶᠢᠴᠠᠭᠠᠬᠤ ᠳᠡᠰ ᠳᠠᠷᠠᠭᠠᠯᠠᠯ ᠢ ᠴᠢᠩᠭ᠎ᠠ ᠭᠦᠢᠴᠡᠳᠭᠡᠵᠦ᠂ ᠢᠯᠡ ᠪᠣᠯᠭᠠᠪᠠᠰᠤ ᠵᠣᠬᠢᠬᠤ ᠮᠡᠳᠡᠭᠡ ᠵᠠᠩᠭᠢ ᠶᠢ ᠡᠷᠡᠰ ᠢᠯᠡ ᠪᠣᠯᠭᠠᠵᠤ᠂ ᠬᠠᠮᠠᠭᠠᠯᠠᠪᠠᠰᠤ ᠵᠣᠬᠢᠬᠤ ᠤᠯᠤᠰ ᠤᠨ ᠨᠢᠭᠤᠴᠠ ᠶᠢ ᠡᠷᠡᠰ ᠬᠠᠮᠠᠭᠠᠯᠠᠬᠤ ᠬᠡᠷᠡᠭᠲᠡᠢ᠃ ᠵᠥᠪᠰᠢᠶᠡᠷᠡᠬᠦ ᠦᠢᠯᠡᠴᠢᠯᠡᠭᠡ ᠶᠢᠨ ᠮᠡᠳᠡᠭᠡ ᠵᠠᠩᠭᠢ᠂ ᠵᠥᠪᠰᠢᠶᠡᠷᠡᠭᠰᠡᠨ ᠦᠷ᠎ᠡ ᠳ᠋ᠦᠩ ᠤᠨ ᠮᠡᠳᠡᠭᠡ ᠵᠠᠩᠭᠢ ᠶᠢ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠣᠯᠣᠨ ᠬᠤᠯᠪᠣᠭᠳᠠᠯ ᠪᠦᠬᠦᠢ ᠴᠢᠬᠤᠯᠠ ᠮᠠᠲ᠋ᠧᠷᠢᠶᠠᠯ ᠢ ᠵᠥᠪᠰᠢᠶᠡᠷᠡᠵᠦ ᠭᠦᠢᠴᠡᠳᠭᠡᠬᠦ ᠡᠯ᠎ᠡ ᠱᠠᠲᠤᠨ ᠤ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ ᠠᠴᠠ ᠲᠤᠰ ᠲᠤᠰ ᠬᠠᠷᠢᠭᠤᠴᠠᠨ ᠢᠯᠡ ᠪᠣᠯᠭᠠᠵᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠮᠡᠳᠡᠭᠡ ᠵᠠᠩᠭᠢ ᠶᠢ ᠳᠠᠭᠠᠭᠠᠴᠢᠯᠠᠯᠲᠠ ᠵᠠᠷᠯᠠᠭᠰᠠᠨ ᠬᠦᠮᠦᠨ ᠪᠤᠶᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠢᠯᠡ ᠪᠣᠯᠭᠠᠨ᠂ ᠭᠠᠵᠠᠷ ᠰᠢᠷᠤᠢ ᠲᠠᠲᠠᠪᠤᠷᠢᠯᠠᠬᠤ ᠮᠡᠳᠡᠭᠡ ᠵᠠᠩᠭᠢ ᠶᠢ ᠬᠠᠷᠢᠶᠠᠯᠠᠭᠳᠠᠬᠤ ᠣᠷᠣᠨ ᠤ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ ᠠᠴᠠ ᠬᠠᠷᠢᠭᠤᠴᠠᠵᠤ ᠢᠯᠡ ᠪᠣᠯᠭᠠᠨ᠂ ᠴᠢᠬᠤᠯᠠ ᠶᠡᠭᠡ ᠵᠢᠷᠤᠭ ᠲᠦᠯᠦᠪᠯᠡᠭᠡ ᠶᠢ ᠬᠤᠪᠢᠷᠠᠭᠤᠯᠬᠤ ᠮᠡᠳᠡᠭᠡ ᠵᠠᠩᠭᠢ ᠶᠢ ᠵᠥᠪᠰᠢᠶᠡᠷᠡᠭᠰᠡᠨ ᠨᠢᠭᠡᠴᠡ ᠠᠴᠠ ᠬᠠᠷᠢᠭᠤᠴᠠᠨ ᠢᠯᠡ ᠪᠣᠯᠭᠠᠵᠤ᠂ ᠪᠠᠷᠢᠯᠭ᠎ᠠ ᠪᠠᠷᠢᠬᠤ ᠬᠤᠯᠪᠣᠭᠳᠠᠯ ᠪᠦᠬᠦᠢ ᠮᠡᠳᠡᠭᠡ ᠵᠠᠩᠭᠢ᠂ ᠶᠠᠰᠤ ᠴᠢᠨᠠᠷ ᠤᠨ ᠠᠮᠦᠷ ᠲᠥᠪᠰᠢᠨ ᠳᠤ ᠬᠢᠨᠠᠯᠲᠠ ᠲᠠᠯᠪᠢᠬᠤ ᠮᠡᠳᠡᠭᠡ ᠵᠠᠩᠭᠢ᠂ ᠪᠠᠷᠢᠯᠭ᠎ᠠ ᠳᠠᠭᠤᠰᠤᠭᠰᠠᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠪᠢᠴᠢᠵᠦ ᠵᠣᠬᠢᠶᠠᠭᠰᠠᠨ ᠪᠤᠶᠤ ᠬᠠᠳᠠᠭᠠᠯᠠᠭᠰᠠᠨ ᠰᠠᠯᠠᠭ᠎ᠠ ᠮᠦᠴᠢᠷ ᠠᠴᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠵᠤ ᠢᠯᠡ ᠪᠣᠯᠭᠠᠨ᠎ᠠ᠃      ︵ᠭᠤᠷᠪᠠ︶ ᠢᠯᠡ ᠪᠣᠯᠭᠠᠬᠤ ᠠᠷᠭ᠎ᠠ ᠵᠠᠮ ᠢ ᠦᠷᠭᠡᠵᠢᠭᠦᠯᠦᠨ᠎ᠡ᠃      ᠡᠯ᠎ᠡ ᠱᠠᠲᠤᠨ ᠤ ᠵᠠᠰᠠᠭ ᠤᠨ ᠣᠷᠳᠣᠨ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠵᠠᠰᠠᠭ ᠤᠨ ᠣᠷᠳᠣᠨ ᠤ ᠠᠯᠪᠠᠨ ᠮᠡᠳᠡᠭᠡ᠂ ᠵᠠᠰᠠᠭ ᠤᠨ ᠣᠷᠳᠣᠨ ᠤ ᠰᠦᠯᠵᠢᠶ᠎ᠡ᠂ ᠰᠢᠨ᠎ᠡ ᠵᠠᠭᠤᠴᠢᠯᠠᠭᠤᠷ ᠤᠨ ᠲᠡᠪᠴᠡᠩ᠂ ᠰᠣᠨᠢᠨ ᠮᠡᠳᠡᠭᠡ ᠨᠡᠶᠢᠲᠡᠯᠡᠬᠦ ᠬᠤᠷᠠᠯ ᠵᠡᠷᠭᠡ ᠪᠠᠷ ᠳᠠᠮᠵᠢᠭᠤᠯᠵᠤ ᠡᠯ᠎ᠡ ᠲᠦᠷᠦᠯ ᠵᠦᠢᠯ ᠤᠨ ᠮᠡᠳᠡᠭᠡ ᠵᠠᠩᠭᠢ ᠶᠢ ᠴᠠᠭ ᠲᠣᠬᠠᠢ ᠳᠤᠨᠢ ᠢᠯᠡ ᠪᠣᠯᠭᠠᠬᠤ ᠶᠢᠨ ᠬᠠᠮᠲᠤ᠂ ᠣᠯᠠᠨ ᠨᠡᠶᠢᠲᠡ ᠶᠢᠨ ᠠᠩᠬᠠᠷᠴᠤ ᠪᠠᠶᠢᠭ᠎ᠠ ᠵᠦᠢᠯᠡᠰ ᠲᠤ ᠴᠠᠭ ᠲᠣᠬᠠᠢ ᠳᠤᠨᠢ ᠬᠠᠷᠢᠭᠤ ᠲᠤᠰᠬᠠᠨ᠎ᠠ᠃ ᠪᠦᠬᠦ ᠤᠯᠤᠰ ᠤᠨ ᠪᠡᠯᠡ ᠣᠷᠤᠭᠤᠯᠤᠯᠲᠠ ᠶᠢᠨ ᠲᠦᠷᠦᠯ ᠵᠦᠢᠯ ᠢ ᠰᠦᠯᠵᠢᠶ᠎ᠡ ᠪᠠᠷ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠲᠡᠪᠴᠡᠩ᠂ ᠪᠦᠬᠦ ᠤᠯᠤᠰ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠡᠪᠴᠡᠩ᠂ ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ᠵᠡᠷᠭᠡ ᠶᠢ ᠭᠦᠢᠴᠡᠳ ᠠᠰᠢᠭᠯᠠᠵᠤ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶᠡᠨ ᠳᠠᠬᠢ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠪᠠ ᠢᠯᠡ ᠪᠣᠯᠭᠠᠬᠤ ᠶᠢ ᠠᠬᠢᠭᠤᠯᠤᠨ᠎ᠠ᠃ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠶᠠᠪᠤᠴᠠ ᠳᠤ ᠪᠣᠢ ᠪᠣᠯᠣᠭᠰᠠᠨ ᠢᠲᠡᠭᠡᠮᠵᠢ ᠶᠢᠨ ᠮᠡᠳᠡᠭᠡ ᠵᠠᠩᠭᠢ ᠶᠢ ᠪᠦᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠲᠤᠪᠠᠷ ᠬᠦᠷᠲᠡᠬᠦ ᠲᠡᠪᠴᠡᠩ ᠳᠤ ᠣᠷᠤᠭᠤᠯᠬᠤ ᠶᠢ ᠠᠬᠢᠭᠤᠯᠵᠤ᠂ ᠨᠡᠶᠢᠭᠡᠮ ᠳᠤ ᠢᠯᠡ ᠪᠣᠯᠭᠠᠵᠤ ᠪᠣᠯᠬᠤ ᠶᠢ ᠨᠢ ᠡᠯ᠎ᠡ ᠭᠠᠵᠠᠷ ᠣᠷᠣᠨ ᠤ ᠢᠲᠡᠭᠡᠮᠵᠢ ᠶᠢᠨ ᠰᠦᠯᠵᠢᠶ᠎ᠡ ᠪᠠ ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ᠪᠠᠷ ᠬᠠᠤᠯᠢ ᠲᠣᠭᠲᠠᠭᠠᠯ ᠶᠤᠰᠤᠭᠠᠷ ᠢᠯᠡ ᠪᠣᠯᠭᠠᠨ᠎ᠠ᠃ ᠭᠤᠶᠤᠴᠢᠯᠠᠯ ᠢᠶᠠᠷ ᠢᠯᠡ ᠪᠣᠯᠭᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠬᠠᠮᠢᠶ᠎ᠠ ᠪᠦᠬᠦᠢ ᠠᠵᠢᠯ ᠢ ᠡᠮᠬᠢ ᠵᠢᠷᠤᠮ ᠲᠠᠢ ᠦᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠲᠦᠷᠦᠯ ᠵᠦᠢᠯ ᠤᠨ ᠬᠠᠤᠯᠢ ᠶᠢᠨ ᠡᠷᠬᠡᠲᠡᠨ ᠨᠢᠭᠡᠴᠡ ᠨᠢ ᠲᠣᠬᠠᠢ ᠶᠢᠨ ᠲᠠᠯᠠᠪᠤᠷ ᠲᠤᠨᠢ ᠢᠯᠡ ᠪᠣᠯᠭᠠᠬᠤ᠂ ᠰᠦᠯᠵᠢᠶᠡᠨ ᠳᠡᠭᠡᠷ᠎ᠡ ᠵᠠᠷᠯᠠᠬᠤ ᠵᠡᠷᠭᠡ ᠣᠯᠠᠨ ᠵᠦᠢᠯ ᠤᠨ ᠠᠷᠭ᠎ᠠ ᠵᠠᠮ ᠢ ᠠᠰᠢᠭᠯᠠᠨ ᠲᠦᠷᠦᠯ ᠵᠦᠢᠯ ᠤᠨ ᠮᠡᠳᠡᠭᠡ ᠵᠠᠩᠭᠢ ᠶᠢ ᠢᠯᠡ ᠪᠣᠯᠭᠠᠵᠤ᠂ ᠨᠡᠶᠢᠲᠡ ᠣᠯᠠᠨ ᠤ ᠬᠠᠶᠢᠨ ᠯᠠᠪᠯᠠᠬᠤ ᠪᠠ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠳᠤ ᠳᠦᠭᠦᠮ ᠦᠵᠡᠭᠦᠯᠦᠨ᠎ᠡ᠃      ︵ᠳᠥᠷᠪᠡ︶ ᠢᠯᠡ ᠪᠣᠯᠭᠠᠬᠤ ᠬᠦᠴᠦᠨ ᠲᠡᠭᠦᠯᠳᠡᠷ ᠬᠤᠭᠤᠴᠠᠭ᠎ᠠ ᠶᠢ ᠴᠢᠩᠭᠠᠷᠠᠭᠤᠯᠤᠨ᠎ᠠ᠃      ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠶᠠᠪᠤᠴᠠ ᠳᠤ ᠪᠣᠢ ᠪᠣᠯᠣᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠠᠷ ᠲᠣᠭᠲᠠᠭᠠᠭᠰᠠᠨ ᠪᠣᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾᠎ ᠤᠨ ᠲᠣᠭᠲᠠᠭᠠᠯ ᠢ ᠴᠢᠩᠭ᠎ᠠ ᠵᠢᠷᠤᠮᠯᠡᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠪᠣᠢ ᠪᠣᠯᠣᠭᠰᠠᠨ ᠪᠤᠶᠤ ᠬᠤᠪᠢᠷᠠᠭᠤᠯᠤᠭᠰᠠᠨ ᠡᠳᠦᠷ ᠠᠴᠠ ᠡᠬᠢᠯᠡᠵᠦ 20 ᠠᠵᠢᠯ ᠤᠨ ᠡᠳᠦᠷ ᠳᠤᠲᠤᠷ᠎ᠠ ᠢᠯᠡ ᠪᠣᠯᠭᠠᠬᠤ ᠬᠡᠷᠡᠭᠲᠡᠢ︔ ᠭᠤᠶᠤᠴᠢᠯᠠᠯ ᠢᠶᠠᠷ ᠢᠯᠡ ᠪᠣᠯᠭᠠᠬᠤ ᠪᠠᠷ ᠲᠣᠭᠲᠠᠭᠠᠭᠰᠠᠨ ᠪᠣᠯ᠂ ᠬᠠᠤᠯᠢ ᠪᠠᠷ ᠲᠣᠭᠲᠠᠭᠠᠭᠰᠠᠨ ᠴᠠᠭ ᠬᠤᠭᠤᠴᠠᠭ᠎ᠠ ᠶᠢ ᠴᠢᠩᠭ᠎ᠠ ᠵᠢᠷᠤᠮᠯᠡᠨ ᠭᠤᠶᠤᠴᠢᠯᠠᠭᠴᠢ ᠳᠤ ᠬᠠᠷᠢᠭᠤᠯᠲᠠ ᠥᠭᠬᠦ ᠬᠡᠷᠡᠭᠲᠡᠢ︔ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠠᠴᠠ ᠪᠤᠰᠤᠳ᠂ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠵᠦᠢᠯᠡᠰ ᠢ ᠵᠠᠰᠠᠭ ᠵᠠᠬᠢᠷᠭᠠᠨ ᠤ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠵᠦ 7 ᠠᠵᠢᠯ ᠤᠨ ᠡᠳᠦᠷ ᠳᠤᠲᠤᠷ᠎ᠠ ᠰᠦᠯᠵᠢᠶᠡᠨ ᠳᠡᠭᠡᠷ᠎ᠡ ᠢᠯᠡ ᠪᠣᠯᠭᠠᠬᠤ ᠬᠡᠷᠡᠭᠲᠡᠢ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠳᠤ ᠲᠦᠷᠦᠯ ᠵᠦᠢᠯ ᠤᠨ ᠬᠠᠤᠯᠢ ᠶᠢᠨ ᠡᠷᠬᠡᠲᠡᠨ ᠨᠢᠭᠡᠴᠡ ᠶᠢᠨ ᠲᠦᠷᠦᠯ ᠵᠦᠢᠯ ᠤᠨ ᠮᠡᠳᠡᠭᠡ ᠵᠠᠩᠭᠢ ᠶᠢ ᠢᠯᠠ ᠪᠣᠯᠭᠠᠬᠤ ᠳᠤ ᠲᠤᠳᠤᠷᠬᠠᠢ ᠲᠣᠭᠲᠠᠭᠠᠯ ᠭᠠᠷᠭᠠᠭᠰᠠᠨ ᠪᠠᠶᠢᠪᠠᠯ᠂ ᠡᠯ᠎ᠡ ᠱᠠᠲᠤᠨ ᠤ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ ᠠᠴᠠ ᠲᠦᠷᠦᠯ ᠵᠦᠢᠯ ᠤᠨ ᠬᠠᠤᠯᠢ ᠶᠢᠨ ᠡᠷᠬᠡᠲᠡᠨ ᠨᠢᠭᠡᠴᠡ ᠶᠢᠨ ᠲᠦᠷᠦᠯ ᠵᠦᠢᠯ ᠤᠨ ᠮᠡᠳᠡᠭᠡ ᠵᠠᠩᠭᠢ ᠪᠠᠨ ᠬᠠᠤᠯᠢ ᠶᠤᠰᠤᠭᠠᠷ ᠴᠠᠭ ᠲᠣᠬᠠᠢ ᠳᠤᠨᠢ ᠢᠯᠡ ᠪᠣᠯᠭᠠᠬᠤ ᠳᠤ ᠬᠢᠨᠠᠯᠲᠠ ᠲᠠᠯᠪᠢᠨ᠎ᠠ︔ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠳᠤ ᠲᠤᠳᠤᠷᠬᠠᠢ ᠲᠣᠭᠲᠠᠭᠠᠯ ᠭᠠᠷᠭᠠᠭᠰᠠᠨ ᠦᠭᠡᠢ ᠪᠣᠯ᠂ ᠲᠦᠷᠦᠯ ᠵᠦᠢᠯ ᠤᠨ ᠬᠠᠤᠯᠢ ᠶᠢᠨ ᠡᠷᠬᠡᠲᠡᠨ ᠨᠢᠭᠡᠴᠡ ᠶᠢᠨ ᠲᠦᠷᠦᠯ ᠵᠦᠢᠯ ᠤᠨ ᠮᠡᠳᠡᠭᠡ ᠵᠠᠩᠭᠢ ᠪᠠᠨ ᠢᠯᠡ ᠪᠣᠯᠭᠠᠬᠤ ᠶᠢ ᠵᠣᠷᠢᠬᠵᠢᠭᠤᠯᠤᠨ᠎ᠠ᠃      ᠭᠤᠷᠪᠠ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃      ᠡᠯ᠎ᠡ ᠱᠠᠲᠤᠨ ᠤ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠴᠢᠬᠤᠯᠠ ᠶᠡᠭᠡ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠬᠢᠨᠠᠮᠠᠭᠠᠢ ᠰᠠᠶᠢᠲᠤᠷ ᠬᠢᠵᠦ᠂ ᠴᠡᠭ ᠢᠶᠠᠷ ᠨᠡᠶᠢᠳᠡᠮ ᠢ ᠳᠠᠶᠢᠴᠢᠯᠠᠬᠤ ᠪᠠ ᠵᠢᠱᠢᠶ᠎ᠡ ᠦᠵᠡᠭᠦᠯᠬᠦ ᠪᠠᠷ ᠳᠠᠶᠢᠴᠢᠯᠠᠵᠤ᠂ ᠡᠭᠦᠨ ᠢᠶᠠᠷ ᠵᠠᠰᠠᠭ ᠤᠨ ᠶᠠᠪᠤᠳᠠᠯ ᠤᠨ ᠢᠯᠡ ᠪᠣᠯᠭᠠᠬᠤ ᠠᠵᠢᠯ ᠢ ᠭᠦᠨᠵᠡᠭᠡᠶᠢᠷᠡᠭᠦᠯᠬᠦ ᠶᠢᠨ ᠬᠦᠴᠦᠲᠡᠢ ᠭᠠᠷᠳᠠᠴᠠ ᠪᠣᠯᠭᠠᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠨᠢ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢᠶᠠᠨ ᠲᠤᠳᠤᠷᠬᠠᠶᠢᠯᠠᠨ᠎ᠠ᠂ ᠡᠯ᠎ᠡ ᠱᠠᠲᠤᠨ ᠤ ᠵᠠᠰᠠᠭ ᠤᠨ ᠣᠷᠳᠣᠨ ᠤ ᠠᠯᠪᠠᠨ ᠲᠢᠩᠭᠢᠮ ︵ᠭᠡᠷ︶᠎ ᠨᠢ ᠵᠣᠬᠢᠶᠠᠨ ᠪᠠᠶᠢᠭᠤᠯᠵᠤ ᠵᠣᠬᠢᠴᠠᠭᠤᠯᠬᠤ ᠰᠠᠯᠠᠭ᠎ᠠ ᠮᠦᠴᠢᠷ ᠪᠣᠯᠣᠭᠰᠠᠨ ᠤ ᠬᠤᠪᠢ ᠳᠤ᠂ ᠬᠥᠭᠵᠢᠭᠦᠯᠦᠯᠲᠡ ᠦᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠬᠢᠵᠢᠯᠲᠠ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠣᠷᠴᠢᠨ ᠲᠣᠭᠤᠷᠢᠨ ᠤ ᠬᠠᠮᠠᠭᠠᠯᠠᠯᠲᠠ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠲᠠᠷᠢᠶᠠᠯᠠᠩ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ᠂ ᠣᠢ ᠰᠢᠭᠤᠢ ᠵᠡᠷᠭᠡ ᠰᠠᠯᠠᠭ᠎ᠠ ᠮᠦᠴᠢᠷ ᠢ ᠵᠢᠯᠤᠭᠤᠳᠤᠨ ᠬᠢᠨᠠᠯᠲᠠ ᠲᠠᠯᠪᠢᠵᠤ᠂ ᠲᠤᠳᠤᠷᠬᠠᠢ ᠠᠵᠢᠯ ᠤᠨ ᠬᠠᠷᠠᠯᠲᠠ ᠪᠠ ᠠᠷᠭ᠎ᠠ ᠬᠡᠮᠵᠢᠶ᠎ᠡ ᠶᠢ ᠳᠤᠷᠠᠳᠤᠨ᠂ ᠬᠢᠨᠠᠮᠠᠭᠠᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠡᠯ᠎ᠡ ᠮᠤᠵᠢ ︵ᠣᠷᠣᠨ᠂ ᠬᠤᠲᠠ︶᠎ ᠶᠢᠨ ᠵᠠᠰᠠᠭ ᠤᠨ ᠣᠷᠳᠣᠨ ᠨᠢ ᠲᠤᠰ ᠭᠠᠵᠠᠷ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠰᠢᠮᠳᠠᠭᠤᠯᠤᠨ ᠪᠠᠶᠢᠴᠠᠭᠠᠬᠤ ᠪᠠ ᠵᠢᠯᠤᠭᠤᠳᠴᠤ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ ᠪᠣᠲᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠪᠣᠲᠠᠲᠠᠢ ᠲᠠᠢ ᠪᠠᠨ ᠤᠶᠠᠯᠳᠤᠭᠤᠯᠤᠨ᠂ ᠲᠤᠰ ᠬᠦᠷᠢᠶ᠎ᠡ ᠴᠠᠷᠠᠭᠠᠨ ᠳᠠᠬᠢ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠭᠰᠡᠨ ᠪᠠ ᠬᠡᠷᠡᠭᠵᠢᠭᠦᠯᠦᠭᠰᠡᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢᠨ ᠬᠡᠷᠡᠭᠵᠢᠭᠦᠯᠬᠦ ᠲᠦᠰᠦᠯ ᠢ ᠲᠣᠭᠲᠠᠭᠠᠬᠤ ᠬᠡᠷᠡᠭᠲᠡᠢ᠃      ︵ᠬᠤᠶᠠᠷ︶ ᠰᠢᠯᠭᠠᠨ ᠬᠢᠨᠠᠬᠤ ᠡᠷᠴᠢᠮ ᠢ ᠴᠢᠩᠭᠠᠷᠠᠭᠤᠯᠤᠨ᠎ᠠ᠃      ᠡᠯ᠎ᠡ ᠱᠠᠲᠤᠨ ᠤ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠵᠠᠰᠠᠭ ᠤᠨ ᠶᠠᠪᠤᠳᠠᠯ ᠤᠨ ᠢᠯᠡ ᠪᠣᠯᠭᠠᠬᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠠᠮᠢᠶ᠎ᠠ ᠪᠦᠬᠦᠢ ᠲᠣᠭᠲᠠᠭᠠᠯ ᠶᠤᠰᠤᠭᠠᠷ᠂ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠠᠵᠢᠯ ᠢᠶᠠᠨ ᠠᠬᠢᠭᠤᠯᠤᠭᠰᠠᠨ ᠢᠶᠠᠷ ᠬᠦᠴᠦᠲᠡᠢ᠂ ᠢᠯᠡᠳᠲᠡ ᠦᠷ᠎ᠡ ᠪᠦᠲᠦᠮᠵᠢ ᠤᠯᠤᠭᠰᠠᠨ ᠨᠢᠭᠡᠴᠡ ᠪᠣᠯᠣᠨ ᠬᠤᠪᠢ ᠬᠦᠮᠦᠨ ᠢ ᠲᠣᠭᠲᠠᠭᠠᠯ ᠶᠤᠰᠤᠭᠠᠷ ᠰᠠᠶᠢᠰᠢᠶᠠᠨ ᠬᠦᠬᠢᠭᠦᠯᠬᠦ ᠬᠡᠷᠡᠭᠲᠡᠢ︔ ᠬᠠᠮᠢᠶ᠎ᠠ ᠪᠦᠬᠦᠢ ᠲᠣᠭᠲᠠᠭᠠᠯ ᠪᠠ ᠱᠠᠭᠠᠷᠳᠠᠯᠭ᠎ᠠ ᠶᠤᠰᠤᠭᠠᠷ ᠡᠭᠦᠷᠭᠡ ᠬᠠᠷᠢᠭᠤᠴᠠᠯᠭ᠎ᠠ ᠪᠠᠨ ᠦᠯᠦ ᠭᠦᠢᠴᠡᠳᠭᠡᠭᠰᠡᠨ ᠪᠠᠶᠢᠪᠠᠯ᠂ ᠨᠡᠪᠲᠡᠷᠡᠭᠦᠯᠦᠨ ᠮᠡᠳᠡᠭᠡᠯᠡᠵᠦ ᠰᠢᠭᠦᠮᠵᠢᠯᠡᠬᠦ ᠶᠢᠨ ᠬᠠᠮᠲᠤ᠂ ᠵᠢᠯ ᠤᠨ ᠰᠢᠯᠭᠠᠨ ᠬᠢᠨᠠᠬᠤ ᠠᠵᠢᠯ ᠳᠤ ᠢᠯᠡᠷᠡᠭᠦᠯᠬᠦ ᠬᠡᠷᠡᠭᠲᠡᠢ᠃      ︵ᠭᠤᠷᠪᠠ︶ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃      ᠡᠯ᠎ᠡ ᠱᠠᠲᠤᠨ ᠤ ᠵᠠᠰᠠᠭ ᠤᠨ ᠣᠷᠳᠣᠨ ᠨᠢ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶᠡᠨ ᠳᠠᠬᠢ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠬᠡᠷᠡᠭᠲᠡᠢ᠂ ᠭᠤᠣᠯᠳᠠᠭᠤ ᠵᠠᠰᠠᠭ ᠤᠨ ᠣᠷᠳᠣᠨ ᠤ ᠮᠡᠳᠡᠭᠡ ᠵᠠᠩᠭᠢ᠂ ᠲᠦᠷᠦᠯ ᠵᠦᠢᠯ ᠤᠨ ᠬᠠᠤᠯᠢ ᠶᠢᠨ ᠡᠷᠬᠡᠲᠡᠨ ᠤ ᠮᠡᠳᠡᠭᠡ ᠵᠠᠩᠭᠢ ᠶᠢᠨ ᠢᠯᠡ ᠪᠣᠯᠭᠠᠬᠤ ᠠᠭᠤᠯᠭ᠎ᠠ᠂ ᠢᠯᠡ ᠪᠣᠯᠭᠠᠬᠤ ᠠᠷᠭ᠎ᠠ ᠵᠠᠮ ᠪᠠ ᠢᠯᠡ ᠪᠣᠯᠭᠠᠬᠤ ᠬᠦᠴᠦᠨ ᠲᠡᠭᠦᠯᠳᠡᠷ ᠬᠤᠭᠤᠴᠠᠭ᠎ᠠ ᠵᠡᠷᠭᠡ ᠶᠢ ᠪᠠᠭᠲᠠᠭᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠲᠤᠰ ᠰᠠᠯᠠᠭ᠎ᠠ ᠮᠦᠴᠢᠷ ᠤᠨ ᠠᠵᠢᠯ ᠤᠨ ᠠᠬᠢᠴᠠ ᠶᠢᠨ ᠪᠠᠶᠢᠳᠠᠯ ᠢᠶᠠᠨ ᠠᠳᠠᠯᠢ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠵᠢᠯ ᠪᠦᠷᠢ ᠮᠡᠳᠡᠭᠦᠯᠬᠦ ᠶᠢᠨ ᠬᠠᠮᠲᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠳᠤ ᠨᠡᠶᠢᠲᠡᠯᠡᠵᠦ᠂ ᠨᠡᠶᠢᠭᠡᠮ ᠨᠡᠶᠢᠲᠡ᠂ ᠰᠣᠨᠢᠨ ᠮᠡᠳᠡᠭᠡ ᠵᠠᠭᠤᠴᠢᠯᠠᠭᠤᠷ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠢ᠃ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠭᠢᠮ ᠤᠨ ᠰᠠᠨᠠᠯ              ︵ᠲᠥᠷᠥ ᠠᠯᠪᠠᠨ ᠲᠠᠷᠬᠠᠭᠠᠭᠰᠠᠨ ﹇2017﹈ 97 ᠳ᠋ᠤᠭᠠᠷ ᠲᠣᠭᠠᠲᠤ︶                      12 ᠳ᠋ᠤᠭᠠᠷ ᠰᠠᠷ᠎ᠠ ᠶᠢᠨ 19᠎ ᠤ ᠡᠳᠦᠷᠡᠯ᠎ᠡ ᠮᠤᠵᠢ᠂ ᠦᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠶᠠᠮᠦᠨ ᠵᠦᠪᠯᠡᠯ᠂ ᠡᠯ᠎ᠡ ᠰᠢᠭᠤᠳ ᠬᠠᠷᠢᠶ᠎ᠠ ᠪᠠᠶᠢᠭᠤᠯᠤᠮᠵᠢ ᠳᠤ᠄      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠭᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠭᠢᠮ ᠤᠨ ︿ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠣᠬᠠᠢ ᠰᠠᠨᠠᠯ﹀᠎ ᠢ ᠳᠠᠷᠤᠮᠠᠯᠯᠠᠨ ᠶᠠᠪᠤᠭᠤᠯᠬᠤ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠵᠢᠯᠤᠭᠤᠳᠬᠤ ᠦᠵᠡᠯ ᠰᠠᠨᠠᠭ᠎ᠠ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯ ᠢ ᠨᠢᠭᠡᠲᠦᠯᠲᠡᠢ ᠲᠦᠯᠦᠪᠵᠢᠭᠦᠯᠦᠨ ᠠᠬᠢᠭᠤᠯᠬᠤ ᠪᠠ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯ ᠢ ᠵᠣᠬᠢᠴᠠᠭᠤᠯᠤᠨ ᠠᠬᠢᠭᠤᠯᠵᠤ᠂ ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠤᠬᠢᠷᠳᠤᠯ ᠦᠭᠡᠢ᠂ ᠨᠡᠭᠡᠭᠡᠯᠲᠡ ᠲᠠᠢ᠂ ᠬᠠᠮᠲᠤᠪᠠᠷ ᠬᠦᠷᠲᠡᠬᠦ ᠬᠥᠭᠵᠢᠯᠲᠡ ᠶᠢᠨ ᠣᠨᠣᠵᠢᠯᠬᠤᠨ ᠢ ᠪᠠᠲᠤ ᠪᠠᠬᠢ ᠪᠣᠢ ᠪᠣᠯᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠬᠤ ᠴᠢᠳᠠᠪᠤᠷᠢ ᠶᠢᠨ ᠤᠳᠤᠬᠢᠴᠢᠯᠠᠯᠲᠠ ᠶᠢ ᠲᠠᠰᠤᠷᠠᠯᠲᠠ ᠦᠭᠡᠢ ᠠᠬᠢᠭᠤᠯᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠣᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠤᠰᠤᠭᠠᠷ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠰᠢᠢᠳᠪᠦᠷᠢᠲᠦ ᠪᠣᠳᠣᠯᠭ᠎ᠠ᠂ ᠬᠡᠷᠡᠭᠵᠢᠭᠦᠯᠦᠯᠲᠡ᠂ ᠬᠠᠮᠢᠶᠠᠷᠤᠯᠲᠠ᠂ ᠦᠢᠯᠡᠴᠢᠯᠡᠭᠡ᠂ ᠦᠷ᠎ᠡ ᠳ᠋ᠦᠩ ᠢ ᠢᠯᠡ ᠪᠣᠯᠭᠠᠬᠤ ᠶᠢ ᠠᠬᠢᠭᠤᠯᠵᠤ᠂ ᠣᠯᠠᠨ ᠨᠡᠶᠢᠲᠡ ᠶᠢᠨ ᠬᠢᠨᠠᠯᠲᠠ ᠲᠠᠯᠪᠢᠯᠲᠠ ᠶᠢ ᠦᠷᠭᠡᠳᠭᠡᠨ᠂ ᠢᠯᠡ ᠪᠣᠯᠭᠠᠬᠤ ᠪᠤᠳᠠᠳᠤ ᠦᠷ᠎ᠡ ᠪᠦᠲᠦᠮᠵᠢ ᠶᠢ ᠨᠡᠮᠡᠭᠳᠡᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠪᠦᠬᠦ ᠴᠤᠪᠤᠷᠠᠯ ᠢ ᠢᠯᠡ ᠲᠤᠳᠣ ᠪᠣᠯᠭᠠᠬᠤ ᠶᠢ ᠴᠢᠷᠮᠠᠶᠢᠨ ᠪᠡᠶᠡᠯᠡᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠢ ᠬᠡᠷᠡᠭᠯᠡᠬᠦ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠤ ᠠᠬᠤᠶᠢᠯᠠᠯ ᠪᠣᠯᠣᠨ ᠣᠯᠠᠨ ᠲᠦᠮᠡᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠵᠤ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠥᠭᠰᠢᠭᠦᠷᠢ ᠶᠢ ᠰᠡᠷᠭᠡᠶᠢᠯᠡᠬᠦ ᠳᠤ ᠬᠤᠪᠢ ᠨᠡᠮᠡᠷᠢ ᠪᠠᠨ ᠦᠵᠡᠭᠦᠯᠵᠦ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃      ᠬᠤᠶᠠᠷ᠂ ᠭᠤᠣᠯ ᠡᠭᠦᠷᠭᠡ      ᠲᠤᠰ ᠰᠠᠨᠠᠯ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠭᠡᠳᠡᠭ ᠲᠤ ᠭᠤᠣᠯᠳᠠᠭᠤ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠢ ᠪᠦᠲᠦᠭᠡᠨ ᠪᠠᠶᠢᠭᠤᠯᠬᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠬᠤᠪᠢᠶᠠᠷᠢᠯᠠᠬᠤ᠂ ᠤᠯᠤᠰ ᠤᠨ ᠭᠠᠵᠠᠷ ᠰᠢᠷᠤᠢ ᠪᠠ ᠠᠭᠤᠷᠬᠠᠢ ᠶᠢᠨ ᠡᠬᠢ ᠪᠠᠶᠠᠯᠢᠭ ᠤᠨ ᠬᠡᠷᠡᠭᠯᠡᠬᠦ ᠡᠷᠬᠡ ᠶᠢ ᠬᠢᠮᠳᠠ ᠦᠨ᠎ᠡ ᠪᠠᠷ ᠬᠤᠳᠠᠯᠳᠤᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠤᠯᠤᠰ ᠤᠨ ᠦᠮᠴᠢᠯᠡᠬᠦ ᠡᠷᠬᠡ ᠶᠢ ᠠᠷᠠᠯᠵᠢᠶᠠᠯᠠᠬᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠨᠡᠶᠢᠭᠡᠮ ᠤᠨ ᠬᠢᠨ ᠤ ᠬᠠᠯᠠᠮᠵᠢᠯᠠᠨ ᠠᠩᠬᠠᠷᠴᠤ ᠪᠠᠶᠢᠬᠤ ᠬᠡᠮᠵᠢᠶ᠎ᠡ ᠪᠠᠷ ᠶᠡᠭᠡ᠂ ᠬᠠᠮᠲᠤ ᠶᠢᠨ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ᠂ ᠠᠵᠤ ᠠᠬᠤᠢ ᠨᠡᠶᠢᠭᠡᠮ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠰᠢᠭᠤᠳ᠂ ᠥᠷᠭᠡᠨ ᠳᠡᠯᠭᠡᠷ ᠪᠠ ᠴᠢᠬᠤᠯᠠ ᠨᠦᠯᠦᠭᠡ ᠦᠵᠡᠭᠦᠯᠬᠦ ᠣᠯᠠᠨ ᠨᠡᠶᠢᠲᠡ ᠶᠢᠨ ᠡᠬᠢ ᠪᠠᠶᠠᠯᠢᠭ ᠤᠨ ᠬᠤᠪᠢᠶᠠᠷᠢᠯᠠᠯᠲᠠ ᠶᠢᠨ ᠵᠦᠢᠯᠡᠰ ᠪᠠᠭᠲᠠᠵᠤ ᠪᠣᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠨᠢ ᠣᠷᠣᠨ ᠪᠦᠰᠡ᠂ ᠠᠵᠢᠯ ᠲᠦᠷᠦᠯ ᠤᠨ ᠣᠨᠴᠠᠯᠢᠭ ᠢᠶᠠᠨ ᠦᠨᠳᠦᠰᠦᠯᠡᠨ᠂ ᠲᠤᠰ ᠭᠠᠵᠠᠷ ᠣᠷᠣᠨ᠂ ᠲᠣᠰ ᠠᠵᠢᠯ ᠲᠦᠷᠦᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠬᠡᠪᠴᠢᠶ᠎ᠡ ᠪᠠᠨ ᠤᠯᠠᠮ ᠨᠢᠭᠡ ᠠᠯᠬᠤᠮ ᠲᠤᠳᠤᠷᠬᠠᠶᠢᠯᠠᠵᠤ᠂ ᠢᠯᠡ ᠪᠣᠯᠭᠠᠬᠤ ᠵᠦᠢᠯᠡᠰ᠂ ᠠᠭᠤᠯᠭ᠎ᠠ᠂ ᠴᠠᠬ ᠬᠤᠭᠤᠴᠠᠭ᠎ᠠ᠂ ᠠᠷᠭ᠎ᠠ ᠮᠠᠶ᠋ᠢᠭ᠂ ᠬᠠᠷᠢᠭᠤᠴᠠᠬᠤ ᠭᠤᠣᠯ ᠴᠤᠭᠴᠠ᠂ ᠬᠢᠨᠠᠯᠲᠠ ᠲᠠᠯᠪᠢᠬᠤ ᠠᠷᠭ᠎ᠠ ᠵᠠᠮ ᠵᠡᠷᠭᠡ ᠶᠢ ᠨᠠᠷᠢᠯᠢᠬᠵᠢᠭᠤᠯᠤᠨ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠭᠠᠷᠴᠠᠭ ᠤᠨ ᠨᠠᠷᠢᠨ ᠬᠠᠭᠤᠳᠠᠰᠤ ᠳᠤ ᠣᠷᠤᠭᠤᠯᠤᠨ᠎ᠠ᠃      ︵ᠨᠢᠭᠡ︶ ᠢᠯᠡ ᠪᠣᠯᠭᠠᠬᠤ ᠭᠤᠣᠯᠳᠠᠯᠭ᠎ᠠ ᠶᠢ ᠳᠤᠪᠤᠶᠢᠯᠭᠠᠨ᠎ᠠ᠃      1. ᠣᠷᠣᠨ ᠰᠠᠭᠤᠴᠠ ᠶᠢᠨ ᠪᠠᠲᠤᠯᠠᠭ᠎ᠠ ᠶᠢᠨ ᠬᠦᠷᠢᠶ᠎ᠡ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠭᠤᠣᠯ ᠨᠢ ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠲᠦᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠲᠦᠰᠦᠯ᠂ ᠣᠨ ᠤ ᠪᠦᠲᠦᠭᠡᠨ ᠪᠠᠶᠢᠭᠤᠯᠤᠯᠲᠠ ᠶᠢᠨ ᠲᠦᠯᠦᠪᠯᠡᠭᠡ ᠶᠢᠨ ᠮᠡᠳᠡᠭᠡ ᠵᠠᠩᠭᠢ ︵ᠪᠦᠲᠦᠭᠡᠨ ᠪᠠᠶᠢᠭᠤᠯᠤᠯᠲᠠ ᠶᠢᠨ ᠲᠦᠯᠦᠪᠯᠡᠭᠡ ᠶᠢᠨ ᠡᠭᠦᠷᠭᠡ ᠶᠢᠨ ᠬᠡᠮᠵᠢᠶ᠎ᠡ᠂ ᠲᠦᠯᠦᠪᠯᠡᠭᠰᠡᠨ ᠲᠦᠷᠦᠯ ᠵᠦᠢᠯ ᠤᠨ ᠮᠡᠳᠡᠭᠡ ᠵᠠᠩᠭᠢ᠂ ᠲᠦᠯᠦᠪᠯᠡᠭᠰᠡᠨ ᠦᠷᠦᠭᠡ ᠶᠢᠨ ᠬᠡᠯᠪᠡᠷᠢ ᠪᠠᠭᠲᠠᠨ᠎ᠠ︶᠂ ᠪᠦᠲᠦᠭᠡᠨ ᠪᠠᠶᠢᠭᠤᠯᠤᠯᠲᠠ ᠶᠢᠨ ᠲᠦᠯᠦᠪᠯᠡᠭᠡ ᠶᠢ ᠪᠡᠶᠡᠯᠡᠭᠦᠯᠦᠭᠰᠡᠨ ᠪᠠᠶᠢᠳᠠᠯ ᠤᠨ ᠮᠡᠳᠡᠭᠡ ᠵᠠᠩᠭᠢ ︵ᠲᠦᠯᠦᠪᠯᠡᠭᠰᠡᠨ ᠡᠭᠦᠷᠭᠡ ᠶᠢ ᠪᠡᠶᠡᠯᠡᠭᠦᠯᠦᠭᠰᠡᠨ ᠠᠬᠢᠴᠠ᠂ ᠨᠢᠭᠡᠨᠲᠡ ᠠᠵᠢᠯ ᠡᠬᠢᠯᠡᠭᠦᠯᠦᠭᠰᠡᠨ ᠲᠦᠷᠦᠯ ᠵᠦᠢᠯ ᠤᠨ ᠦᠨᠳᠦᠰᠦᠨ ᠮᠡᠳᠡᠭᠡ ᠵᠠᠩᠭᠢ᠂ ᠨᠢᠭᠡᠨᠲᠡ ᠪᠠᠷᠢᠯᠭ᠎ᠠ ᠳᠠᠭᠤᠰᠤᠭᠰᠠᠨ ᠲᠦᠷᠦᠯ ᠵᠦᠢᠯ ᠤᠨ ᠦᠨᠳᠦᠰᠦᠨ ᠮᠡᠳᠡᠭᠡ ᠵᠠᠩᠭᠢ᠂ ᠳᠦᠬᠦᠷ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠪᠠᠭᠲᠠᠨ᠎ᠠ︶᠂ ᠬᠦᠳᠡᠭᠡ ᠲᠤᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠰᠢᠨᠡᠳᠭᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠤᠨ ᠮᠡᠳᠡᠭᠡ ᠵᠠᠩᠭᠢ ︵ᠬᠦᠳᠡᠭᠡ ᠲᠤᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠰᠢᠨᠡᠳᠭᠡᠬᠦ ᠲᠥᠷᠥ ᠶᠢᠨ ᠪᠣᠳᠣᠯᠭ᠎ᠠ᠂ ᠨᠤᠷᠠᠬᠤ ᠠᠶᠤᠯᠲᠠᠢ ᠭᠡᠷ ᠪᠠᠶᠢᠰᠢᠩ ᠨᠢ ᠬᠡᠨ ᠤ ᠪᠣᠯᠬᠤ ᠶᠢ ᠮᠠᠭᠠᠳᠯᠠᠨ ᠲᠣᠭᠲᠠᠭᠠᠬᠤ ᠶᠠᠪᠤᠴᠠ᠂ ᠨᠦᠬᠦᠪᠦᠷᠢ ᠶᠢᠨ ᠪᠡᠯᠡ ᠮᠦᠩᠭᠦ ᠶᠢ ᠬᠤᠪᠢᠶᠠᠷᠢᠯᠠᠬᠤ᠂ ᠦᠭᠡᠷᠡᠴᠢᠯᠡᠨ ᠰᠢᠨᠡᠳᠭᠡᠭᠰᠡᠨ ᠦᠷ᠎ᠡ ᠳ᠋ᠦᠩ ᠪᠠᠭᠲᠠᠨ᠎ᠠ︶᠎ ᠶᠢ ᠢᠯᠡ ᠪᠣᠯᠭᠠᠨ᠎ᠠ︔ ᠣᠷᠣᠨ ᠰᠠᠭᠤᠴᠠ ᠶᠢ ᠬᠤᠪᠢᠶᠠᠷᠢᠯᠠᠬᠤ ᠲᠠᠯ᠎ᠠ ᠪᠠᠷ᠂ ᠭᠤᠣᠯ ᠨᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠬᠤᠪᠢᠶᠠᠷᠢᠯᠠᠬᠤ ᠲᠥᠷᠥ ᠶᠢᠨ ᠪᠣᠳᠣᠯᠭ᠎ᠠ᠂ ᠬᠤᠪᠢᠶᠠᠷᠢᠯᠠᠵᠤ ᠣᠯᠬᠤ ᠬᠦᠮᠦᠰ᠂ ᠬᠤᠪᠢᠶᠠᠷᠢᠯᠠᠬᠤ ᠭᠡᠷ ᠪᠠᠶᠢᠰᠢᠩ ᠤᠨ ᠢᠷᠡᠯᠲᠡ᠂ ᠬᠤᠪᠢᠶᠠᠷᠢᠯᠠᠬᠤ ᠳᠡᠰ ᠳᠠᠷᠠᠭᠠᠯᠠᠯ᠂ ᠬᠤᠪᠢᠶᠠᠷᠢᠯᠠᠬᠤ ᠶᠠᠪᠤᠴᠠ᠂ ᠬᠤᠪᠢᠶᠠᠷᠢᠯᠠᠭᠰᠠᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠢᠯᠡ ᠪᠣᠯᠭᠠᠨ᠎ᠠ᠃      2. ᠤᠯᠤᠰ ᠤᠨ ᠭᠠᠵᠠᠷ ᠰᠢᠷᠤᠢ ᠬᠡᠷᠡᠭᠯᠡᠬᠦ ᠡᠷᠬᠡ ᠶᠢ ᠬᠢᠮᠳᠠ ᠦᠨ᠎ᠡ ᠪᠠᠷ ᠬᠤᠳᠠᠯᠳᠤᠬᠤ ᠬᠦᠷᠢᠶ᠎ᠡ᠃ ᠭᠤᠣᠯ ᠨᠢ ᠭᠠᠵᠠᠷ ᠰᠢᠷᠤᠢ ᠬᠠᠩᠭᠠᠬᠤ ᠲᠦᠯᠦᠪᠯᠡᠭᠡ᠂ ᠬᠢᠮᠳᠠ ᠦᠨ᠎ᠡ ᠪᠠᠷ ᠬᠤᠳᠠᠯᠳᠤᠬᠤ ᠠᠯᠪᠠᠨ ᠵᠠᠷ᠂ ᠬᠤᠳᠠᠯᠳᠤᠭᠠᠯᠠᠬᠤ ᠵᠠᠷᠯᠠᠯ᠂ ᠬᠠᠩᠭᠠᠯᠭ᠎ᠠ ᠶᠢᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠢᠯᠡ ᠪᠣᠯᠭᠠᠨ᠎ᠠ᠃      3. ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ ᠡᠷᠬᠡ ᠶᠢ ᠬᠢᠮᠳᠠ ᠦᠨ᠎ᠡ ᠪᠠᠷ ᠬᠤᠳᠠᠯᠳᠤᠬᠤ ᠬᠦᠷᠢᠶ᠎ᠡ᠃ ᠭᠤᠣᠯ ᠨᠢ ᠬᠢᠮᠳᠠ ᠦᠨ᠎ᠡ ᠪᠠᠷ ᠬᠤᠳᠠᠯᠳᠤᠬᠤ ᠠᠯᠪᠠᠨ ᠵᠠᠷ ᠵᠠᠷᠯᠠᠯ᠂ ᠬᠢᠨᠠᠨ ᠵᠥᠪᠰᠢᠶᠡᠷᠡᠭᠰᠡᠨ ᠦᠷ᠎ᠡ ᠳ᠋ᠦᠩ ᠤᠨ ᠮᠡᠳᠡᠭᠡ ᠵᠠᠩᠭᠢ᠂ ᠲᠦᠷᠦᠯ ᠵᠦᠢᠯ ᠤᠨ ᠮᠡᠳᠡᠭᠡ ᠵᠠᠩᠭᠢ ᠵᠡᠷᠭᠡ ᠮᠡᠳᠡᠭᠡ ᠵᠠᠩᠭᠢ ᠶᠢ ᠢᠯᠡ ᠪᠣᠯᠭᠠᠨ᠎ᠠ᠃      4. ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶ᠎ᠡ᠃ ᠭᠤᠣᠯ ᠨᠢ ᠬᠤᠳᠠᠯᠳᠤᠨ ᠠᠪᠬᠤ ᠲᠦᠷᠦᠯ ᠵᠦᠢᠯ ᠤᠨ ᠠᠯᠪᠠᠨ ᠵᠠᠷ᠂ ᠬᠤᠳᠠᠯᠳᠤᠨ ᠠᠪᠬᠤ ᠠᠵᠢᠯ ᠤᠨ ᠪᠢᠴᠢᠭ ᠮᠠᠲ᠋ᠧᠷᠢᠶᠠᠯ᠂ ᠬᠤᠳᠠᠯᠳᠤᠨ ᠠᠪᠬᠤ ᠲᠦᠷᠦᠯ ᠵᠦᠢᠯ ᠤᠨ ᠲᠦᠰᠦᠪ ᠤᠨ ᠵᠤᠭᠤᠰᠤᠨ ᠤ ᠲᠤᠭ᠎ᠠ᠂ ᠬᠤᠳᠠᠯᠳᠤᠨ ᠠᠪᠤᠭᠰᠠᠨ ᠦᠷ᠎ᠡ ᠳ᠋ᠦᠩ᠂ ᠬᠤᠳᠠᠯᠳᠤᠨ ᠠᠪᠬᠤ ᠭᠡᠷ᠎ᠡ ᠵᠡᠷᠭᠡ ᠬᠤᠳᠠᠯᠳᠤᠨ ᠠᠪᠬᠤ ᠲᠦᠷᠦᠯ ᠵᠦᠢᠯ ᠤᠨ ᠮᠡᠳᠡᠭᠡ ᠵᠠᠩᠭᠢ᠂ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠭᠠᠷᠭᠠᠭᠰᠠᠨ ᠵᠠᠭᠠᠯᠳᠤᠯᠭ᠎ᠠ ᠪᠠ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠰᠢᠢᠳᠪᠦᠷᠢᠯᠡᠬᠦ ᠲᠣᠭᠲᠠᠭᠠᠯ᠂ ᠲᠦᠪᠯᠡᠷᠡᠭᠦᠯᠵᠦ ᠬᠤᠳᠠᠯᠳᠤᠨ ᠠᠪᠬᠤ ᠪᠠᠶᠢᠭᠤᠯᠤᠮᠵᠢ ᠶᠢ ᠰᠢᠯᠭᠠᠨ ᠬᠢᠨᠠᠭᠰᠠᠨ ᠦᠷ᠎ᠡ ᠳ᠋ᠦᠩ᠂ ᠬᠠᠤᠯᠢ ᠠᠴᠠ ᠵᠦᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠲᠡᠭᠯᠡᠯ ᠵᠡᠷᠭᠡ ᠬᠢᠨᠠᠯᠲᠠ ᠲᠠᠯᠪᠢᠵᠤ ᠰᠢᠳᠭᠡᠨ ᠲᠣᠷᠭᠠᠭᠰᠠᠨ ᠮᠡᠳᠡᠭᠡ ᠵᠠᠩᠭᠢ ᠶᠢ ᠢᠯᠡ ᠪᠣᠯᠭᠠᠨ᠎ᠠ᠃      5. ᠤᠯᠤᠰ ᠤᠨ ᠦᠮᠴᠢᠯᠡᠬᠦ ᠡᠷᠬᠡ ᠶᠢ ᠠᠷᠠᠯᠵᠢᠶᠠᠯᠠᠬᠤ ᠬᠦᠷᠢᠶ᠎ᠡ᠃ ᠬᠤᠳᠠᠯᠳᠤᠭᠠᠨ ᠤ ᠨᠢᠭᠤᠴᠠ ᠳᠤ ᠬᠤᠯᠪᠤᠭᠳᠠᠬᠤ ᠠᠴᠠ ᠪᠤᠰᠤᠳ᠂ ᠭᠤᠣᠯ ᠨᠢ ᠦᠮᠴᠢᠯᠡᠬᠦ ᠡᠷᠬᠡ ᠶᠢ ᠠᠷᠠᠯᠵᠢᠶᠠᠯᠠᠬᠤ ᠰᠢᠢᠳᠪᠦᠷᠢᠲᠦ ᠪᠣᠳᠣᠯᠭ᠎ᠠ ᠵᠢᠴᠢ ᠵᠥᠪᠰᠢᠶᠡᠷᠡᠭᠰᠡᠨ ᠮᠡᠳᠡᠭᠡ ᠵᠠᠩᠭᠢ᠂ ᠠᠷᠠᠯᠵᠢᠶᠠᠯᠠᠬᠤ ᠲᠦᠷᠦᠯ ᠵᠦᠢᠯ ᠤᠨ ᠮᠡᠳᠡᠭᠡ ᠵᠠᠩᠭᠢ᠂ ᠰᠢᠯᠵᠢᠭᠦᠯᠦᠨ ᠥᠭᠬᠦ ᠦᠨ᠎ᠡ ᠬᠠᠩᠰᠢ᠂ ᠠᠷᠠᠯᠵᠢᠶᠠᠯᠠᠬᠤ ᠦᠨ᠎ᠡ ᠬᠠᠩᠰᠢ᠂ ᠬᠠᠮᠢᠶ᠎ᠠ ᠪᠦᠬᠦᠢ ᠵᠠᠭᠤᠴᠢ ᠪᠠᠶᠢᠭᠤᠯᠤᠮᠵᠢ ᠳᠤ ᠬᠢᠨᠠᠨ ᠪᠣᠳᠣᠯᠲᠠ ᠬᠢᠭᠰᠡᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠢᠯᠡ ᠪᠣᠯᠭᠠᠨ᠎ᠠ᠃      6. ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶ᠎ᠡ᠃ ᠭᠤᠣᠯ ᠨᠢ ᠬᠠᠤᠯᠢ ᠶᠤᠰᠤᠭᠠᠷ ᠡᠷᠬᠡᠪᠰᠢ ᠳᠠᠭᠠᠭᠠᠴᠢᠯᠠᠯᠲᠠ ᠵᠠᠷᠯᠠᠬᠤ ᠲᠦᠷᠦᠯ ᠵᠦᠢᠯ ᠢ ᠬᠢᠨᠠᠨ ᠵᠥᠪᠰᠢᠶᠡᠷᠡᠵᠦ ᠬᠠᠷᠭᠤᠭᠤᠯᠤᠨ ᠵᠥᠪᠰᠢᠶᠡᠷᠡᠭᠰᠡᠨ ᠪᠠ ᠪᠦᠷᠢᠳᠭᠡᠨ ᠳᠠᠩᠰᠠᠯᠠᠭᠰᠠᠨ ᠮᠡᠳᠡᠭᠡ ᠵᠠᠩᠭᠢ᠂ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠢᠲᠡᠭᠡᠮᠵᠢ ᠵᠡᠷᠭᠡ ᠮᠡᠳᠡᠭᠡ ᠵᠠᠩᠭᠢ ᠶᠢ ᠢᠯᠡ ᠪᠣᠯᠭᠠᠨ᠎ᠠ᠃ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠳᠤ ᠬᠤᠯᠪᠣᠭᠳᠠᠬᠤ ᠠᠴᠠ ᠪᠤᠰᠤᠳ᠂ ᠳᠠᠭᠠᠭᠠᠴᠢᠯᠠᠯᠲᠠ ᠵᠠᠷᠯᠠᠬᠤ ᠠᠯᠪᠠᠨ ᠵᠠᠷ ︵ᠳᠠᠭᠠᠭᠠᠴᠢᠯᠠᠯᠲᠠ ᠵᠠᠷᠯᠠᠬᠤ ᠨᠦᠬᠦᠴᠡᠯ᠂ ᠲᠦᠷᠦᠯ ᠵᠦᠢᠯ ᠤᠨ ᠲᠦᠢᠮᠤ ᠪᠠᠶᠢᠳᠠᠯ ᠬᠢᠭᠡᠳ ᠳᠠᠭᠠᠭᠠᠴᠢᠯᠠᠯᠲᠠ ᠵᠠᠷᠯᠠᠬᠤ ᠬᠡᠪᠴᠢᠶ᠎ᠠ᠂ ᠳᠠᠭᠠᠭᠠᠴᠢᠯᠠᠯᠲᠠ ᠬᠦᠯᠢᠶᠡᠬᠦ ᠬᠦᠮᠦᠰ ᠤᠨ ᠬᠢᠷᠢ ᠭᠡᠮ ᠤᠨ ᠱᠠᠭᠠᠷᠳᠠᠯᠭ᠎ᠠ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠣᠯᠬᠤ᠂ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠭᠠᠷᠳᠠᠭᠤᠯᠬᠤ ᠵᠡᠷᠭᠡ ᠪᠠᠭᠲᠠᠨ᠎ᠠ︶᠂ ᠳᠠᠭᠠᠭᠠᠴᠢᠯᠠᠯᠲᠠ ᠳᠤ ᠤᠨᠤᠭᠳᠠᠬᠤ ᠵᠢᠱᠢᠭᠳᠡᠭᠴᠢ ︵ᠳᠠᠭᠠᠭᠠᠴᠢᠯᠠᠯᠲᠠ ᠳᠤ ᠣᠨᠣᠭᠳᠠᠬᠤ ᠵᠢᠱᠢᠭᠳᠡᠭᠴᠢ ᠶᠢᠨ ᠵᠢᠭᠰᠠᠭᠠᠯᠲᠠ᠂ ᠨᠡᠷᠡᠶᠢᠳᠦᠯ᠂ ᠳᠠᠭᠠᠭᠠᠴᠢᠯᠠᠯᠲᠠ ᠬᠦᠯᠢᠶᠡᠬᠦ ᠳᠤ ᠮᠡᠳᠡᠭᠦᠯᠦᠭᠰᠡᠨ ᠦᠨ᠎ᠡ᠂ ᠪᠠᠷᠢᠯᠭ᠎ᠠ ᠶᠢᠨ ᠬᠤᠭᠤᠴᠠᠭ᠎ᠠ᠂ ᠳᠠᠭᠠᠭᠠᠴᠢᠯᠠᠯᠲᠠ ᠲᠣᠭᠲᠠᠭᠠᠬᠤ ᠪᠠᠶᠢᠳᠠᠯ᠂ ᠲᠦᠷᠦᠯ ᠵᠦᠢᠯ ᠤᠨ ᠬᠠᠷᠢᠭᠤᠴᠠᠬᠤ ᠬᠦᠮᠦᠨ᠂ ᠬᠤᠪᠢ ᠬᠦᠮᠦᠨ ᠤ ᠠᠵᠢᠯ ᠤᠨ ᠠᠮᠵᠢᠯᠲᠠ᠂ ᠬᠤᠯᠪᠣᠭᠳᠠᠯ ᠪᠦᠬᠦᠢ ᠦᠨᠡᠮᠯᠡᠯ ᠵᠢᠴᠢ ᠳ᠋ᠤᠭᠠᠷ᠂ ᠳᠠᠭᠠᠭᠠᠴᠢᠯᠠᠯᠲᠠ ᠳᠤ ᠣᠨᠣᠭᠳᠠᠬᠤ ᠵᠢᠱᠢᠭᠳᠡᠭᠴᠢ ᠨᠢ ᠳᠠᠭᠠᠭᠠᠴᠢᠯᠠᠯᠲᠠ ᠬᠦᠯᠢᠶᠡᠬᠦ ᠮᠠᠲ᠋ᠧᠷᠢᠶᠠᠯ ᠳᠤ ᠲᠠᠭᠯᠠᠭᠰᠠᠨ ᠬᠢᠷᠢ ᠭᠡᠮ ᠴᠢᠳᠠᠪᠤᠷᠢ ᠶᠢᠨ ᠨᠦᠬᠦᠴᠡᠯ᠂ ᠣᠨᠳᠣᠣ ᠰᠠᠨᠠᠯ ᠳᠤᠷᠠᠳᠬᠤ ᠠᠷᠭ᠎ᠠ ᠵᠠᠮ ᠪᠠ ᠠᠷᠭ᠎ᠠ ᠮᠠᠶ᠋ᠢᠭ ᠵᠡᠷᠭᠡ ᠪᠠᠭᠲᠠᠨ᠎ᠠ︶ ᠳᠠᠭᠠᠭᠠᠴᠢᠯᠠᠯᠲᠠ ᠳᠤ ᠣᠨᠣᠭᠳᠠᠭᠰᠠᠨ ᠦᠷ᠎ᠡ ᠳ᠋ᠦᠩ᠂ ᠭᠡᠷ᠎ᠡ ᠲᠣᠭᠲᠠᠬᠤ ᠪᠠ ᠭᠦᠢᠴᠡᠳᠭᠡᠬᠦ ᠵᠡᠷᠭᠡ ᠮᠡᠳᠡᠭᠡ ᠵᠠᠩᠭᠢ ᠶᠢ ᠪᠦᠷ ᠨᠡᠶᠢᠭᠡᠮ ᠳᠤ ᠨᠡᠶᠢᠲᠡᠯᠡᠨ᠎ᠡ᠃      ︵ᠬᠤᠶᠠᠷ︶ ᠢᠯᠡ ᠪᠣᠯᠭᠠᠬᠤ ᠭᠤᠣᠯ ᠴᠤᠭᠴᠠ ᠶᠢ ᠲᠤᠳᠤᠷᠬᠠᠶᠢᠯᠠᠨ᠎ᠠ᠃      ︽ᠬᠡᠨ ᠬᠢᠨᠠᠨ ᠵᠥᠪᠰᠢᠶᠡᠷᠡᠪᠡᠯ᠂ ᠲᠡᠷᠡ ᠢᠯᠡ ᠪᠣᠯᠭᠠᠬᠤ᠂ ᠬᠡᠨ ᠬᠡᠷᠡᠭᠵᠢᠭᠦᠯᠪᠡᠯ᠂ ᠲᠡᠷᠡ ᠢᠯᠡ ᠪᠣᠯᠭᠠᠬᠤ᠂ ᠬᠡᠨ ᠪᠢᠴᠢᠵᠦ ᠵᠣᠬᠢᠶᠠᠪᠠᠯ᠂ ᠲᠡᠷᠡ ᠢᠯᠡ ᠪᠣᠯᠭᠠᠬᠤ︾ ᠵᠠᠷᠴᠢᠮ ᠢᠶᠠᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠳᠤ ᠬᠤᠯᠪᠤᠭᠳᠠᠪᠠᠯ ᠵᠥᠪᠰᠢᠶᠡᠷᠡᠭᠰᠡᠨ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠳ᠋ᠦᠩ ᠤᠨ ᠮᠡᠳᠡᠭᠡ ᠵᠠᠩᠭᠢ ᠶᠢ ᠬᠢᠨᠠᠨ ᠵᠥᠪᠰᠢᠶᠡᠷᠡᠬᠦ ᠰᠠᠯᠠᠭ᠎ᠠ ᠮᠦᠴᠢᠷ ᠠᠴᠠ ᠬᠠᠷᠢᠭᠤᠴᠠᠵᠤ ᠢᠯᠡ ᠪᠣᠯᠭᠠᠨ᠎ᠠ︔ ᠣᠯᠠᠨ ᠨᠡᠶᠢᠲᠡ ᠶᠢᠨ ᠡᠬᠢ ᠪᠠᠶᠠᠯᠢᠭ ᠤᠨ ᠲᠦᠷᠦᠯ ᠵᠦᠢᠯ ᠤᠨ ᠦᠨᠳᠦᠰᠦᠨ ᠮᠡᠳᠡᠭᠡ ᠵᠠᠩᠭᠢ᠂ ᠲᠣᠬᠢᠷᠠᠭᠤᠯᠤᠯᠲᠠ ︵ᠠᠷᠠᠯᠵᠢᠶ᠎ᠠ︶ ᠬᠢᠬᠦ ᠶᠠᠪᠤᠴᠠ ᠶᠢᠨ ᠮᠡᠳᠡᠭᠡ ᠵᠠᠩᠭᠢ᠂ ᠳᠠᠭᠠᠭᠠᠴᠢᠯᠠᠯᠲᠠ ᠳᠤ ᠣᠨᠣᠭᠳᠠᠭᠰᠠᠨ ︵ᠬᠤᠳᠠᠯᠳᠤᠭᠠᠯᠠᠭᠰᠠᠨ︶ ᠮᠡᠳᠡᠭᠡ ᠵᠠᠩᠭᠢ᠂ ᠭᠡᠷ᠎ᠡ ᠶᠢᠨ ᠪᠣᠯᠵᠤᠭ᠎ᠠ ᠶᠢ ᠭᠦᠢᠴᠡᠳᠭᠡᠭᠰᠡᠨ ᠮᠡᠳᠡᠭᠡ ᠵᠠᠩᠭᠢ ᠶᠢ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠬᠠᠮᠢᠶᠠᠷᠬᠤ ᠪᠠ ᠬᠡᠷᠡᠭᠵᠢᠭᠦᠯᠵᠦ ᠪᠠᠶᠢᠭ᠎ᠠ ᠤᠯᠤᠰ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠠᠴᠠ ᠡᠵᠡᠮᠳᠡᠵᠦ ᠪᠠᠶᠢᠭ᠎ᠠ ᠮᠡᠳᠡᠭᠡ ᠵᠠᠩᠭᠢ ᠶᠢᠨ ᠪᠠᠶᠢᠳᠠᠯ ᠢᠶᠠᠷ ᠢᠶᠠᠨ ᠲᠤᠰ ᠲᠤᠰ ᠲᠠᠭᠠᠨ ᠢᠯᠡ ᠪᠣᠯᠭᠠᠨ᠎ᠠ᠃ ᠡᠭᠦᠨ ᠠᠴᠠ ᠭᠠᠳᠠᠨ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠲᠠᠯ᠎ᠠ ᠪᠠᠷ ᠬᠢ ︽ᠬᠠᠷ᠎ᠠ ᠳᠠᠩᠰᠠ︾᠎ ᠶᠢᠨ ᠳᠦᠷᠢᠮ ᠢ ᠰᠦᠪᠡᠭᠴᠢᠯᠡᠨ ᠪᠠᠶᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠢ ᠮᠡᠬᠡᠯᠡᠨ ᠠᠪᠤᠭᠰᠠᠨ ᠵᠡᠷᠭᠡ ᠮᠠᠭᠤ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠶᠢ ᠠᠯᠬᠤᠮ ᠠᠯᠬᠤᠮ ᠢᠶᠠᠷ ︽ᠬᠠᠷ᠎ᠠ ᠳᠠᠩᠰᠠ︾᠎ ᠳᠤ ᠣᠷᠤᠭᠤᠯᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠷᠢᠭᠤᠴᠠᠨ ᠬᠠᠮᠢᠶᠠᠷᠴᠤ ᠪᠠᠶᠢᠭ᠎ᠠ ᠰᠠᠯᠠᠭ᠎ᠠ ᠮᠦᠴᠢᠷ ᠠᠴᠠ ᠲᠤᠰ ᠲᠤᠰ ᠲᠠᠭᠠᠨ ᠢᠯᠡ ᠪᠣᠯᠭᠠᠨ᠎ᠠ᠃      ︵ᠭᠤᠷᠪᠠ︶ ᠢᠯᠡ ᠪᠣᠯᠭᠠᠬᠤ ᠠᠷᠭ᠎ᠠ ᠵᠠᠮ ᠢ ᠥᠷᠭᠡᠳᠭᠡᠨ᠎ᠡ᠃      ᠵᠠᠰᠠᠭ ᠤᠨ ᠣᠷᠳᠣᠨ ᠤ ᠰᠦᠯᠵᠢᠶ᠎ᠡ ᠶᠢᠨ ᠲᠦᠷᠦᠭᠦᠯᠡᠭᠴᠢ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠬᠦᠷᠢᠶᠡᠨ ᠳᠠᠬᠢ ᠡᠯ᠎ᠡ ᠲᠦᠷᠦᠯ ᠤᠨ ᠮᠡᠳᠡᠭᠡ ᠵᠠᠩᠭᠢ ᠶᠢ ᠴᠠᠭ ᠲᠣᠬᠠᠢ ᠳᠤᠨᠢ ᠨᠡᠶᠢᠲᠡᠯᠡᠵᠦ᠂ ᠭᠤᠶᠤᠴᠢᠯᠠᠯ ᠢᠶᠠᠷ ᠢᠯᠡ ᠪᠣᠯᠭᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ ᠵᠠᠰᠠᠭ ᠤᠨ ᠶᠠᠪᠤᠳᠠᠯ ᠤᠨ ᠪᠢᠴᠢᠯ ᠪᠥᠷᠭᠡ ᠪᠠ ᠸᠢᠴᠠᠲ᠂ ᠰᠣᠨᠢᠨ ᠮᠡᠳᠡᠭᠡ ᠵᠠᠭᠤᠴᠢᠯᠠᠭᠤᠷ᠂ ᠵᠠᠰᠠᠭ ᠤᠨ ᠶᠠᠪᠤᠳᠠᠯ ᠤᠨ ᠬᠡᠷᠡᠭᠯᠡᠭᠴᠢ ᠶᠢᠨ ᠦᠢᠯᠡᠴᠢᠯᠡᠭᠦᠷ ᠫᠷᠣᠭ᠍ᠷᠠᠮ ᠵᠡᠷᠭᠡ ᠶᠢ ᠢᠳᠡᠪᠬᠢᠲᠡᠢ ᠪᠠᠷ ᠠᠰᠢᠭᠯᠠᠨ ᠮᠡᠳᠡᠭᠡ ᠵᠠᠩᠭᠢ ᠶᠢ ᠢᠯᠡ ᠪᠣᠯᠭᠠᠬᠤ ᠠᠷᠭ᠎ᠠ ᠵᠠᠮ ᠢ ᠥᠷᠭᠡᠳᠭᠡᠵᠦ᠂ ᠰᠦᠯᠵᠢᠶᠡᠨ ᠳᠡᠭᠡᠷᠡᠬᠢ ᠦᠢᠯᠡᠴᠢᠯᠡᠭᠡ ᠶᠢ ᠦᠷᠨᠢᠭᠦᠯᠦᠨ᠂ ᠬᠡᠷᠡᠭᠯᠡᠭᠴᠢᠳ ᠤᠨ ᠪᠡᠶ᠎ᠡ ᠪᠠᠷ ᠢᠶᠠᠨ ᠣᠶᠢᠯᠠᠭᠠᠵᠤ ᠬᠢᠬᠦ ᠶᠢ ᠳᠡᠭᠡᠭᠰᠢᠯᠡᠭᠦᠯᠦᠨ᠎ᠡ᠃ ᠪᠦᠬᠦ ᠤᠯᠤᠰ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠯᠠᠬᠤ ᠲᠡᠪᠴᠡᠩ ᠢᠶᠠᠷ ᠭᠦᠢᠰᠦ ᠪᠣᠯᠭᠠᠭᠰᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠤᠭ᠎ᠠ ᠪᠠᠷᠢᠮᠲᠠ ᠶᠢ ᠬᠠᠮᠲᠤᠪᠠᠷ ᠬᠦᠷᠲᠡᠬᠦ ᠲᠡᠪᠴᠡᠩ ᠤᠨ ᠰᠢᠰᠲ᠋ᠧᠮᠵᠢ ᠶᠢ ᠪᠠᠶᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠪᠦᠬᠦ ᠴᠤᠪᠤᠷᠠᠯ ᠤᠨ ᠢᠯᠡ ᠲᠤᠳᠣ ᠪᠣᠯᠬᠤ ᠶᠢ ᠠᠬᠢᠭᠤᠯᠵᠤ᠂ ᠬᠠᠤᠯᠢ ᠶᠤᠰᠤᠭᠠᠷ ᠢᠯᠡ ᠪᠣᠯᠭᠠᠪᠠᠰᠤ ᠵᠣᠬᠢᠬᠤ ᠡᠯ᠎ᠡ ᠲᠦᠷᠦᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠯᠪᠠᠨ ᠵᠠᠷ᠂ ᠬᠢᠷᠢ ᠭᠡᠮ ᠢ ᠬᠢᠨᠠᠨ ᠪᠠᠶᠢᠴᠠᠭᠠᠭᠰᠠᠨ ᠦᠷ᠎ᠡ ᠳ᠋ᠦᠩ᠂ ᠠᠷᠠᠯᠵᠢᠶᠠᠯᠠᠬᠤ ᠶᠠᠪᠤᠴᠠ ᠶᠢᠨ ᠮᠡᠳᠡᠭᠡ ᠵᠠᠩᠭᠢ᠂ ᠬᠤᠳᠠᠯᠳᠤᠭᠠᠯᠠᠭᠰᠠᠨ ᠮᠡᠳᠡᠭᠡ ᠵᠠᠩᠭᠢ᠂ ᠭᠡᠷ᠎ᠡ ᠶᠢᠨ ᠪᠣᠯᠵᠤᠭ᠎ᠠ ᠶᠢ ᠭᠦᠢᠴᠡᠳᠭᠡᠭᠰᠡᠨ ᠮᠡᠳᠡᠭᠡ ᠵᠠᠩᠭᠢ ᠵᠢᠴᠢ ᠬᠤᠯᠪᠣᠭᠳᠠᠯ ᠪᠦᠬᠦᠢ ᠰᠢᠨᠡᠳᠭᠡᠵᠦ ᠬᠤᠪᠢᠷᠠᠭᠤᠯᠤᠭᠰᠠᠨ ᠮᠡᠳᠡᠭᠡ ᠵᠠᠩᠭᠢ ᠵᠡᠷᠭᠡ ᠶᠢ ᠲᠣᠭᠲᠠᠭᠠᠭᠰᠠᠨ ᠵᠠᠭᠤᠴᠢᠯᠠᠭᠤᠷ ᠲᠤ ᠨᠡᠶᠢᠲᠡᠯᠡᠭᠰᠡᠨ ᠤ ᠳᠠᠷᠠᠭ᠎ᠠ᠂ ᠵᠣᠬᠢᠬᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠡᠪᠴᠡᠩ ᠯᠤᠭ᠎ᠠ ᠮᠡᠳᠡᠭᠡ ᠵᠠᠩᠭᠢ ᠪᠠᠨ ᠬᠠᠮᠲᠤᠪᠠᠷ ᠬᠦᠷᠲᠡᠬᠦ ᠶᠢ ᠪᠡᠶᠡᠯᠡᠭᠦᠯᠬᠦ ᠶᠢᠨ ᠬᠠᠮᠲᠤ᠂ ᠪᠦᠬᠦ ᠤᠯᠤᠰ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠡᠪᠴᠡᠩ ᠲᠠᠢ ᠴᠠᠭ ᠲᠣᠬᠠᠢ ᠳᠤᠨᠢ ᠬᠠᠷᠢᠯᠴᠠᠨ ᠰᠤᠯᠢᠯᠴᠠᠵᠤ ᠬᠤᠷᠢᠶᠠᠩᠭᠤᠶᠢᠯᠠᠨ ᠨᠡᠶᠢᠲᠡᠯᠡᠨ᠎ᠡ᠃ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠬᠦᠷᠢᠶᠡᠨ ᠳᠠᠬᠢ ᠢᠲᠡᠭᠡᠮᠵᠢ ᠶᠢᠨ ᠮᠡᠳᠡᠭᠡ ᠵᠠᠩᠭᠢ ᠶᠢ ᠪᠦᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠲᠡᠪᠴᠡᠩ ᠲᠠᠢ ᠴᠠᠭ ᠲᠣᠬᠠᠢ ᠳᠤᠨᠢ ᠬᠠᠷᠢᠯᠴᠠᠨ ᠰᠤᠯᠢᠯᠴᠠᠬᠤ ᠶᠢᠨ ᠬᠠᠮᠲᠤ᠂ ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ᠳᠤ ᠲᠦᠰᠢᠭᠯᠡᠨ ᠴᠠᠭ ᠲᠣᠬᠠᠢ ᠳᠤᠨᠢ ᠢᠯᠡ ᠪᠣᠯᠭᠠᠨ᠎ᠠ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠡᠪᠴᠡᠩ ᠢ ᠪᠤᠰᠤᠳ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠯᠦᠭᠡ ᠡᠮᠬᠢᠯᠡᠨ ᠨᠡᠶᠢᠯᠡᠭᠦᠯᠵᠦ ᠬᠠᠮᠲᠤᠪᠠᠷ ᠬᠦᠷᠲᠡᠬᠦ ᠪᠣᠯᠭᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠮᠡᠳᠡᠭᠡ ᠵᠠᠩᠭᠢ ᠶᠢ ᠪᠤᠰᠤᠳ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠯᠤᠭ᠎ᠠ ᠬᠠᠮᠲᠤᠪᠠᠷ ᠬᠦᠷᠲᠡᠵᠦ ᠪᠣᠯᠬᠤ ᠪᠠᠷ ᠵᠤᠯᠭᠠᠭᠤᠯᠬᠤ ᠶᠢ ᠪᠡᠶᠡᠯᠡᠭᠦᠯᠦᠨ᠎ᠡ᠃      ︵ᠳᠥᠷᠪᠡ︶ ᠢᠯᠡ ᠪᠣᠯᠭᠠᠬᠤ ᠬᠦᠴᠦᠨ ᠲᠡᠭᠦᠯᠳᠡᠷ ᠬᠤᠭᠤᠴᠠᠭ᠎ᠠ ᠶᠢ ᠴᠢᠩᠭᠠᠷᠠᠭᠤᠯᠤᠨ᠎ᠠ᠃      ᠢᠯᠡ ᠪᠣᠯᠭᠠᠬᠤ ᠶᠢ ᠬᠡᠪ ᠤᠨ ᠪᠠᠶᠢᠳᠠᠯ ᠢᠶᠠᠷ ᠦᠵᠡᠬᠦ᠂ ᠢᠯᠡ ᠪᠣᠯᠭᠠᠬᠤ ᠦᠭᠡᠢ ᠶᠢ ᠣᠨᠴᠤᠭᠤᠢ ᠪᠠᠶᠢᠳᠠᠯ ᠢᠶᠠᠷ ᠦᠵᠡᠬᠦ ᠶᠢ ᠪᠠᠷᠢᠮᠲᠠᠯᠠᠵᠤ᠂ ᠤᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠶᠠᠪᠤᠴᠠ ᠳᠤ ᠪᠣᠢ ᠪᠣᠯᠣᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠳᠠᠬᠢ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠵᠡᠷᠭᠡ ᠠᠭᠤᠯᠭ᠎ᠠ ᠳᠤ ᠬᠤᠯᠪᠣᠭᠳᠠᠬᠤ ᠠᠴᠠ ᠪᠤᠰᠤᠳ ᠢ ᠪᠣᠯ ᠬᠠᠤᠯᠢ ᠶᠤᠰᠤᠭᠠᠷ ᠴᠠᠭ ᠲᠣᠬᠠᠢ ᠳᠤᠨᠢ ᠢᠯᠡ ᠪᠣᠯᠭᠠᠨ᠎ᠠ᠃ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠠᠷ ᠲᠣᠭᠲᠠᠭᠠᠭᠳᠠᠭᠰᠠᠨ ᠮᠡᠳᠡᠭᠡ ᠵᠠᠩᠭᠢ ᠶᠢ ᠪᠣᠯ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠠᠴᠠ ᠪᠤᠰᠤᠳ ᠲᠤᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾᠎ ᠤᠨ ᠲᠣᠭᠲᠠᠭᠠᠯ ᠢ ᠴᠢᠩᠭ᠎ᠠ ᠵᠢᠷᠤᠮᠯᠡᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠪᠣᠢ ᠪᠣᠯᠣᠭᠰᠠᠨ ᠪᠤᠶᠤ ᠰᠢᠨᠡᠳᠭᠡᠵᠦ ᠬᠤᠪᠢᠷᠠᠭᠤᠯᠤᠬᠰᠠᠨ ᠡᠳᠦᠷ ᠠᠴᠠ ᠡᠬᠢᠯᠡᠵᠦ 20 ᠠᠵᠢᠯ ᠤᠨ ᠡᠳᠦᠷ ᠳᠤᠲᠤᠷ᠎ᠠ ᠢᠯᠡ ᠪᠣᠯᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠵᠦᠢᠯᠡᠰ ᠢ ᠵᠠᠰᠠᠭ ᠵᠠᠬᠢᠷᠭᠠᠨ ᠤ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠵᠦ 7 ᠠᠵᠢᠯ ᠤᠨ ᠡᠳᠦᠷ ᠲᠤᠳᠤᠷ᠎ᠠ ᠰᠦᠯᠵᠢᠶᠡᠨ ᠳᠡᠭᠡᠷ᠎ᠡ ᠢᠯᠡ ᠪᠣᠯᠭᠠᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠳᠤ ᠬᠠᠤᠯᠢ ᠪᠠᠷ ᠲᠣᠭᠲᠠᠭᠠᠭᠰᠠᠨ ᠴᠠᠭ ᠬᠤᠭᠤᠴᠠᠭ᠎ᠠ ᠪᠠ ᠰᠢᠯᠲᠠᠭᠠᠨ ᠢ ᠴᠢᠩᠭ᠎ᠠ ᠵᠢᠷᠤᠮᠯᠡᠨ ᠬᠠᠷᠢᠭᠤ ᠥᠭᠬᠦ ᠬᠡᠷᠡᠭᠲᠡᠢ᠃      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠎ᠠ᠃      ᠡᠯ᠎ᠡ ᠱᠠᠲᠤᠨ ᠤ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠡᠭᠦᠷᠭᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠡᠭᠦᠨ ᠢᠶᠠᠷ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠭᠦᠨᠵᠡᠭᠡᠶᠢᠷᠡᠭᠦᠯᠬᠦ ᠶᠢᠨ ᠪᠦᠲᠦᠮᠵᠢᠲᠡᠢ ᠭᠠᠷᠳᠠᠴᠠ ᠪᠣᠯᠭᠠᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠨᠢ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠢᠯ ᠤᠨ ᠬᠤᠪᠢᠶᠠᠷᠢᠯᠠᠯ ᠢᠶᠠᠨ ᠲᠤᠳᠤᠷᠬᠠᠶᠢᠯᠠᠨ᠂ ᠬᠠᠷᠢᠭᠤᠴᠠᠯᠭ᠎ᠠ ᠪᠠᠨ ᠪᠠᠲᠤᠳᠬᠠᠬᠤ ᠬᠡᠷᠡᠭᠲᠡᠢ᠂ ᠵᠠᠰᠠᠭ ᠤᠨ ᠣᠷᠳᠣᠨ ᠤ ᠠᠯᠪᠠᠨ ᠲᠢᠩᠭᠢᠮ ︵ᠭᠡᠷ︶᠎ ᠨᠢ ᠵᠣᠬᠢᠶᠠᠨ ᠪᠠᠶᠢᠭᠤᠯᠵᠤ ᠵᠣᠬᠢᠴᠠᠭᠤᠯᠬᠤ ᠰᠠᠯᠠᠭ᠎ᠠ ᠮᠦᠴᠢᠷ ᠪᠤᠯᠤᠭᠰᠠᠨ ᠤ ᠬᠤᠪᠢ ᠳᠤ᠂ ᠬᠥᠭᠵᠢᠭᠦᠯᠦᠯᠲᠡ ᠦᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠬᠢᠵᠢᠯᠲᠠ᠂ ᠡᠳ᠋ ᠤᠨ ᠵᠠᠰᠠᠭ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠣᠷᠴᠢᠨ ᠲᠣᠭᠤᠷᠢᠨ ᠤ ᠬᠠᠮᠠᠭᠠᠯᠠᠯᠲᠠ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠲᠠᠷᠢᠶᠠᠯᠠᠩ᠂ ᠬᠤᠳᠠᠯᠳᠤᠭᠠᠨ ᠤ ᠶᠠᠪᠤᠳᠠᠯ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ᠂ ᠬᠢᠨᠠᠨ ᠪᠣᠳᠣᠯᠲᠠ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ᠂ ᠣᠢ ᠰᠢᠭᠤᠢ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠰᠠᠯᠠᠭ᠎ᠠ ᠮᠦᠴᠢᠷ ᠵᠢᠴᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠲᠠᠢ ᠬᠠᠮᠲᠤᠷᠠᠨ᠂ ᠲᠤᠳᠤᠷᠬᠠᠢ ᠠᠵᠢᠯ ᠤᠨ ᠬᠠᠷᠠᠯᠲᠠ ᠪᠠ ᠪᠣᠲᠠᠲᠠᠢ ᠠᠵᠢᠯ ᠤᠨ ᠲᠣᠬᠢᠷᠠᠭᠤᠯᠤᠯᠲᠠ ᠶᠢ ᠳᠤᠷᠠᠳᠴᠤ᠂ ᠬᠢᠨᠠᠮᠠᠭᠠᠢ ᠪᠠᠷ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢᠨ ᠬᠠᠮᠲᠤ᠂ ᠵᠠᠰᠠᠭ ᠤᠨ ᠶᠠᠪᠤᠳᠠᠯ ᠤᠨ ᠶᠠᠷᠢᠶ᠎ᠠ ᠬᠡᠯᠡᠯᠴᠡᠭᠡ ᠶᠢ ᠬᠢᠨᠠᠨ ᠰᠢᠨᠵᠢᠬᠦ ᠪᠠ ᠬᠠᠷᠢᠭᠤ ᠲᠤᠰᠬᠠᠬᠤ ᠶᠢ ᠰᠠᠶᠢᠲᠤᠷ ᠬᠢᠵᠦ᠂ ᠡᠭᠦᠷᠭᠡ ᠶᠢ ᠵᠦᠢᠯ ᠳᠠᠷᠠᠭᠠᠯᠠᠨ ᠨᠠᠶᠢᠳᠠᠪᠤᠷᠢᠵᠢᠭᠤᠯᠬᠤ ᠪᠠᠨ ᠦᠨᠡᠨᠬᠦ ᠪᠠᠲᠤᠯᠠᠬᠤ ᠬᠡᠷᠡᠭᠲᠡᠢ᠃      ︵ᠬᠤᠶᠠᠷ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃      ᠡᠯ᠎ᠡ ᠱᠠᠲᠤᠨ ᠤ ᠵᠠᠰᠠᠭ ᠤᠨ ᠣᠷᠳᠣᠨ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠳᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠬᠡᠷᠡᠭᠲᠡᠢ᠂ ᠭᠤᠣᠯᠳᠠᠭᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠪᠠᠶᠢᠳᠠᠯ᠂ ᠢᠯᠡ ᠪᠣᠯᠭᠠᠬᠤ ᠬᠦᠴᠦᠨ ᠲᠡᠭᠦᠯᠳᠡᠷ ᠬᠤᠭᠤᠴᠠᠭ᠎ᠠ᠂ ᠠᠷᠠᠯᠵᠢᠶᠠᠨ ᠤ ᠲᠡᠪᠴᠡᠩ ᠤᠨ ᠡᠵᠡᠮᠳᠡᠵᠦ ᠪᠠᠶᠢᠭ᠎ᠠ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠪᠠ ᠢᠯᠡ ᠪᠣᠯᠭᠠᠭᠰᠠᠨ ᠪᠠᠶᠢᠳᠠᠯ ᠵᠡᠷᠭᠡ ᠪᠠᠭᠲᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠲᠤᠰ ᠬᠦᠷᠢᠶᠡᠨ ᠳᠠᠬᠢ ᠠᠵᠢᠯ ᠤᠨ ᠠᠬᠢᠴᠠ ᠶᠢᠨ ᠪᠠᠶᠢᠳᠠᠯ ᠢᠶᠠᠨ ᠠᠳᠠᠯᠢ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠵᠢᠯ ᠪᠦᠷᠢ ᠮᠡᠳᠡᠭᠦᠯᠬᠦ ᠶᠢᠨ ᠬᠠᠮᠲᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠣᠨ ᠤ ᠮᠡᠳᠡᠭᠦᠯᠦᠯᠲᠡ ᠳᠤ ᠨᠡᠶᠢᠲᠡᠯᠡᠵᠦ᠂ ᠨᠡᠶᠢᠭᠡᠮ ᠨᠡᠶᠢᠲᠡ᠂ ᠰᠣᠨᠢᠨ ᠮᠡᠳᠡᠭᠡ ᠵᠠᠭᠤᠴᠢᠯᠠᠭᠤᠷ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠢ᠃      ︵ᠭᠤᠷᠪᠠ︶ ᠰᠢᠯᠭᠠᠨ ᠬᠢᠨᠠᠵᠤ ᠦᠨᠡᠯᠡᠨ ᠵᠢᠱᠢᠬᠦ ᠶᠢ ᠰᠠᠶᠢᠲᠤᠷ ᠬᠢᠨ᠎ᠡ᠃      ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠨᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠠᠮᠢᠶ᠎ᠠ ᠪᠦᠬᠦᠢ ᠲᠣᠭᠲᠠᠭᠠᠯ ᠶᠤᠰᠤᠭᠠᠷ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠵᠠᠰᠠᠭ ᠤᠨ ᠶᠠᠪᠤᠳᠠᠯ ᠤᠨ ᠢᠯᠡ ᠪᠣᠯᠭᠠᠬᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠡᠪᠴᠢᠶᠡᠨ ᠳᠤ ᠣᠷᠤᠭᠤᠯᠵᠤ᠂ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ᠂ ᠭᠤᠷᠪᠠᠳᠡᠬᠢ ᠡᠲᠡᠭᠡᠳ ᠠᠴᠠ ᠦᠨᠡᠯᠡᠨ ᠵᠢᠱᠢᠬᠦ ᠲᠣᠭᠲᠠᠴᠠ ᠶᠢ ᠲᠠᠲᠠᠨ ᠣᠷᠤᠭᠤᠯᠬᠤ ᠪᠠᠷ ᠰᠦᠪᠡᠭᠴᠢᠯᠡᠵᠦ᠂ ᠠᠵᠢᠯ ᠤᠨ ᠪᠦᠲᠦᠮᠵᠢᠲᠡᠢ ᠦᠷᠨᠢᠭᠦᠯᠬᠦ ᠶᠢ ᠠᠬᠢᠭᠤᠯᠬᠤ ᠬᠡᠷᠡᠭᠲᠡᠢ᠃ ᠤᠷᠮᠠᠰᠢᠭᠤᠯᠬᠤ ᠪᠠ ᠬᠦᠯᠢᠶᠡᠰᠦᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠢᠯᠡ ᠪᠣᠯᠭᠠᠬᠤ ᠡᠭᠦᠷᠭᠡ ᠬᠠᠷᠢᠭᠤᠴᠠᠯᠭ᠎ᠠ ᠪᠠᠨ ᠬᠠᠮᠢᠶ᠎ᠠ ᠪᠦᠬᠦᠢ ᠲᠣᠭᠲᠠᠭᠠᠯ ᠪᠠ ᠱᠠᠭᠠᠷᠳᠠᠯᠭ᠎ᠠ ᠶᠤᠰᠤᠭᠠᠷ ᠭᠦᠢᠴᠡᠳᠭᠡᠭᠰᠡᠨ ᠦᠭᠡᠢ ᠪᠣᠯ ᠨᠡᠪᠲᠡᠷᠡᠭᠦᠯᠦᠨ ᠮᠡᠳᠡᠭᠡᠯᠡᠵᠦ ᠰᠢᠭᠦᠮᠵᠢᠯᠡᠬᠦ ᠶᠢᠨ ᠬᠠᠮᠲᠤ᠂ ᠣᠨ ᠤ ᠰᠢᠯᠭᠠᠨ ᠬᠢᠨᠠᠬᠤ ᠠᠵᠢᠯ ᠳᠤ ᠢᠯᠡᠷᠡᠭᠦᠯᠬᠦ ᠬᠡᠷᠡᠭᠲᠡᠢ︔ ᠠᠵᠢᠯ ᠤᠨ ᠦᠷ᠎ᠡ ᠪᠦᠲᠦᠮᠵᠢ ᠪᠠᠷ ᠳᠤᠪᠤᠶᠢᠮ᠎ᠠ ᠪᠠᠶᠢᠪᠠᠯ᠂ ᠰᠠᠶᠢᠰᠢᠶᠠᠨ ᠬᠦᠬᠢᠭᠦᠯᠬᠦ ᠪᠠᠷ ᠨᠡᠪᠲᠡᠷᠡᠭᠦᠯᠦᠨ ᠮᠡᠳᠡᠭᠡᠯᠡᠨ᠎ᠡ᠃ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠳᠠ ᠶᠢᠨ ᠭᠦᠷᠢᠶᠡᠨ ᠳᠠᠬᠢ ᠵᠠᠰᠠᠭ ᠤᠨ ᠤᠷᠳᠤᠨ ᠤ ᠮᠡᠳᠡᠭᠡ ᠵᠠᠩᠬᠢ ᠶᠢᠨ ᠢᠯᠡ ᠪᠤᠯᠭᠠᠬᠤ ᠶᠢ ᠠᠬᠢᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ                       ︵ᠲᠦᠷᠦ ᠠᠯᠪᠠᠨ ᠲᠠᠷᠬᠠᠭᠠᠨᠨᠰᠠᠨ ﹇2018﹈ 10 ᠳ᠋ᠤᠭᠠᠷ ᠲᠤᠭᠠᠳᠤ︶                                    2 ᠳ᠋ᠤᠭᠠᠷ ᠰᠠᠷ᠎ᠠ ᠶᠢᠨ 9᠎ ᠤ ᠡᠳᠦᠷᠡᠯ᠎ᠡ ᠮᠤᠵᠢ᠂ ᠦᠪᠡᠷᠳᠡᠬᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠶᠠᠮᠤᠨ ᠵᠦᠪᠯᠡᠯ᠂ ᠡᠯ᠎ᠡ ᠰᠢᠭᠤᠳ ᠬᠠᠷᠢᠶ᠎ᠠ ᠪᠠᠶᠢᠭᠤᠯᠤᠮᠵᠢ ᠳᠤ᠄       ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠪᠤᠯ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠬᠦᠯᠬᠦ᠂ ᠨᠡᠶᠢᠬᠡᠮ ᠤᠨ ᠲᠦᠮᠡᠨ ᠤᠯᠠᠨ ᠳᠤ ᠠᠰᠢᠭ ᠭᠦᠷᠳᠡᠬᠡᠬᠦ ᠦᠢᠯᠡᠰ ᠮᠦᠨ᠂ ᠲᠡᠷᠡ ᠨᠢ ᠠᠵᠦ ᠠᠬᠤᠢ ᠨᠡᠶᠢᠬᠡᠮ ᠤᠨ ᠭᠦᠭᠵᠢᠯᠳᠡ ᠶᠢᠨ ᠵᠤᠬᠢᠴᠠᠩᠭᠤᠢ ᠭᠦᠭᠵᠢᠯᠳᠡ ᠳᠤ ᠬᠤᠯᠪᠤᠨᠨᠳᠠᠵᠦ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ᠂ ᠨᠡᠶᠢᠬᠡᠮ ᠤᠨ ᠡᠶ᠎ᠡ ᠵᠤᠬᠢᠴᠠᠯ ᠪᠠ ᠲᠤᠨᠨᠳᠠᠭᠤᠨ ᠪᠠᠶᠢᠳᠠᠯ ᠢ ᠠᠬᠢᠭᠤᠯᠬᠤ᠂ ᠦᠨᠳᠦᠰᠦᠳᠡᠨ ᠤ ᠵᠤᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ᠂ ᠨᠡᠶᠢᠬᠡᠮ ᠤᠨ ᠬᠡᠪ ᠵᠠᠩᠰᠢᠯ ᠢ ᠭᠦᠳᠦᠯᠦᠨ ᠵᠢᠯᠤᠭᠤᠳᠬᠤ ᠳᠤ ᠴᠢᠬᠤᠯᠠ ᠠᠴᠢ ᠬᠤᠯᠪᠤᠨᠨᠳᠠᠯ ᠲᠠᠢ ᠶᠤᠮ᠃ ᠤᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠳᠠ ᠮᠡᠳᠡᠭᠳᠡᠬᠦ᠋ᠢᠴᠡ ᠠᠮᠵᠢᠯᠳᠠ ᠪᠦᠳᠦᠮᠵᠢ ᠤᠯᠵᠦ᠂ ᠨᠡᠶᠢᠬᠡᠮ ᠤᠨ ᠡᠯ᠎ᠡ ᠡᠳᠡᠬᠡᠳ ᠤᠨ ᠬᠢᠨ ᠤ ᠤᠷᠤᠯᠴᠠᠬᠤ ᠤᠷᠬᠢᠯᠦᠮ᠎ᠠ ᠰᠡᠳᠬᠢᠯᠬᠡ ᠪᠠ ᠬᠠᠯᠠᠮᠵᠢᠯᠠᠨ ᠠᠩᠬᠠᠷᠴᠤ ᠪᠠᠶᠢᠭ᠎ᠠ ᠬᠡᠮᠵᠢᠶ᠎ᠡ ᠤᠯᠠᠮ ᠠᠴᠠ ᠤᠯᠠᠮ ᠨᠡᠮᠡᠭᠳᠡᠭᠰᠡᠨ ᠪᠤᠯᠪᠠᠴᠤ᠂ ᠮᠦᠨᠬᠦ ᠰᠠᠨᠠᠭᠠᠴᠢᠯᠠᠭ᠎ᠠ ᠠᠴᠠ ᠪᠠᠨ᠂ ᠴᠠᠭ ᠲᠤᠬᠠᠢ ᠳᠤᠨᠢ᠂ ᠪᠦᠭᠦ ᠲᠠᠯ᠎ᠠ ᠪᠠᠷ ᠬᠠᠮᠢᠶ᠎ᠠ ᠪᠦᠭᠦᠢ ᠮᠡᠳᠡᠭᠡ ᠵᠠᠩᠬᠢ ᠶᠢ ᠢᠯᠡ ᠪᠤᠯᠭᠠᠬᠤ ᠦᠬᠡᠢ᠂ ᠨᠡᠶᠢᠳᠡ ᠤᠯᠠᠨ ᠤ ᠠᠩᠬᠠᠷᠤᠯ ᠲᠠᠯᠪᠢᠵᠦ ᠪᠠᠶᠢᠭ᠎ᠠ ᠵᠦᠢᠯ ᠳᠤ ᠲᠠᠶᠢᠯᠤᠮᠵᠢ ᠬᠢᠵᠦ ᠭᠦᠳᠦᠯᠦᠨ ᠵᠢᠯᠤᠭᠤᠳᠬᠤ ᠪᠠᠷ ᠭᠦᠷᠦᠯᠴᠡᠬᠦ ᠦᠬᠡᠢ ᠵᠡᠷᠬᠡ ᠠᠰᠠᠭᠤᠳᠠᠯ ᠤᠷᠤᠰᠢᠵᠦ ᠪᠠᠶᠢᠬᠤ ᠪᠤᠯᠬᠤᠷ᠂ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠨᠡᠶᠢᠳᠡ ᠳᠤ ᠢᠳᠡᠬᠡᠬᠦᠯᠬᠦ ᠭᠦᠴᠦᠨ ᠪᠠ ᠲᠦᠪ ᠭᠤᠤᠯᠴᠢ ᠴᠢᠨᠠᠷ ᠲᠤ ᠵᠤᠬᠢᠬᠤ ᠬᠡᠮᠵᠢᠶᠡᠨ ᠤ ᠬᠤᠬᠢᠷᠠᠯ ᠤᠴᠠᠷᠠᠭᠤᠯᠪᠠ᠃ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠳᠠ ᠶᠢᠨ ᠭᠦᠷᠢᠶᠡᠨ ᠳᠠᠬᠢ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠢ ᠤᠯᠠᠮ ᠨᠢᠬᠡ ᠠᠯᠬᠤᠮ ᠠᠬᠢᠭᠤᠯᠵᠦ᠂ ᠤᠯᠤᠰ ᠤᠨ ᠵᠠᠰᠠᠯᠳᠠ ᠶᠢᠨ ᠰᠢᠰᠲ᠋ᠧᠮᠵᠢ ᠪᠠ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠶᠢᠨ ᠲᠤᠰᠠᠳᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠦᠪᠰᠢᠶᠡᠷᠡᠬᠦᠯᠦᠬᠡᠳ᠂ ᠡᠳᠦᠬᠡ ᠲᠤᠤᠷᠠᠬᠢ ᠮᠡᠳᠦ ᠰᠠᠨᠠᠯ ᠢ ᠲᠤᠷᠠᠳᠪᠠ᠃      ᠨᠢᠬᠡ᠂ ᠶᠡᠷᠦᠩᠬᠡᠢ ᠱᠠᠭᠠᠷᠳᠠᠯᠭ᠎ᠠ      ︵ᠨᠢᠬᠡ︶ ᠵᠢᠯᠤᠭᠤᠳᠬᠤ ᠦᠵᠡᠯ ᠰᠠᠨᠠᠭ᠎ᠠ᠃ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠵᠦ᠂ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠪᠦᠭᠦ ᠲᠠᠯ᠎ᠠ ᠪᠠᠷ ᠠᠬᠢᠭᠤᠯᠬᠤ ᠲᠤᠬᠠᠢ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠷᠢᠯᠠᠭᠤᠯᠤᠯᠳᠠ ᠪᠠ ᠱᠠᠭᠠᠷᠳᠠᠯᠭ᠎ᠠ ᠶᠤᠰᠤᠭᠠᠷ᠂ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠳᠠ ᠶᠢᠨ ᠵᠢᠮ᠎ᠠ ᠶᠤᠰᠤ ᠪᠠ ᠤᠨᠴᠠᠯᠢᠭ ᠢ ᠤᠨᠤᠪᠴᠢᠳᠠᠢ ᠪᠠᠷ ᠡᠵᠡᠮᠳᠡᠵᠦ᠂ ᠮᠡᠳᠡᠭᠡ ᠵᠠᠩᠬᠢ ᠶᠢ ᠢᠯᠡ ᠪᠤᠯᠭᠠᠬᠤ ᠡᠷᠴᠢᠮ ᠢᠶᠠᠨ ᠤᠯᠠᠮ ᠨᠢᠬᠡ ᠠᠯᠬᠤᠮ ᠴᠢᠩᠭᠠᠳᠬᠠᠨ᠂ ᠢᠯᠠ ᠪᠤᠯᠭᠠᠬᠤ ᠭᠤᠤᠯᠳᠠᠯᠭ᠎ᠠ ᠶᠢ ᠲᠤᠳᠤᠷᠬᠠᠶᠢᠯᠠᠵᠦ᠂ ᠢᠯᠡ ᠪᠤᠯᠭᠠᠬᠤ ᠠᠭᠤᠯᠭ᠎ᠠ ᠶᠢ ᠨᠠᠷᠢᠯᠢᠨᠨᠵᠢᠭᠤᠯᠤᠨ᠂ ᠢᠯᠡ ᠪᠤᠯᠭᠠᠬᠤ ᠶᠢᠨ ᠪᠤᠳᠠᠳᠤ ᠦᠷ᠎ᠡ ᠪᠦᠳᠦᠮᠵᠢ ᠶᠢ ᠴᠢᠩᠭᠠᠳᠬᠠᠵᠦ᠂ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠢᠯᠡ ᠲᠤᠳᠤ ᠶᠢᠨ ᠬᠡᠮᠵᠢᠶ᠎ᠡ ᠶᠢ ᠲᠠᠰᠤᠷᠠᠯᠳᠠ ᠦᠬᠡᠢ ᠲᠡᠬᠡᠭᠰᠢᠯᠡᠬᠦᠯᠦᠨ᠂ ᠠᠷᠠᠳ ᠤᠯᠠᠨ ᠳᠤ ᠨᠡᠩ ᠤᠯᠠᠨ ᠭᠦᠷᠳᠡᠬᠡᠯ ᠤᠨ ᠮᠡᠳᠡᠷᠡᠮᠵᠢ᠂ ᠵᠤᠯ ᠵᠢᠷᠭᠠᠯᠳᠤ ᠰᠡᠳᠬᠢᠭᠳᠡᠯ᠂ ᠠᠮᠤᠷ ᠲᠦᠪᠰᠢᠨ ᠤ ᠲᠦᠷᠦᠭᠳᠡᠯ ᠤᠯᠭᠤᠵᠦ᠂ ᠨᠠᠮ ᠪᠠ ᠵᠠᠰᠠᠭ ᠤᠨ ᠤᠷᠳᠤᠨ ᠳᠤ ᠢᠳᠡᠬᠡᠯ ᠲᠠᠢ ᠪᠠᠶᠢᠬᠤ ᠶᠢ ᠨᠢ ᠴᠢᠩᠭᠠᠷᠠᠭᠤᠯᠤᠨ᠎ᠠ᠃      ︵ᠬᠤᠶᠠᠷ︶ ᠦᠨᠳᠦᠰᠦᠨ ᠵᠠᠷᠴᠢᠮ᠃ ᠬᠠᠤᠯᠢ ᠲᠦᠷᠢᠮ ᠶᠤᠰᠤᠭᠠᠷ ᠠᠵᠢᠯᠯᠠᠬᠤ ᠶᠢ ᠪᠠᠷᠢᠮᠳᠠᠯᠠᠵᠦ᠂ ᠬᠠᠤᠯᠢ ᠴᠠᠭᠠᠵᠠ ᠬᠠᠤᠯᠢ ᠲᠤᠨᠨᠳᠠᠭᠠᠯ ᠳᠤ ᠴᠠᠭᠠᠵᠠᠯᠬᠠᠰᠠᠨ ᠲᠤᠨᠨᠳᠠᠭᠠᠯ ᠲᠠᠢ ᠪᠠᠶᠢᠬᠤ ᠠᠴᠠ ᠪᠤᠰᠤᠳ᠂ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠳᠠ ᠶᠢᠨ ᠭᠦᠷᠢᠶᠡᠨ ᠳᠠᠬᠢ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠵᠠᠪᠠᠯ ᠰᠠᠨᠠᠭᠠᠴᠢᠯᠠᠭ᠎ᠠ ᠠᠴᠠ ᠪᠠᠨ ᠪᠦᠭᠦ ᠲᠠᠯ᠎ᠠ ᠪᠠᠷ ᠪᠦᠭᠦᠨ ᠢ ᠢᠯᠡ ᠪᠤᠯᠭᠠᠬᠤ ᠬᠡᠷᠡᠭᠳᠡᠢ᠃ ᠭᠤᠤᠯᠳᠠᠯᠭ᠎ᠠ ᠶᠢ ᠲᠤᠪᠤᠶᠢᠯᠭᠠᠬᠤ ᠶᠢ ᠪᠠᠷᠢᠮᠳᠠᠯᠠᠵᠦ᠂ ᠠᠷᠠᠳ ᠤᠯᠠᠨ ᠤ ᠬᠠᠮᠤᠭ ᠠᠴᠠ ᠰᠡᠳᠬᠢᠯ ᠲᠠᠯᠪᠢᠵᠦ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠤᠳᠠᠳᠠᠢ ᠠᠰᠢᠭ ᠲᠤᠰᠠ ᠶᠢᠨ ᠠᠰᠠᠭᠤᠳᠠᠯ ᠤᠨ ᠲᠤᠭᠤᠷᠢᠨ ᠳᠤ᠂ ᠬᠠᠮᠢᠶ᠎ᠠ ᠪᠦᠭᠦᠢ ᠮᠡᠳᠡᠭᠡ ᠵᠠᠩᠬᠢ ᠶᠢ ᠢᠯᠡ ᠪᠤᠯᠭᠠᠬᠤ ᠭᠤᠤᠯ ᠴᠤᠨᠨᠴᠠ᠂ ᠠᠭᠤᠯᠭ᠎ᠠ᠂ ᠪᠠᠷᠢᠮᠵᠢᠶ᠎ᠠ᠂ ᠠᠷᠭ᠎ᠠ ᠬᠡᠯᠪᠡᠷᠢ᠂ ᠲᠡᠰ ᠲᠠᠷᠠᠭᠠᠯᠠᠯ ᠢ ᠲᠤᠳᠤᠷᠬᠠᠶᠢᠯᠠᠬᠤ ᠬᠡᠷᠡᠭᠳᠡᠢ᠃ ᠠᠷᠠᠳ ᠲᠤ ᠪᠦᠳᠦᠮᠵᠢ ᠰᠠᠶᠢᠳᠠᠢ ᠪᠠᠷ ᠲᠦᠭᠦᠮ ᠦᠵᠡᠬᠦᠯᠬᠦ ᠶᠢ ᠪᠠᠷᠢᠮᠳᠠᠯᠠᠵᠦ᠂ ᠦᠨᠳᠦᠰᠦᠨ ᠱᠠᠳᠤᠨ ᠳᠤ ᠬᠠᠨᠳᠤᠭᠤᠯᠤᠨ᠂ ᠤᠯᠠᠨ ᠲᠦᠮᠡᠨ ᠲᠠᠢ ᠤᠶᠢᠷᠠᠳᠴᠤ᠂ ᠤᠯᠠᠨ ᠵᠦᠢᠯ ᠤᠨ ᠠᠷᠭ᠎ᠠ ᠬᠡᠯᠪᠡᠷᠢ ᠶᠢ ᠬᠡᠷᠡᠭᠯᠡᠵᠦ ᠪᠠᠶᠢᠭᠠᠳ ᠮᠡᠳᠡᠭᠡ ᠵᠠᠩᠬᠢ ᠨᠡᠶᠢᠳᠡᠯᠡᠬᠦ᠂ ᠲᠦᠷᠦ ᠶᠢᠨ ᠪᠤᠳᠤᠯᠭ᠎ᠠ ᠳᠤ ᠲᠠᠶᠢᠯᠤᠮᠵᠢ ᠬᠢᠬᠦ᠂ ᠭᠦᠳᠦᠯᠦᠨ ᠵᠢᠯᠤᠭᠤᠳᠬᠤ ᠪᠠᠨ ᠴᠢᠩᠭᠠᠳᠬᠠᠵᠦ᠂ ᠤᠯᠠᠨ ᠲᠦᠮᠡᠨ ᠤ ᠲᠠᠨᠢᠵᠦ ᠮᠡᠳᠡᠬᠦ᠂ ᠤᠶᠢᠯᠠᠭᠠᠬᠤ ᠪᠠ ᠬᠢᠨᠠᠯᠳᠠ ᠲᠠᠯᠪᠢᠬᠤ ᠳᠤ ᠲᠦᠭᠦᠮ ᠦᠵᠡᠬᠦᠯᠦᠨ᠎ᠠ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠢᠯᠡ ᠪᠤᠯᠭᠠᠬᠤ ᠪᠠᠷ ᠵᠢᠷᠤᠮᠵᠢᠯ ᠢ ᠠᠬᠢᠭᠤᠯᠵᠦ᠂ ᠦᠢᠯᠡᠴᠢᠯᠡᠭᠡ ᠶᠢ ᠠᠬᠢᠭᠤᠯᠵᠦ᠂ ᠵᠠᠰᠠᠯᠳᠠ ᠶᠢ ᠠᠬᠢᠭᠤᠯᠵᠦ᠂ ᠬᠠᠮᠳᠤ ᠪᠠᠷ ᠪᠠᠶᠢᠭᠤᠯᠵᠦ ᠬᠠᠮᠳᠤ ᠪᠠᠷ ᠵᠠᠰᠠᠵᠦ ᠬᠠᠮᠳᠤ ᠪᠠᠷ ᠭᠦᠷᠳᠡᠬᠦ ᠶᠢ ᠠᠬᠢᠭᠤᠯᠤᠨ᠂ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠡᠷᠡᠭᠦᠯ ᠪᠦᠬᠡᠳ ᠡᠮᠬᠢ ᠵᠢᠷᠤᠮ ᠲᠠᠢ ᠪᠠᠷ ᠭᠦᠭᠵᠢᠬᠦ ᠶᠢ ᠠᠬᠢᠭᠤᠯᠬᠤ ᠬᠡᠷᠡᠭᠳᠡᠢ᠃      ︵ᠭᠤᠷᠪᠠ︶ ᠠᠵᠢᠯ ᠤᠨ ᠬᠠᠷᠠᠯᠳᠠ᠃ 3 ᠵᠢᠯ ᠤᠷᠴᠢᠮ ᠤᠨ ᠴᠢᠷᠮᠠᠶᠢᠯᠠᠭ᠎ᠠ ᠪᠠᠷ ᠲᠠᠮᠵᠢᠨ᠂ ᠢᠯᠠ ᠪᠤᠯᠭᠠᠬᠤ ᠠᠭᠤᠯᠭ᠎ᠠ ᠳᠤ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠳᠠ ᠶᠢᠨ ᠡᠯ᠎ᠡ ᠭᠦᠷᠢᠶ᠎ᠡ᠂ ᠡᠯ᠎ᠡ ᠵᠠᠩᠬᠢᠯᠠᠭ᠎ᠠ ᠶᠢ ᠬᠠᠮᠤᠷᠤᠭᠤᠯᠵᠦ᠂ ᠢᠯᠡ ᠪᠤᠯᠭᠠᠬᠤ ᠠᠵᠢᠯ ᠤᠨ ᠲᠦᠷᠢᠮᠵᠢᠬᠦ᠂ ᠵᠢᠷᠤᠮᠵᠢᠬᠤ᠂ ᠪᠠᠷᠢᠮᠵᠢᠶᠠᠵᠢᠬᠤ ᠬᠢᠷᠢ ᠬᠡᠮᠵᠢᠶ᠎ᠡ ᠶᠢ ᠮᠡᠳᠡᠭᠳᠡᠬᠦ᠋ᠢᠴᠡ ᠨᠡᠮᠡᠭᠳᠡᠬᠦᠯᠦᠨ᠂ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠢᠯᠡ ᠲᠤᠳᠤ ᠶᠢᠨ ᠬᠡᠮᠵᠢᠶ᠎ᠡ ᠶᠢ ᠢᠯᠡᠳᠳᠡ ᠳᠡᠭᠡᠭᠰᠢᠯᠡᠭᠦᠯᠵᠦ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠨᠡᠩ ᠡᠷᠬᠡ ᠲᠡᠭᠰᠢ ᠲᠥᠪ ᠭᠤᠣᠯᠴᠢ ᠪᠤᠯᠭᠠᠨ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠲᠠᠬᠢ ᠨᠡᠶᠢᠲᠡ ᠶᠢᠨ ᠠᠰᠠᠷᠠᠮᠵᠢ ᠶᠢᠨ ᠬᠠᠷᠢᠶᠠᠯᠬᠠᠳᠠᠬᠤ ᠴᠢᠨᠠᠷ ᠢ ᠨᠡᠩ ᠰᠠᠶᠢᠲᠤᠷ ᠢᠯᠡᠷᠡᠬᠦᠯᠵᠦ᠂ ᠪᠦᠬᠦ ᠨᠡᠶᠢᠭᠡᠮ ᠢᠶᠠᠷ ᠢᠶᠠᠨ ᠨᠡᠶᠢᠲᠡ ᠶᠢᠨ ᠠᠰᠠᠷᠠᠮᠵᠢ ᠶᠢ ᠬᠠᠯᠠᠮᠵᠢᠯᠠᠬᠤ᠂ ᠨᠡᠶᠢᠲᠡ ᠶᠢᠨ ᠠᠰᠠᠷᠠᠮᠵᠢ ᠶᠢ ᠲᠡᠮᠵᠢᠬᠦ᠂ ᠨᠡᠶᠢᠲᠡ ᠶᠢᠨ ᠠᠰᠠᠷᠠᠮᠵᠢ ᠳᠤ ᠣᠷᠣᠯᠴᠠᠬᠤ ᠠᠭᠤᠷ ᠠᠮᠢᠰᠬᠤᠯ ᠢ ᠨᠢ ᠨᠡᠩ ᠦᠳᠬᠡᠷᠡᠭᠦᠯᠦᠨ᠎ᠠ᠃      ᠬᠤᠶᠠᠷ᠂ ᠢᠯᠡ ᠪᠤᠯᠭᠠᠬᠤ ᠠᠭᠤᠯᠭ᠎ᠠ ᠶᠢ ᠲᠤᠳᠤᠷᠬᠠᠶᠢᠯᠠᠨ᠎ᠠ      ︵ᠨᠢᠭᠡ︶ ᠰᠢᠢᠳᠪᠦᠷᠢᠲᠦ ᠪᠤᠳᠤᠯᠭ᠎ᠠ ᠶᠢᠨ ᠮᠡᠳᠡᠭᠡ ᠵᠠᠩᠭᠢ ᠶᠢ ᠢᠯᠡ ᠪᠤᠯᠭᠠᠬᠤ ᠬᠡᠷᠡᠭᠳᠡᠢ᠃ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠤᠯᠠᠨ ᠲᠦᠮᠡᠨ ᠤ ᠠᠰᠢᠭ ᠲᠤᠰᠠ ᠶᠢ ᠰᠢᠭᠤᠳ ᠨᠦᠯᠦᠬᠡᠯᠡᠬᠦ᠂ ᠨᠡᠶᠢᠭᠡᠮ ᠤᠨ ᠠᠩᠬᠠᠷᠤᠯ ᠢ ᠳᠡᠭᠡᠳᠦ ᠬᠡᠮᠵᠢᠶ᠎ᠡ ᠪᠠᠷ ᠲᠠᠲᠠᠭᠰᠠᠨ ᠴᠢᠬᠤᠯᠠ ᠶᠡᠭᠡ ᠥᠭᠡᠷᠡᠴᠢᠯᠡᠯᠲᠡ ᠶᠢᠨ ᠲᠥᠰᠦᠯ᠂ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ᠂ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠵᠡᠷᠭᠡ ᠳᠤ ᠬᠠᠨᠳᠤᠭᠤᠯᠤᠨ᠂ ᠡᠯ᠎ᠡ ᠲᠠᠯ᠎ᠠ ᠶᠢᠨ ᠬᠢᠨ ᠤ ᠵᠦᠢ ᠵᠣᠬᠢᠰᠲᠠᠶ ᠰᠠᠨᠠᠯ ᠢ ᠥᠷᠭᠡᠨ ᠢᠶᠠᠷ ᠬᠤᠷᠢᠶᠠᠬᠤ ᠶᠢᠨ ᠬᠠᠮᠳᠤ ᠰᠢᠢᠳᠪᠦᠷᠢᠲᠦ ᠪᠤᠳᠤᠯᠭ᠎ᠠ ᠲᠤᠨᠨᠳᠠᠭᠠᠬᠤ ᠶᠠᠪᠤᠴᠠ ᠳᠤ ᠢᠯᠡᠷᠡᠭᠦᠯᠵᠦ᠂ ᠪᠤᠳᠠᠳᠠᠢ ᠲᠠᠢ ᠪᠠᠨ ᠤᠶᠠᠯᠳᠤᠭᠤᠯᠵᠤ ᠪᠠᠶᠢᠭᠠᠳ ᠰᠠᠨᠠᠯ ᠢ ᠬᠥᠯᠢᠶᠡᠨ ᠠᠪᠴᠤ ᠬᠡᠷᠡᠭᠯᠡᠭᠰᠡᠨ ᠪᠠᠶᠢᠳᠠᠯ ᠢᠶᠠᠨ ᠠᠯᠢ ᠴᠢᠳᠠᠬᠤ ᠪᠠᠷ ᠢᠯᠡ ᠪᠣᠯᠭᠠᠬᠤ ᠬᠡᠷᠡᠭᠲᠡᠶ᠃ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠢᠯᠡ ᠪᠣᠯᠭᠠᠬᠤ ᠶᠢᠨ ᠪᠤᠳᠠᠳᠤ ᠦᠷ᠎ᠡ ᠪᠦᠳᠦᠮᠵᠢ ᠪᠠᠨ ᠲᠡᠬᠡᠭᠰᠢᠯᠡᠬᠦᠯᠦᠨ᠂ ᠢᠯᠠ ᠪᠣᠯᠭᠠᠬᠤ ᠠᠴᠠ ᠡᠮᠦᠨᠡᠬᠢ ᠢᠯᠡ ᠪᠤᠯᠭᠠᠬᠤ ᠶᠢᠨ ᠦᠷ᠎ᠡ ᠨᠦᠯᠦᠬᠡ ᠶᠢ ᠬᠢᠨᠠᠮᠠᠭᠠᠶ ᠦᠨᠡᠯᠡᠨ ᠵᠢᠱᠢᠵᠦ᠂ ᠠᠳᠠᠭᠠᠷᠬᠠᠨ ᠮᠦᠴᠡᠬᠡᠷᠬᠡᠬᠦ᠂ ᠲᠦᠷᠬᠢᠷᠡᠬᠦᠯᠬᠦ ᠵᠡᠷᠬᠡ ᠴᠢᠬᠤᠯᠠ ᠪᠤᠰᠤ ᠦᠵᠡᠭᠳᠡᠯ ᠡᠭᠦᠰᠬᠦ ᠠᠴᠠ ᠵᠠᠶᠢᠯᠠᠭᠤᠯᠤᠨ᠂ ᠢᠯᠡ ᠪᠣᠯᠭᠠᠭᠰᠠᠨ ᠤ ᠳᠠᠷᠠᠭ᠎ᠠ ᠪᠠᠷ ᠨᠡᠶᠢᠳᠡ ᠤᠯᠠᠨ ᠤ ᠲᠤᠷᠠᠳᠤᠨᠨᠰᠠᠨ ᠬᠠᠮᠢᠶ᠎ᠠ ᠪᠦᠭᠦᠢ ᠰᠠᠨᠠᠯ ᠳᠤ ᠬᠢᠨᠠᠮᠠᠭᠠᠶ ᠬᠠᠨᠳᠤᠬᠤ ᠶᠢᠨ ᠬᠠᠮᠳᠤ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ᠃      ︵ᠬᠤᠶᠠᠷ︶ ᠬᠠᠮᠢᠶᠠᠷᠤᠯᠲᠠ ᠪᠠ ᠦᠢᠯᠡᠴᠢᠯᠡᠭᠡᠨ ᠤ ᠮᠡᠳᠡᠭᠡ ᠵᠠᠩᠭᠢ ᠶᠢ ᠢᠯᠡ ᠪᠤᠯᠭᠠᠬᠤ ᠬᠡᠷᠡᠭᠳᠡᠢ᠃ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠢ ᠡᠷᠬᠢᠯᠡᠵᠦ ᠪᠠᠶᠢᠭ᠎ᠠ ᠤᠯᠠᠨ ᠨᠡᠶᠢᠳᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ᠂ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠨᠡᠷᠡᠰ ᠤᠨ ᠵᠢᠨᠨᠰᠠᠭᠠᠯᠳᠠ᠂ ᠲᠠᠩᠰᠠᠯᠠᠨ ᠲᠡᠮᠳᠡᠭᠯᠡᠬᠦᠯᠵᠦ᠂ ᠬᠤᠪᠢᠷᠠᠭᠠᠬᠤ᠂ ᠬᠦᠴᠦᠨ ᠦᠭᠡᠢ ᠪᠣᠯᠭᠠᠬᠤ ᠵᠡᠷᠭᠡ ᠬᠢᠨᠠᠨ ᠵᠦᠪᠰᠢᠶᠡᠷᠡᠭᠦᠯᠬᠦ ᠮᠡᠳᠡᠭᠡ ᠵᠠᠩᠭᠢ᠂ ᠣᠨ ᠤ ᠪᠠᠶᠢᠴᠠᠭᠠᠯᠲᠠ ᠤᠨ ᠤ ᠮᠡᠳᠡᠭᠦᠯᠦᠯᠲᠡ᠂ ᠦᠨᠡᠯᠡᠨ ᠵᠢᠱᠢᠭᠰᠡᠨ ᠪᠠᠶᠢᠴᠠᠭᠠᠯᠳᠠ᠂ ᠱᠠᠩᠨᠠᠯ ᠬᠦᠬᠢᠭᠦᠯᠦᠯ ᠪᠠ ᠰᠢᠳᠬᠡᠯ ᠲᠤᠷᠭᠠᠭᠤᠯᠢ ᠵᠡᠷᠭᠡ ᠬᠠᠮᠢᠶᠠᠷᠤᠯᠲᠠ ᠶᠢᠨ ᠮᠡᠳᠡᠭᠡ ᠵᠠᠩᠭᠢ ᠶᠢ ᠭᠤᠣᠯᠳᠠᠯᠭ᠎ᠠ ᠲᠠᠢ ᠢᠯᠡ ᠪᠤᠯᠭᠠᠬᠤ ᠬᠡᠷᠡᠭᠳᠡᠢ᠃ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠦᠷᠦᠯ ᠵᠦᠢᠯ ᠤᠨ ᠨᠠᠷᠢᠨ ᠬᠠᠭᠤᠳᠠᠰᠤ᠂ ᠦᠢᠯᠡᠴᠢᠯᠡᠭᠡᠨ ᠤ ᠵᠦᠭᠯᠡᠬᠦᠷ᠂ ᠦᠢᠯᠡᠴᠢᠯᠡᠭᠡᠨ ᠤ ᠪᠠᠷᠢᠮᠵᠢᠶ᠎ᠠ᠂ ᠪᠠᠳᠤᠯᠠᠭ᠎ᠠ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠢᠯᠡ ᠪᠤᠯᠭᠠᠵᠦ᠂ ᠵᠠᠰᠠᠭ ᠤᠨ ᠣᠷᠳᠣᠨ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠬᠠᠮᠳᠤᠷᠠᠯᠴᠠᠵᠦ ᠪᠠᠶᠢᠭᠠᠳ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠪᠠᠷ ᠢᠯᠡ ᠪᠣᠯᠭᠠᠬᠤ ᠬᠡᠷᠡᠭᠳᠡᠢ᠃ ᠬᠤᠳᠠ ᠬᠥᠳᠡᠭᠡ ᠨᠡᠶᠢᠭᠡᠮ ᠲᠣᠭᠤᠷᠢᠭ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ᠂ ᠡᠳ᠋ ᠤᠨ ᠵᠠᠰᠠᠭ ᠤᠨ ᠪᠡᠯᠡ ᠮᠥᠩᠭᠦ ᠶᠢ ᠨᠡᠶᠢᠬᠡᠮ ᠲᠤᠭᠤᠷᠢᠭ ᠤᠨ ᠤᠯᠠᠨ ᠨᠡᠶᠢᠳᠡ ᠶᠢᠨ ᠦᠢᠯᠡᠴᠢᠯᠡᠭᠡ ᠳᠤ ᠰᠢᠭᠤᠳ ᠪᠡᠯᠡ ᠤᠷᠤᠭᠤᠯᠬᠤ ᠪᠠ ᠬᠤᠳᠠᠯᠳᠤᠨ ᠠᠪᠤᠭᠤᠯᠬᠤ᠂ ᠨᠡᠶᠢᠭᠡᠮ ᠲᠣᠭᠤᠷᠢᠭ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ ᠵᠦᠢᠯ᠂ ᠡᠳᠡᠬᠡᠳ᠂ ᠭᠦᠢᠴᠡᠳᠬᠡᠬᠦ ᠲᠡᠰ ᠲᠠᠷᠠᠭᠠᠯᠠᠯ᠂ ᠬᠠᠷᠢᠭᠤᠴᠠᠯᠭᠠᠳᠤ ᠰᠠᠯᠠᠭ᠎ᠠ ᠮᠥᠴᠢᠷ᠂ ᠬᠠᠩᠭᠠᠯᠭ᠎ᠠ ᠬᠡᠷᠡᠭᠴᠡᠬᠡᠨ ᠤ ᠪᠠᠶᠢᠳᠠᠯ ᠪᠠ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠵᠡᠷᠭᠡ ᠮᠡᠳᠡᠭᠡ ᠵᠠᠩᠭᠢ ᠶᠢᠨ ᠢᠯᠡ ᠪᠤᠯᠭᠠᠬᠤ ᠶᠢ ᠠᠬᠢᠭᠤᠯᠬᠤ ᠬᠡᠷᠡᠭᠳᠡᠢ᠃      ︵ᠭᠤᠷᠪᠠ︶ ᠬᠡᠷᠡᠭᠵᠢᠬᠦᠯᠦᠯᠳᠡ ᠪᠠ ᠦᠷ᠎ᠡ ᠳ᠋ᠦᠩ ᠤᠨ ᠮᠡᠳᠡᠭᠡ ᠵᠠᠩᠭᠢ ᠶᠢ ᠢᠯᠡ ᠪᠤᠯᠭᠠᠬᠤ ᠬᠡᠷᠡᠭᠳᠡᠢ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠤᠨᠨᠳᠠᠯ ᠪᠦᠬᠦᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨᠨᠰᠠᠨ ᠪᠠᠶᠢᠳᠠᠯ ᠢ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠴᠢᠬᠤᠯᠠ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨᠨᠰᠠᠨ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠢᠯᠡ ᠪᠤᠯᠭᠠᠵᠦ᠂ ᠤᠨᠴᠤᠭᠤᠶᠢᠯᠠᠨ ᠤᠯᠤᠰ ᠠᠴᠠ ᠭᠦᠴᠢᠷᠳᠡᠯᠳᠡᠢ ᠣᠯᠠᠨ ᠲᠦᠮᠡᠨ ᠳᠤ ᠬᠠᠨᠳᠤᠭᠤᠯᠤᠭᠰᠠᠨ ᠲᠡᠳᠬᠦᠨ ᠲᠡᠮᠵᠢᠬᠦ᠂ ᠠᠪᠤᠷᠠᠨ ᠲᠤᠰᠠᠯᠠᠬᠤ ᠵᠡᠷᠭᠡ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨᠨᠰᠠᠨ ᠪᠠᠶᠢᠳᠠᠯ ᠪᠠ ᠭᠤᠣᠯ ᠦᠷ᠎ᠡ ᠪᠦᠲᠦᠮᠵᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠷᠡᠭᠳᠡᠢ᠃ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠪᠡᠯᠡ ᠮᠥᠩᠭᠦ ᠶᠢ ᠬᠤᠪᠢᠶᠠᠷᠢᠯᠬᠠᠰᠠᠨ ᠪᠠ ᠬᠡᠷᠡᠭᠯᠡᠭᠰᠡᠨ ᠪᠠᠶᠢᠳᠠᠯ ᠢᠶᠠᠨ ᠢᠯᠡ ᠪᠤᠯᠭᠠᠬᠤ ᠶᠢ ᠭᠦᠨᠵᠡᠬᠡᠶᠢᠷᠡᠬᠦᠯᠵᠦ᠂ ᠪᠡᠯᠡ ᠮᠥᠩᠭᠦ ᠶᠢᠨ ᠪᠤᠳᠠᠳᠠᠢ ᠭᠦᠢᠯᠭᠡᠭᠡᠨ ᠤ ᠬᠠᠨᠳᠤᠰᠢ ᠶᠢ ᠤᠨᠤᠪᠴᠢᠳᠠᠢ ᠲᠡᠮᠳᠡᠭᠯᠡᠬᠦ ᠶᠢᠨ ᠬᠠᠮᠳᠤ ᠨᠡᠶᠢᠭᠡᠮ ᠳᠤ ᠢᠯᠡ ᠪᠣᠯᠭᠠᠬᠤ ᠬᠡᠷᠡᠭᠳᠡᠢ᠃ ᠱᠠᠩᠨᠠᠯᠳᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠬᠡᠷᠡᠭᠯᠡᠭᠰᠡᠨ ᠬᠡᠪᠴᠢᠶ᠎ᠡ᠂ ᠵᠤᠭᠤᠰ ᠢᠶᠠᠷ ᠲᠤᠰᠠᠯᠬᠠᠰᠠᠨ ᠲᠦᠷᠦᠯ ᠵᠦᠢᠯ᠂ ᠬᠡᠷᠡᠭᠵᠢᠬᠦᠯᠦᠭᠰᠡᠨ ᠪᠠᠶᠢᠳᠠᠯ ᠪᠠ ᠪᠣᠳᠠᠲᠤ ᠦᠷ᠎ᠡ ᠨᠦᠯᠦᠬᠡ ᠵᠡᠷᠭᠡ ᠮᠡᠳᠡᠭᠡ ᠵᠠᠩᠭᠢ ᠶᠢᠨ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠳᠤ ᠦᠨᠡᠯᠡᠨ ᠵᠢᠱᠢᠯᠳᠠ ᠦᠷᠨᠢᠬᠦᠯᠬᠦ ᠶᠢ ᠵᠤᠷᠢᠨᠨᠵᠢᠭᠤᠯᠤᠨ᠂ ᠲᠦᠷᠦ ᠶᠢᠨ ᠪᠤᠳᠣᠯᠭ᠎ᠠ ᠶᠢ ᠨᠠᠶᠢᠳᠠᠪᠤᠷᠢᠵᠢᠭᠤᠯᠤᠨᠨᠰᠠᠨ ᠦᠷ᠎ᠡ ᠨᠦᠯᠦᠬᠡ ᠶᠢ ᠰᠢᠨᠵᠢᠯᠡᠬᠦ ᠤᠬᠠᠭᠠᠨᠴᠢ ᠪᠠᠷ ᠰᠢᠯᠭᠠᠨ ᠦᠨᠡᠯᠡᠵᠦ᠂ ᠦᠨᠡᠯᠡᠨ ᠵᠢᠱᠢᠭᠰᠡᠨ ᠦᠷ᠎ᠡ ᠳ᠋ᠦᠩ ᠢᠶᠠᠨ ᠴᠠᠭ ᠲᠤᠬᠠᠢ ᠳᠤᠨᠢ ᠢᠯᠡ ᠪᠤᠯᠭᠠᠬᠤ ᠬᠡᠷᠡᠭᠲᠡᠶ᠃      ᠭᠤᠷᠪᠠ᠂ ᠢᠯᠡ ᠪᠣᠯᠭᠠᠬᠤ ᠭᠤᠣᠯᠳᠠᠯᠭ᠎ᠠ ᠶᠢ ᠲᠤᠪᠤᠶᠢᠯᠭᠠᠨ᠎ᠠ      ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢ ᠨᠡᠶᠢᠭᠡᠮ ᠤᠨ ᠬᠢᠨ ᠤ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ᠂ ᠨᠡᠶᠢᠲᠡ ᠶᠢᠨ ᠠᠰᠠᠷᠠᠮᠵᠢ ᠶᠢᠨ ᠰᠢᠨᠵᠢ ᠪᠠᠶᠢᠳᠠᠯ ᠢᠶᠠᠷ ᠶᠡᠭᠡ ᠪᠠᠶᠢᠳᠠᠭ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠢᠶᠠᠷ ᠭᠤᠣᠯᠳᠠᠯᠭ᠎ᠠ ᠪᠣᠯᠭᠠᠨ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠲᠠᠶᠢᠯᠠᠯᠳᠤᠭᠠᠨ᠂ ᠨᠡᠶᠢᠭᠡᠮ ᠤᠨ ᠠᠪᠤᠷᠠᠨ ᠲᠤᠰᠠᠯᠠᠯᠳᠠ ᠪᠠ ᠨᠡᠶᠢᠭᠡᠮ ᠤᠨ ᠠᠰᠠᠷᠠᠮᠵᠢ᠂ ᠰᠤᠷᠭᠠᠨ ᠭᠦᠮᠦᠵᠢᠯ᠂ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ᠂ ᠣᠷᠴᠢᠨ ᠲᠤᠭᠤᠷᠢᠨ ᠤ ᠬᠠᠮᠠᠭᠠᠯᠠᠯᠲᠠ᠂ ᠭᠠᠢ ᠭᠠᠮᠰᠢᠭ ᠤᠨ ᠠᠳᠡᠯ ᠬᠡᠷᠡᠭ ᠤᠨ ᠠᠪᠤᠷᠠᠯᠳᠠ᠂ ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠵᠡᠷᠭᠡ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠡᠷᠡᠭᠲᠡᠶ᠃ ᠡᠭᠦᠨ ᠤ ᠬᠠᠮᠲᠤ ᠣᠷᠣᠨ ᠪᠦᠰᠡ᠂ ᠠᠵᠢᠯ ᠲᠥᠷᠥᠯ ᠤᠨ ᠣᠨᠴᠠᠯᠢᠭ ᠢ ᠦᠨᠳᠦᠰᠦᠯᠡᠵᠦ᠂ ᠲᠤᠰ ᠭᠠᠵᠠᠷ ᠣᠷᠣᠨ᠂ ᠲᠤᠰ ᠠᠵᠢᠯ ᠲᠥᠷᠥᠯ ᠤᠨ ᠭᠤᠣᠯᠳᠠᠯᠭ᠎ᠠ ᠲᠠᠢ ᠢᠯᠡ ᠪᠣᠯᠭᠠᠬᠤ ᠪᠤᠰᠤᠳ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠠᠮ ᠨᠢᠬᠡ ᠠᠯᠬᠤᠮ ᠲᠤᠳᠤᠷᠬᠠᠶᠢᠯᠠᠨ᠂ ᠮᠡᠳᠡᠭᠡ ᠵᠠᠩᠭᠢ ᠶᠢ ᠢᠯᠡ ᠪᠣᠯᠭᠠᠬᠤ ᠬᠡᠪᠴᠢᠶ᠎ᠡ ᠪᠠᠨ ᠲᠠᠰᠤᠷᠠᠯᠲᠠ ᠦᠭᠡᠢ ᠦᠷᠬᠡᠳᠬᠡᠬᠦ ᠬᠡᠷᠡᠭᠳᠡᠢ᠃      ︵ᠨᠢᠭᠡ︶ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠲᠠᠶᠢᠯᠠᠯᠳᠤᠭᠠᠨ ᠤ ᠭᠦᠷᠢᠶ᠎ᠡ᠃ ︽ᠬᠡᠨ ᠢ ᠲᠡᠳᠬᠦᠬᠦ᠂ ᠬᠡᠨ ᠲᠡᠳᠬᠦᠬᠦ᠂ ᠬᠡᠷᠬᠢᠨ ᠲᠡᠳᠬᠦᠬᠦ᠂ ᠶᠠᠭᠠᠬᠢᠵᠤ ᠪᠤᠴᠠᠭᠠᠨ ᠭᠠᠷᠭᠠᠬᠤ︾᠎ ᠶᠢᠨ ᠲᠤᠭᠤᠷᠢᠨ ᠳᠤ᠂ ᠲᠦᠢᠯ ᠤᠨ ᠤᠨᠤᠪᠴᠢᠳᠠᠢ ᠪᠠᠷ ᠶᠠᠳᠠᠭᠤ ᠶᠢ ᠲᠡᠳᠬᠦᠬᠦ᠂ ᠲᠦᠢᠯ ᠤᠨ ᠤᠨᠤᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠤᠯᠠᠮ ᠨᠢᠬᠡ ᠠᠯᠬᠤᠮ ᠰᠠᠶᠢᠲᠤᠷ ᠬᠢᠬᠦ ᠬᠡᠷᠡᠭᠲᠡᠶ᠃ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ᠂ ᠶᠠᠳᠠᠭᠤ ᠶᠢ ᠲᠡᠳᠬᠦᠬᠦ ᠲᠥᠯᠥᠪᠵᠢᠭᠦᠯᠭᠡ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠨᠡᠷᠡᠶᠢᠳᠦᠯ᠂ ᠪᠡᠯᠠ ᠮᠥᠩᠭᠦ ᠶᠢᠨ ᠢᠷᠡᠯᠳᠠ᠂ ᠬᠡᠷᠡᠭᠵᠢᠬᠦᠯᠬᠦ ᠪᠠᠷ ᠲᠤᠨᠨᠳ᠋ᠬᠠᠰᠠᠨ ᠬᠤᠭᠤᠴᠠᠭ᠎ᠠ᠂ ᠵᠢᠱᠢᠭᠰᠡᠨ ᠬᠠᠷᠠᠯᠲᠠ᠂ ᠬᠡᠷᠡᠭᠵᠢᠭᠦᠯᠦᠭᠰᠡᠨ ᠦᠷ᠎ᠡ ᠳ᠋ᠦᠩ᠂ ᠬᠡᠷᠡᠭᠵᠢᠭᠦᠯᠬᠦ ᠨᠢᠭᠡᠴᠡ ᠵᠢᠴᠢ ᠬᠠᠷᠢᠭᠤᠴᠠᠯᠭᠠᠳᠠᠨ᠂ ᠢᠯᠡᠴᠢᠯᠡᠨ ᠮᠡᠳᠡᠭᠦᠯᠬᠦ ᠤᠳᠠᠰᠤ᠂ ᠪᠠᠶᠢᠴᠠᠭᠠᠵᠤ ᠰᠢᠯᠭᠠᠨ ᠬᠤᠷᠢᠶᠠᠵᠦ ᠠᠪᠤᠭᠰᠠᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠴᠠᠭ ᠲᠤᠨᠢ ᠨᠡᠶᠢᠭᠡᠮ ᠲᠠᠶᠠᠭᠠᠷ ᠲᠤ ᠨᠡᠶᠢᠲᠡᠯᠡᠵᠦ᠂ ᠣᠨᠴᠠ ᠲᠣᠭᠲᠠᠭᠰᠠᠨ ᠣᠷᠣᠨ ᠪᠦᠰᠡ ᠶᠢᠨ ᠤᠨᠴᠤᠭᠤᠢ ᠬᠠᠷᠠᠭᠠᠯᠵᠠᠬᠤ ᠭᠦᠮᠦᠰ ᠲᠤ ᠭᠦᠴᠢᠷᠳᠡᠯᠳᠡᠢ ᠡᠰᠡᠬᠦ ᠶᠢ ᠢᠯᠭᠠᠨ ᠲᠤᠳᠤᠯᠠᠬᠤ᠂ ᠭᠦᠴᠢᠷᠳᠡᠯᠳᠡᠢ ᠪᠠᠶᠢᠭ᠎ᠠ ᠶᠢᠨ ᠲᠤᠭᠠᠨ ᠠᠴᠠ ᠪᠤᠴᠠᠭᠠᠨ ᠭᠠᠷᠭᠠᠬᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠤᠪᠢᠶᠠᠷᠢᠯᠬᠠᠰᠠᠨ ᠪᠠ ᠬᠡᠷᠡᠭᠯᠡᠭᠰᠡᠨ ᠪᠠᠶᠢᠳᠠᠯ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ᠂ ᠶᠠᠳᠠᠭᠤ ᠶᠢ ᠲᠡᠳᠬᠦᠬᠦ ᠦᠷ᠎ᠡ ᠪᠦᠲᠦᠮᠵᠢ ᠵᠡᠷᠭᠡ ᠮᠡᠳᠡᠭᠡ ᠵᠠᠩᠭᠢ ᠶᠢ ᠢᠯᠡ ᠪᠤᠯᠭᠠᠬᠤ ᠬᠡᠷᠡᠭᠳᠡᠢ᠃ ᠮᠡᠷᠭᠡᠵᠢᠯ ᠤᠨ ᠠᠷᠭ᠎ᠠ ᠠᠪᠴᠢᠯ ᠬᠡᠷᠡᠭᠯᠡᠬᠦ ᠶᠢ ᠴᠢᠬᠤᠯᠠᠴᠢᠯᠠᠬᠤ ᠪᠠᠷ ᠲᠠᠮᠵᠢᠨ ᠢᠯᠠ ᠪᠤᠯᠭᠠᠨᠨᠰᠠᠨ ᠮᠡᠳᠡᠭᠡ ᠵᠠᠩᠭᠢ ᠳᠤ ᠬᠠᠶᠢᠯᠳᠠ ᠬᠢᠵᠦ ᠪᠤᠯᠬᠤ᠂ ᠬᠠᠷᠭᠤᠭᠤᠯᠤᠨ ᠬᠢᠨᠠᠵᠦ ᠪᠤᠯᠬᠤ᠂ ᠠᠰᠢᠭᠯᠠᠵᠤ ᠪᠣᠯᠬᠤ ᠶᠢ ᠪᠡᠶᠡᠯᠡᠬᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠲᠠᠶᠢᠯᠠᠯᠳᠤᠭᠠᠨ ᠤ ᠦᠢᠯᠡᠰ ᠲᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠤᠷᠤᠯᠴᠠᠬᠤ ᠳᠤ ᠦᠢᠯᠡᠴᠢᠯᠡᠭᠡ ᠬᠠᠩᠭᠠᠵᠤ᠂ ᠠᠷᠠᠳ ᠤᠯᠠᠨ ᠤ ᠬᠢᠨᠠᠯᠲᠠ ᠲᠠᠯᠪᠢᠬᠤ ᠳᠤ ᠲᠦᠭᠦᠮ ᠦᠵᠡᠬᠦᠯᠬᠦ ᠬᠡᠷᠡᠭᠳᠡᠢ᠃      ︵ᠬᠤᠶᠠᠷ︶ ᠨᠡᠶᠢᠭᠡᠮ ᠤᠨ ᠠᠪᠤᠷᠠᠨ ᠲᠤᠰᠠᠯᠠᠯᠳᠠ ᠪᠠ ᠨᠡᠶᠢᠭᠡᠮ ᠤᠨ ᠠᠰᠠᠷᠠᠮᠵᠢ ᠶᠢᠨ ᠬᠦᠷᠢᠶ᠎ᠡ᠃ ᠭᠤᠤᠯᠳᠠᠭᠤ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠭᠦᠴᠢᠷᠳᠡᠯᠳᠡᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠭᠠᠮᠰᠢᠨᠨᠳ᠋ᠬᠠᠰᠠᠳ ᠢ ᠠᠪᠤᠷᠠᠨ ᠲᠤᠰᠠᠯᠠᠬᠤ᠂ ᠡᠮᠴᠢᠯᠡᠭᠡ ᠪᠠᠷ ᠠᠪᠤᠷᠠᠨ ᠲᠤᠰᠠᠯᠠᠬᠤ᠂ ᠰᠤᠷᠭᠠᠨ ᠬᠥᠮᠦᠵᠢᠯ ᠢᠶᠠᠷ ᠠᠪᠤᠷᠠᠨ ᠲᠤᠰᠠᠯᠠᠬᠤ᠂ ᠤᠷᠤᠨ ᠰᠠᠭᠤᠴᠠ ᠪᠠᠷ ᠠᠪᠤᠷᠠᠨ ᠲᠤᠰᠠᠯᠠᠬᠤ᠂ ᠠᠵᠢᠯ ᠤᠯᠭᠤᠯᠳᠠ ᠪᠠᠷ ᠠᠪᠤᠷᠠᠨ ᠲᠤᠰᠠᠯᠠᠬᠤ᠂ ᠲᠦᠷ ᠴᠠᠭ ᠤᠨ ᠠᠪᠤᠷᠠᠨ ᠲᠤᠰᠠᠯᠠᠬᠤ᠂ ᠨᠠᠰᠤᠲᠠᠶᠢᠴᠤᠳ ᠤᠨ ᠠᠰᠠᠷᠠᠮᠵᠢ᠂ ᠵᠡᠮᠳᠡᠭᠴᠦᠳ ᠤᠨ ᠠᠰᠠᠷᠠᠮᠵᠢ᠂ ᠬᠡᠦᠬᠡᠳ ᠤᠨ ᠠᠰᠠᠷᠠᠮᠵᠢ᠂ ᠥᠨᠥᠴᠢᠨ ᠬᠡᠦᠬᠡᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ᠂ ᠲᠥᠯᠥᠪᠯᠡᠭᠡᠲᠦ ᠦᠷᠡᠵᠢᠯ ᠬᠢᠭᠰᠡᠨ ᠤᠨᠴᠠ ᠭᠦᠴᠢᠷᠳᠡᠢ ᠭᠡᠷ ᠪᠦᠯᠢ ᠶᠢ ᠲᠡᠳᠬᠦᠨ ᠲᠤᠰᠠᠯᠠᠬᠤ ᠵᠡᠷᠭᠡ ᠵᠦᠢᠯᠡᠰ ᠤᠨ ᠲᠤᠭᠤᠷᠢᠨ ᠳᠤ᠂ ᠠᠪᠤᠷᠠᠨ ᠲᠤᠰᠠᠯᠠᠭᠤᠯᠬᠤ ᠡᠲᠡᠭᠡᠳ ᠢ ᠮᠠᠭᠠᠳᠯᠠᠨ ᠲᠤᠨᠨᠳᠠᠭᠠᠬᠤ᠂ ᠠᠪᠤᠷᠠᠨ ᠲᠤᠰᠠᠯᠠᠬᠤ ᠪᠠᠷᠢᠮᠵᠢᠶ᠎ᠠ᠂ ᠠᠰᠠᠷᠠᠮᠵᠢ ᠶᠢᠨ ᠨᠡᠮᠡᠭᠦᠷᠢ ᠭᠤᠶᠤᠴᠢᠯᠠᠨ ᠠᠪᠬᠤ ᠵᠢᠴᠢ ᠬᠢᠨᠠᠨ ᠵᠦᠪᠰᠢᠶᠡᠷᠡᠬᠦᠯᠬᠦ ᠪᠠᠷ ᠭᠤᠶᠤᠴᠢᠯᠠᠬᠤ ᠲᠡᠰ ᠲᠠᠷᠠᠭᠠᠯᠠᠯ ᠵᠡᠷᠭᠡ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠪᠦᠭᠦ ᠲᠠᠯ᠎ᠠ ᠪᠠᠷ ᠢᠯᠡ ᠪᠤᠯᠭᠠᠵᠦ᠂ ᠠᠪᠤᠷᠠᠨ ᠲᠤᠰᠠᠯᠠᠬᠤ ᠡᠳ᠋ ᠮᠥᠩᠭᠦ ᠶᠢ ᠬᠠᠮᠢᠶᠠᠷᠴᠤ ᠬᠡᠷᠡᠭᠯᠡᠬᠦ᠂ ᠠᠰᠠᠷᠠᠮᠵᠢ ᠶᠢᠨ ᠨᠡᠮᠡᠭᠦᠷᠢ ᠣᠯᠭᠤᠬᠤ ᠵᠡᠷᠭᠡ ᠪᠠᠶᠢᠳᠠᠯ ᠢ ᠴᠢᠭᠯᠡᠯᠳᠦ ᠴᠢᠨᠠᠷᠳᠠᠢ ᠪᠠᠷ ᠢᠯᠡ ᠪᠤᠯᠭᠠᠬᠤ ᠬᠡᠷᠡᠭᠳᠡᠢ᠃ ᠢᠯᠡ ᠪᠣᠯᠭᠠᠬᠤ ᠠᠷᠭ᠎ᠠ ᠬᠡᠯᠪᠡᠷᠢ ᠠᠷᠭ᠎ᠠ ᠮᠠᠶ᠋ᠢᠭ ᠢ ᠭᠠᠵᠠᠷ ᠣᠷᠣᠨ ᠤ ᠪᠠᠶᠢᠳᠠᠯ ᠳᠤ ᠨᠢ ᠲᠤᠬᠢᠷᠠᠭᠤᠯᠵᠦ᠂ ᠤᠴᠢᠷ ᠶᠠᠪᠤᠳᠠᠯ ᠤᠨ ᠤᠨᠴᠠᠯᠢᠭ ᠲᠤ ᠨᠢ ᠲᠤᠬᠢᠷᠠᠭᠤᠯᠤᠨ᠂ ᠢᠯᠡ ᠪᠤᠯᠭᠠᠬᠤ ᠶᠢᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠪᠠᠳᠤᠯᠠᠵᠦ᠂ ᠬᠤᠷᠢᠭ᠎ᠠ ᠱᠤᠭᠤᠮ ᠪᠠ ᠪᠠᠳᠤᠯᠠᠭ᠎ᠠ ᠶᠢᠨ ᠲᠦᠪ ᠭᠤᠤᠯᠴᠢ ᠶᠢ ᠬᠠᠮᠠᠭᠠᠯᠠᠬᠤ ᠮᠥᠷᠲᠡᠭᠡᠨ ᠬᠠᠮᠢᠶ᠎ᠠ ᠪᠦᠬᠦᠢ ᠭᠦᠮᠦᠰ ᠤᠨ ᠬᠤᠪᠢ ᠶᠢᠨ ᠨᠢᠭᠤᠴᠠ ᠶᠢ ᠬᠠᠮᠠᠭᠠᠯᠠᠬᠤ ᠬᠡᠷᠡᠭᠳᠡᠢ᠃      ︵ᠭᠤᠷᠪᠠ︶ ᠰᠤᠷᠭᠠᠨ ᠬᠥᠮᠦᠵᠢᠯ ᠤᠨ ᠬᠦᠷᠢᠶ᠎ᠡ᠃ ᠠᠷᠠᠳ ᠲᠦᠮᠡᠨ ᠤ ᠰᠡᠳᠬᠢᠯ ᠳᠤ ᠬᠠᠨᠤᠮᠵᠢᠳᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠳᠤ ᠰᠠᠭᠤᠷᠢᠯᠠᠵᠦ᠂ ᠰᠤᠷᠭᠠᠨ ᠬᠥᠮᠦᠵᠢᠯ ᠤᠨ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠤᠨᠴᠤᠭᠤᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠵᠡᠷᠭᠡ ᠲᠠᠯ᠎ᠠ ᠪᠠᠷ ᠬᠢ ᠮᠡᠳᠡᠭᠡ ᠵᠠᠩᠭᠢ ᠶᠢᠨ ᠢᠯᠡ ᠪᠣᠯᠭᠠᠬᠤ ᠶᠢ ᠭᠤᠤᠯᠳᠠᠯᠭ᠎ᠠ ᠲᠠᠢ ᠰᠠᠶᠢᠳᠤᠷ ᠬᠢᠬᠦ ᠬᠡᠷᠡᠭᠳᠡᠢ᠃ ᠠᠰᠢᠭ ᠲᠤᠰᠠ ᠶᠢᠨ ᠬᠠᠷᠢᠴᠠᠭ᠎ᠠ ᠪᠠᠷ ᠰᠢᠭᠤᠳ᠂ ᠪᠣᠳᠠᠲᠤ ᠵᠥᠷᠢᠴᠡᠯ ᠢᠶᠠᠷ ᠲᠤᠪᠤᠶᠢᠮ᠎ᠠ ᠵᠦᠢᠯᠡᠰ ᠢ ᠴᠢᠩᠭ᠎ᠠ ᠠᠳᠬᠤᠵᠦ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂ ᠭᠦᠭᠵᠢᠯᠳᠡ ᠶᠢᠨ ᠲᠥᠯᠥᠪᠵᠢᠭᠦᠯᠭᠡ᠂ ᠵᠠᠷᠤᠳᠠᠯ ᠤᠨ ᠣᠷᠣᠭᠤᠯᠤᠯᠲᠠ ᠪᠠ ᠬᠡᠷᠡᠭᠯᠡᠯᠳᠡ᠂ ᠭᠦᠴᠢᠷᠳᠡᠢ ᠰᠤᠷᠤᠭᠴᠢᠳ ᠲᠤ ᠵᠤᠭᠤᠰ ᠢᠶᠠᠷ ᠲᠤᠰᠠᠯᠠᠬᠤ ᠶᠢ ᠬᠡᠷᠡᠭᠵᠢᠭᠦᠯᠦᠭᠰᠡᠨ ᠪᠠᠶᠢᠳᠠᠯ ᠵᠡᠷᠭᠡ ᠮᠡᠳᠡᠭᠡ ᠵᠠᠩᠭᠢ ᠶᠢ ᠭᠤᠤᠯᠳᠠᠯᠭ᠎ᠠ ᠲᠠᠢ ᠢᠯᠡ ᠪᠤᠯᠭᠠᠬᠤ ᠬᠡᠷᠡᠭᠳᠡᠢ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠲᠤᠷᠭᠤᠮᠳᠠᠬᠤ ᠶᠢ ᠡᠵᠡᠮᠳᠡᠵᠦ ᠰᠤᠷᠤᠯᠭ᠎ᠠ ᠶᠢ ᠪᠠᠳᠤᠯᠠᠬᠤ᠂ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠬᠦ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠢᠯᠡ ᠪᠤᠯᠭᠠᠬᠤ ᠶᠢ ᠰᠠᠶᠢᠳᠤᠷ ᠬᠢᠬᠦ ᠬᠡᠷᠡᠭᠳᠡᠢ᠃ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠢᠷᠢ ᠬᠡᠮ᠂ ᠰᠤᠷᠭᠠᠭᠤᠯᠢ ᠡᠷᠬᠢᠯᠡᠬᠦ ᠴᠢᠨᠠᠷ ᠴᠢᠨᠰᠠᠭ᠎ᠠ᠂ ᠰᠤᠷᠤᠭᠴᠢ ᠡᠯᠰᠡᠬᠦ ᠬᠡᠪᠴᠢᠶ᠎ᠡ ᠪᠠ ᠬᠤᠷᠢᠶᠠᠬᠤ ᠰᠦᠢᠳᠬᠡᠯ ᠵᠡᠷᠭᠡ ᠮᠡᠳᠡᠭᠡ ᠵᠠᠩᠭᠢ ᠶᠢᠨ ᠢᠯᠡ ᠪᠣᠯᠭᠠᠬᠤ ᠶᠢ ᠠᠬᠢᠭᠤᠯᠬᠤ ᠬᠡᠷᠡᠭᠲᠡᠶ᠃      ︵ᠲᠦᠷᠪᠡ︶ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠭᠦᠷᠢᠶ᠎ᠡ᠃ ᠤᠯᠠᠨ ᠨᠡᠶᠢᠲᠡ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠲᠠᠯ᠎ᠠ ᠳᠠᠬᠢ ᠠᠷᠠᠳ ᠤᠯᠠᠨ ᠤ ᠪᠠᠶᠢᠳᠠᠯ ᠢ ᠮᠡᠳᠡᠬᠦ ᠡᠷᠬᠡ ᠶᠢ ᠪᠠᠳᠤᠯᠠᠵᠦ᠂ ᠬᠦᠨᠳᠦ ᠡᠪᠡᠳᠴᠢᠨ ᠡᠮᠭᠡᠭ ᠢ ᠤᠷᠢᠳᠴᠢᠯᠡᠨ ᠰᠡᠷᠬᠡᠶᠢᠯᠡᠵᠦ ᠡᠵᠡᠮᠳᠡᠬᠦ᠂ ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ᠂ ᠬᠠᠯᠳᠠᠪᠤᠷᠢᠲᠤ ᠡᠪᠡᠳᠴᠢᠨ ᠬᠢᠵᠢᠭ ᠤᠨ ᠪᠠᠶᠢᠳᠠᠯ ᠵᠢᠴᠢ ᠰᠡᠷᠭᠡᠶᠢᠯᠡᠨ ᠡᠵᠡᠮᠳᠡᠬᠦ ᠵᠡᠷᠭᠡ ᠮᠡᠳᠡᠭᠡ ᠵᠠᠩᠭᠢ ᠶᠢ ᠭᠤᠤᠯᠳᠠᠯᠭ᠎ᠠ ᠲᠠᠢ ᠢᠯᠡ ᠪᠤᠯᠭᠠᠬᠤ ᠬᠡᠷᠡᠭᠳᠡᠢ᠃ ᠡᠷᠡᠭᠦᠯ ᠡᠩᠬᠡ ᠶᠢᠨ ᠰᠢᠨᠵᠢᠯᠡᠬᠦ ᠤᠬᠠᠭᠠᠨ ᠤ ᠲᠦᠬᠡᠮᠡᠯᠵᠢᠬᠦᠯᠦᠯᠳᠡ ᠶᠢ ᠶᠡᠬᠡᠪᠡᠷ ᠦᠷᠨᠢᠬᠦᠯᠵᠦ᠂ ᠡᠮᠡᠭᠲᠡᠶᠢᠴᠦᠳ᠂ ᠨᠠᠰᠤᠨ ᠳᠤ ᠦᠯᠦ ᠬᠦᠷᠦᠭᠰᠡᠳ᠂ ᠨᠠᠰᠤᠲᠠᠶᠢᠴᠤᠳ ᠵᠡᠷᠭᠡ ᠭᠤᠣᠯᠳᠠᠯᠭ᠎ᠠ ᠲᠠᠢ ᠬᠥᠮᠦᠰ ᠪᠠ ᠬᠥᠳᠡᠭᠡ ᠲᠣᠰᠬᠤᠨ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠬᠠᠨᠳᠤᠭᠤᠯᠤᠨ᠂ ᠡᠷᠡᠭᠦᠯ ᠡᠩᠬᠡ ᠶᠢᠨ ᠲᠤᠰᠬᠠᠢ ᠵᠦᠢᠯ ᠤᠨ ᠰᠢᠨᠵᠢᠯᠡᠬᠦ ᠤᠬᠠᠭᠠᠨ ᠤ ᠲᠦᠬᠡᠮᠡᠯᠵᠢᠯᠳᠡ ᠶᠢ ᠦᠷᠨᠢᠬᠦᠯᠵᠦ᠂ ᠤᠳᠤ ᠦᠶ᠎ᠡ ᠶᠢᠨ ᠠᠨᠠᠭᠠᠬᠤ ᠤᠬᠠᠭᠠᠨ ᠤ ᠮᠡᠳᠡᠯᠭᠡ ᠪᠠᠷ ᠠᠷᠠᠳ ᠤᠯᠠᠨ ᠳᠤ ᠡᠷᠡᠭᠦᠯ ᠡᠩᠬᠡ ᠶᠢᠨ ᠦᠢᠯᠡᠴᠢᠯᠡᠭᠡ ᠬᠠᠩᠭᠠᠬᠤ ᠬᠡᠷᠡᠭᠲᠡᠶ᠃ ᠡᠪᠡᠳᠴᠢᠨ ᠡᠮᠭᠡᠭ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠯᠳᠠ᠂ ᠡᠷᠡᠭᠦᠯ ᠡᠩᠬᠡ ᠪᠠᠷ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠨᠨᠰᠠᠨ ᠪᠠᠶᠢᠳᠠᠯ ᠢ ᠢᠯᠠ ᠪᠤᠯᠭᠠᠬᠤ ᠠᠵᠢᠯ ᠢ ᠤᠯᠠᠮ ᠨᠢᠬᠡ ᠠᠯᠬᠤᠮ ᠰᠠᠶᠢᠳᠤᠷ ᠬᠢᠬᠦ ᠬᠡᠷᠡᠭᠲᠡᠶ᠃ ᠮᠡᠳᠡᠭᠡ ᠵᠠᠩᠭᠢ ᠶᠢ ᠢᠯᠡ ᠪᠣᠯᠭᠠᠬᠤ ᠠᠷᠭ᠎ᠠ ᠠᠪᠴᠢᠯ ᠢ ᠠᠰᠢᠨᠨᠯᠠᠵᠦ ᠪᠠᠶᠢᠭᠠᠳ ᠡᠷᠡᠭᠦᠯ ᠬᠠᠮᠠᠭᠠᠯᠠᠯ ᠤᠨ ᠲᠠᠯ᠎ᠠ ᠪᠠᠷ ᠬᠢ ᠬᠢᠨᠠᠯᠳᠠ ᠲᠠᠯᠪᠢᠯᠳᠠ ᠶᠢ ᠴᠢᠩᠭᠠᠳᠬᠠᠬᠤ ᠪᠠᠷ ᠰᠦᠪᠡᠭᠴᠢᠯᠡᠬᠦ ᠬᠡᠷᠡᠭᠲᠡᠶ᠃ ᠢᠳᠡᠭᠡᠨ ᠤ ᠵᠦᠢᠯ ᠤᠨ ᠠᠮᠤᠷ ᠲᠦᠪᠰᠢᠨ ᠤ ᠮᠡᠳᠡᠭᠡ ᠵᠠᠩᠭᠢ ᠶᠢᠨ ᠢᠯᠡ ᠪᠣᠯᠭᠠᠬᠤ ᠶᠢ ᠭᠦᠨᠵᠡᠬᠡᠶᠢᠷᠡᠬᠦᠯᠦᠨ᠂ ᠠᠵᠤ ᠠᠬᠤᠶᠢᠯᠠᠯ ᠤᠨ ︽ᠬᠠᠷ᠎ᠠ ᠳᠠᠩᠰᠠ︾᠎ ᠶᠢᠨ ᠳᠦᠷᠢᠮ ᠢ ᠲᠡᠭᠦᠯᠳᠡᠷᠵᠢᠭᠦᠯᠦᠨ ᠲᠡᠯᠬᠡᠷᠡᠭᠦᠯᠵᠦ᠂ ᠬᠠᠤᠯᠢ ᠵᠥᠷᠢᠴᠡᠭᠰᠡᠳ ᠢ ᠤᠷᠤᠬᠤ ᠭᠠᠵᠠᠷ ᠦᠬᠡᠢ ᠪᠤᠯᠭᠠᠵᠦ᠂ ᠠᠷᠠᠳ ᠤᠯᠠᠨ ᠢ ᠢᠳᠡᠬᠡᠨ ᠤᠮᠳᠠᠭᠠᠨ ᠤ ᠲᠠᠯ᠎ᠠ ᠪᠠᠷ ᠰᠡᠳᠬᠢᠯ ᠠᠮᠤᠷ ᠪᠠᠶᠢᠯᠭᠠᠨ᠎ᠠ᠃      ︵ᠲᠠᠪᠤ︶ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠦᠷᠢᠶ᠎ᠡ᠃ ᠨᠡᠶᠢᠭᠡᠮ ᠨᠡᠶᠢᠳᠡ ᠪᠠᠷ ᠢᠶᠠᠨ ᠨᠡᠶᠢᠳᠡᠮ ᠠᠩᠬᠠᠷᠴᠤ ᠪᠠᠶᠢᠭ᠎ᠠ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠬᠥᠷᠥᠰᠥ ᠰᠢᠷᠣᠶ ᠶᠢᠨ ᠪᠣᠬᠢᠷᠲᠤᠯ ᠢ ᠬᠠᠮᠢᠶᠠᠷᠤᠨ ᠡᠵᠡᠮᠳᠡᠬᠦ ᠪᠠ ᠦᠩᠵᠢᠬᠦᠯᠦᠨ ᠰᠡᠷᠭᠦᠭᠡᠬᠦ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠤᠯᠠᠮ ᠨᠢᠬᠡ ᠠᠯᠬᠤᠮ ᠰᠠᠶᠢᠲᠤᠷ ᠬᠢᠬᠦ ᠬᠡᠷᠡᠭᠲᠡᠶ᠃ ᠣᠷᠴᠢᠨ ᠲᠤᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠶ ᠶᠢ ᠬᠠᠮᠠᠭᠠᠯᠠᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ᠂ ᠬᠡᠷᠡᠭᠵᠢᠬᠦᠯᠦᠭᠰᠡᠨ ᠦᠷ᠎ᠡ ᠨᠦᠯᠦᠬᠡ ᠂ ᠪᠣᠬᠢᠷᠲᠤᠯ ᠤᠨ ᠡᠬᠢ ᠢᠷᠡᠯᠳᠡ ᠶᠢ ᠬᠢᠨᠠᠨ ᠰᠢᠨᠵᠢᠬᠦ ᠵᠢᠴᠢ ᠪᠣᠬᠢᠷᠲᠤᠯ ᠪᠣᠳᠠᠰ ᠭᠠᠳ᠋ᠬᠠᠰᠢᠯᠠᠭᠤᠯᠬᠤ ᠶᠢ ᠪᠠᠭᠠᠰᠬᠠᠨᠨᠰᠠᠨ᠂ ᠪᠦᠳᠤᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠣᠷᠴᠢᠨ ᠲᠣᠭᠤᠷᠢᠨ ᠳᠤ ᠦᠵᠡᠬᠦᠯᠬᠦ ᠰᠦᠬᠡᠷᠬᠦ ᠨᠦᠯᠦᠬᠡ ᠶᠢ ᠰᠢᠯᠭᠠᠨ ᠦᠨᠡᠯᠡᠬᠦ ᠬᠢᠨᠠᠨ ᠵᠦᠪᠰᠢᠶᠡᠷᠡᠯ᠂ ᠣᠷᠴᠢᠨ ᠲᠤᠭᠤᠷᠢᠨ ᠤ ᠪᠣᠬᠢᠷᠲᠤᠯ ᠪᠠ ᠠᠮᠢ ᠠᠬᠤᠶ ᠶᠢᠨ ᠡᠪᠳᠡᠯᠡᠭᠡ ᠶᠢᠨ ᠲᠠᠯ᠎ᠠ ᠪᠠᠷ ᠬᠢ ᠬᠦᠨᠳᠦ ᠶᠡᠭᠡ ᠬᠡᠷᠡᠭ ᠤᠨ ᠪᠠᠶᠢᠴᠠᠭᠠᠨ ᠰᠶᠢᠳᠪᠦᠷᠢᠯᠡᠭᠰᠡᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠬᠦᠯᠵᠦ ᠬᠢᠨᠠᠨ ᠬᠠᠮᠢᠶᠠᠷᠤᠨᠨᠰᠠᠨ᠂ ᠵᠠᠭᠠᠯᠳᠤᠯᠭ᠎ᠠ ᠶᠢ ᠰᠶᠢᠳᠪᠦᠷᠢᠯᠡᠭᠰᠡᠨ ᠵᠡᠷᠭᠡ ᠮᠡᠳᠡᠭᠡ ᠵᠠᠩᠭᠢ ᠶᠢ ᠭᠤᠣᠯᠳᠠᠯᠭ᠎ᠠ ᠲᠠᠢ ᠢᠯᠡ ᠪᠤᠯᠭᠠᠬᠤ ᠬᠡᠷᠡᠭᠳᠡᠢ᠃ ᠦᠷᠬᠡᠨ ᠬᠡᠪᠴᠢᠶᠡᠳᠡᠢ ᠬᠦᠨᠳᠦ ᠪᠤᠬᠢᠷᠳᠤᠨᠨᠰᠠᠨ ᠴᠠᠭ ᠠᠭᠤᠷ ᠢ ᠰᠡᠷᠡᠮᠵᠢᠯᠡᠭᠦᠯᠬᠦ ᠰᠠᠨᠠᠭᠤᠯᠤᠮᠵᠢ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠳᠡᠯᠡᠵᠦ᠂ ᠬᠦᠨᠳᠦ ᠪᠤᠬᠢᠷᠳᠤᠨᠨᠰᠠᠨ ᠴᠠᠭ ᠠᠭᠤᠷ ᠤᠨ ᠬᠤᠭᠤᠴᠠᠭᠠᠨ ᠳᠠᠬᠢ ᠮᠡᠳᠡᠭᠡ ᠵᠠᠩᠭᠢ ᠨᠡᠶᠢᠲᠡᠯᠡᠬᠦ᠂ ᠶᠠᠷᠢᠶ᠎ᠠ ᠬᠡᠯᠡᠯᠴᠡᠬᠡᠨ ᠤ ᠪᠠᠶᠢᠳᠠᠯ ᠢ ᠬᠥᠲᠥᠯᠥᠨ ᠵᠢᠯᠤᠭᠤᠳᠬᠤ ᠵᠡᠷᠭᠡ ᠠᠵᠢᠯ ᠢ ᠨᠢᠬᠡᠳᠦᠯᠳᠡᠢ ᠲᠦᠯᠦᠪᠵᠢᠬᠦᠯᠦᠨ ᠰᠠᠶᠢᠳᠤᠷ ᠬᠢᠬᠦ ᠬᠡᠷᠡᠭᠳᠡᠢ᠃ ᠣᠷᠴᠢᠨ ᠲᠤᠭᠤᠷᠢᠨ ᠤ ᠬᠠᠮᠠᠭᠠᠯᠠᠯᠲᠠ ᠶᠢᠨ ᠮᠡᠳᠡᠭᠡ ᠵᠠᠩᠭᠢ ᠶᠢ ᠠᠯᠪᠠᠳᠠᠯᠭ᠎ᠠ ᠶᠢᠨ ᠴᠢᠨᠠᠷᠲᠠᠶ ᠪᠠᠷ ᠨᠡᠶᠢᠳᠡᠯᠡᠬᠦ ᠲᠥᠷᠢᠮ ᠢ ᠲᠡᠭᠦᠯᠳᠡᠷᠵᠢᠬᠦᠯᠬᠦ ᠬᠡᠷᠡᠭᠳᠡᠢ᠃      ︵ᠵᠢᠷᠭᠤᠭ᠎ᠠ︶ ᠭᠠᠶ ᠭᠠᠮᠰᠢᠭ ᠤᠨ ᠠᠳᠡᠯ ᠬᠡᠷᠡᠭ ᠠᠴᠠ ᠠᠪᠤᠷᠠᠨ ᠲᠤᠰᠠᠯᠠᠬᠤ ᠬᠦᠷᠢᠶ᠎ᠡ᠃ ᠪᠠᠶᠢᠭᠠᠯᠢ ᠶᠢᠨ ᠭᠠᠶ ᠭᠠᠮᠰᠢᠭ᠂ ᠬᠦᠨᠳᠦ ᠶᠡᠭᠡ ᠠᠳᠡᠯ ᠬᠡᠷᠡᠭ ᠤᠨ ᠭᠠᠶ ᠭᠠᠮᠰᠢᠭ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠢᠬᠡᠳ ᠠᠪᠤᠷᠠᠨ ᠲᠤᠰᠠᠯᠠᠬᠤ᠂ ᠡᠮᠴᠢᠯᠡᠬᠡᠨ ᠤ ᠠᠪᠤᠷᠠᠯᠳᠠ ᠬᠢᠬᠡᠳ ᠡᠷᠡᠭᠦᠯ ᠢ ᠬᠠᠮᠠᠭᠠᠯᠠᠵᠤ ᠬᠢᠵᠢᠭ ᠢ ᠰᠡᠷᠭᠡᠶᠢᠯᠡᠬᠦ᠂ ᠲᠠᠭᠠᠯᠳᠤᠨ ᠪᠤᠢ ᠪᠤᠯᠬᠤ ᠭᠠᠶ ᠭᠠᠮᠰᠢᠭ ᠢ ᠤᠷᠢᠳᠴᠢᠯᠠᠨ ᠰᠡᠷᠡᠮᠵᠢᠯᠡᠵᠦ ᠰᠡᠷᠭᠡᠶᠢᠯᠡᠬᠦ ᠵᠡᠷᠭᠡ ᠠᠵᠢᠯ ᠤᠨ ᠪᠠᠶᠢᠳᠠᠯ ᠵᠢᠴᠢ ᠬᠥᠳᠡᠯᠦᠩᠭᠦᠶ ᠮᠡᠳᠡᠭᠡ ᠵᠠᠩᠭᠢ ᠶᠢ ᠤᠨᠤᠪᠴᠢᠳᠠᠢ ᠪᠠᠷ ᠴᠠᠭ ᠲᠤᠬᠠᠢ ᠳᠤᠨᠢ ᠨᠡᠶᠢᠳᠡᠯᠡᠬᠦ ᠬᠡᠷᠡᠭᠳᠡᠢ᠃ ᠭᠠᠢ ᠭᠠᠮᠰᠢᠭ ᠠᠴᠠ ᠠᠪᠤᠷᠠᠨ ᠲᠤᠰᠠᠯᠠᠬᠤ ᠬᠡᠷᠡᠭᠴᠡᠬᠡᠳᠡᠢ ᠮᠡᠳᠡᠭᠡ ᠵᠠᠩᠬᠢ ᠶᠢ ᠴᠠᠭ ᠲᠤᠬᠠᠢ ᠳᠤᠨᠢ ᠨᠡᠶᠢᠳᠡᠯᠡᠵᠦ᠂ ᠠᠪᠤᠷᠠᠨ ᠲᠤᠰᠠᠯᠠᠬᠤ ᠡᠳ᠋ ᠮᠥᠩᠭᠦ ᠪᠠ ᠬᠠᠨᠳᠢᠪᠯᠠᠵᠦ ᠬᠦᠷᠭᠡᠭᠰᠡᠨ ᠡᠳ᠋ ᠮᠥᠩᠭᠦ ᠶᠢᠨ ᠲᠤᠭ᠎ᠠ ᠬᠡᠮᠵᠢᠶ᠎ᠡ᠂ ᠬᠡᠷᠡᠭᠯᠡᠭᠰᠡᠨ ᠪᠠᠶᠢᠳᠠᠯ᠂ ᠠᠪᠤᠷᠠᠨ ᠲᠤᠰᠠᠯᠠᠭᠤᠯᠬᠤ ᠡᠲᠡᠭᠡᠳ ᠵᠢᠴᠢ ᠠᠪᠤᠷᠠᠨ ᠲᠤᠰᠠᠯᠠᠬᠤ ᠡᠳ᠋ ᠮᠦᠩᠭᠦ ᠶᠢ ᠬᠦᠯᠢᠶᠡᠨ ᠠᠪᠤᠨᠨᠰᠠᠨ ᠲᠤᠭ᠎ᠠ᠂ ᠭᠠᠮᠰᠢᠭ ᠤᠨ ᠲᠠᠷᠠᠭ᠎ᠠ ᠪᠠᠷ ᠬᠢ ᠰᠡᠷᠭᠦᠭᠡᠨ ᠵᠠᠰᠠᠵᠦ ᠲᠠᠬᠢᠨ ᠪᠠᠶᠢᠭᠤᠯᠬᠤ ᠠᠵᠢᠯ ᠤᠨ ᠠᠬᠢᠴᠠ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠠᠬᠢᠭᠤᠯᠤᠨ ᠰᠠᠶᠢᠲᠤᠷ ᠬᠢᠬᠦ ᠬᠡᠷᠡᠭᠲᠡᠶ᠃      ︵ᠲᠤᠯᠤᠭ᠎ᠠ︶ ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠭᠦᠷᠢᠶ᠎ᠡ᠃ ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠠᠯ᠎ᠠ ᠳᠠᠬᠢ ᠨᠡᠶᠢᠲᠡ ᠶᠢᠨ ᠠᠰᠠᠷᠠᠮᠵᠢ ᠶᠢᠨ ᠴᠢᠨᠠᠷ ᠠᠳᠠᠯᠢ ᠲᠡᠭᠰᠢ ᠴᠢᠨᠠᠷ ᠪᠠ ᠳᠥᠭᠦᠮ ᠳᠥᠲᠡ ᠪᠠᠶᠢᠯᠭᠠᠬᠤ ᠴᠢᠨᠠᠷ ᠲᠤ ᠰᠠᠭᠤᠷᠢᠯᠠᠵᠦ᠂ ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠵᠦ ᠪᠠᠳᠤᠯᠠᠬᠤ ᠲᠦᠷᠦ ᠶᠢᠨ ᠪᠤᠳᠤᠯᠭ᠎ᠠ᠂ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ᠂ ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠪᠠ ᠬᠡᠷᠡᠭᠯᠡᠯᠳᠡ᠂ ᠪᠡᠯᠡᠳᠬᠡᠮᠵᠢ ᠶᠢᠨ ᠪᠠᠶᠢᠭᠤᠯᠤᠯᠳᠠ ᠪᠠ ᠬᠡᠷᠡᠭᠯᠡᠯᠳᠡ᠂ ᠵᠠᠰᠠᠭ ᠤᠨ ᠣᠷᠳᠣᠨ ᠤ ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡ ᠬᠤᠳᠠᠯᠳᠤᠨ ᠠᠪᠬᠤ ᠭᠠᠷᠴᠠᠭ᠂ ᠠᠵᠢᠯ ᠤᠨ ᠠᠮᠵᠢᠯᠳᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠶᠢ ᠶᠡᠬᠡᠪᠡᠷ ᠠᠬᠢᠭᠤᠯᠬᠤ ᠬᠡᠷᠡᠭᠲᠡᠶ᠃ ᠰᠣᠶᠣᠯ ᠤᠨ ᠦᠪ ᠤᠨ ᠬᠠᠮᠠᠭᠠᠯᠠᠯᠳᠠ᠂ ᠤᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠨᠡᠷᠡᠰ ᠤᠨ ᠵᠢᠭᠰᠠᠭᠠᠯᠲᠠ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠦᠢᠯᠡᠴᠢᠯᠡᠭᠡᠨ ᠤ ᠠᠵᠢᠯᠯᠠᠭ᠎ᠠ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠠᠵᠢᠯᠯᠠᠭ᠎ᠠ ᠂ ᠬᠠᠨᠳᠢᠪᠯᠠᠭᠰᠠᠨ ᠡᠳ᠋ ᠮᠦᠩᠭᠦ ᠶᠢ ᠬᠠᠮᠢᠶᠠᠷᠴᠤ ᠬᠡᠷᠡᠭᠯᠡᠭᠰᠡᠨ ᠵᠡᠷᠭᠡ ᠪᠠᠶᠢᠳᠠᠯ ᠢ ᠢᠯᠡ ᠪᠤᠯᠭᠠᠬᠤ ᠬᠡᠷᠡᠭᠳᠡᠢ᠃      ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢ ᠲᠤᠰ ᠲᠤᠰ ᠤᠨ ᠢᠶᠠᠨ ᠡᠭᠦᠷᠬᠡ ᠬᠠᠷᠢᠭᠤᠴᠠᠯᠭ᠎ᠠ ᠡᠷᠬᠡ ᠮᠡᠳᠡᠯ ᠤᠨ ᠶᠤᠰᠤᠭᠠᠷ᠂ ᠲᠦᠷᠦᠯ ᠬᠤᠪᠢᠶᠠᠨ ᠵᠢᠭᠠᠨ ᠵᠢᠯᠣᠭᠤᠳᠬᠤ ᠪᠠᠨ ᠴᠢᠩᠭᠠᠳᠬᠠᠵᠤ᠂ ᠤᠷᠲᠤ ᠬᠤᠭᠤᠴᠠᠭᠠᠨ ᠤ ᠪᠦᠳᠦᠮᠵᠢᠳᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ᠂ ᠨᠢᠭᠦᠯᠡᠰᠦᠩᠭᠦᠶ ᠶᠢᠨ ᠦᠢᠯᠡᠰ ᠤᠨ ᠵᠣᠬᠢᠶᠠᠨ ᠪᠠᠶᠢᠭᠤᠯᠤᠯᠲᠠ ᠶᠢᠨ ᠬᠢᠨ ᠤ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠮᠡᠳᠡᠭᠡ ᠵᠠᠩᠭᠢ ᠶᠢ ᠦᠨᠡᠨ ᠮᠦᠨ ᠢᠶᠠᠷ ᠢᠯᠡ ᠪᠤᠯᠭᠠᠬᠤ ᠶᠢ ᠠᠬᠢᠭᠤᠯᠬᠤ ᠬᠡᠷᠡᠭᠳᠡᠢ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠤᠷᠭᠠᠨ ᠬᠥᠮᠦᠵᠢᠯ ᠂ ᠣᠷᠴᠢᠨ ᠲᠤᠭᠤᠷᠢᠨ ᠤ ᠬᠠᠮᠠᠭᠠᠯᠠᠯᠲᠠ᠂ ᠰᠣᠶᠣᠯ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠵᠡᠷᠭᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ 2018 ᠣᠨ ᠤ ᠰᠡᠬᠦᠯᠴᠢ ᠠᠴᠠ ᠡᠮᠦᠨ᠎ᠡ ᠲᠤᠰ ᠰᠠᠯᠠᠭ᠎ᠠ ᠮᠥᠴᠢᠷ ᠤᠨ ᠬᠢᠨᠠᠨ ᠬᠠᠮᠢᠶᠠᠷᠴᠤ ᠪᠠᠶᠢᠭ᠎ᠠ ᠤᠯᠠᠨ ᠨᠡᠶᠢᠳᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ᠢ ᠪᠠᠶᠢᠭᠤᠯᠤᠨ ᠲᠡᠭᠦᠯᠳᠡᠷᠵᠢᠬᠦᠯᠵᠦ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠨᠢᠭᠦᠯᠡᠰᠦᠩᠭᠦᠶ ᠶᠢᠨ ᠦᠢᠯᠡᠰ ᠤᠨ ᠵᠣᠬᠢᠶᠠᠨ ᠪᠠᠶᠢᠭᠤᠯᠤᠯᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠷᠭ᠎ᠠ ᠶᠢ ᠲᠠᠷᠦ᠋ᠢᠬᠠᠨ ᠲᠤᠨᠨᠳᠠᠭᠠᠨ ᠨᠡᠶᠢᠳᠡᠯᠡᠵᠦ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠢᠯᠡ ᠪᠣᠯᠭᠠᠬᠤ ᠶᠢ ᠲᠦᠷᠢᠮᠵᠢᠬᠦᠯᠵᠦ ᠵᠢᠷᠤᠮᠵᠢᠭᠤᠯᠬᠤ ᠬᠢᠷᠢ ᠲᠦᠪᠰᠢᠨ ᠢᠶᠠᠨ ᠲᠠᠰᠤᠷᠠᠯᠳᠠ ᠦᠬᠡᠢ ᠲᠡᠬᠡᠭᠰᠢᠯᠡᠬᠦᠯᠬᠦ ᠬᠡᠷᠡᠭᠳᠡᠢ᠃      ᠲᠦᠷᠪᠡ᠂ ᠢᠯᠡ ᠪᠤᠯᠭᠠᠬᠤ ᠪᠣᠳᠠᠲᠤ ᠦᠷ᠎ᠡ ᠪᠦᠲᠦᠮᠵᠢ ᠶᠢ ᠴᠢᠩᠭᠠᠳᠬᠠᠨ᠎ᠠ      ︵ᠨᠢᠭᠡ︶ ᠢᠯᠡ ᠪᠣᠯᠭᠠᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠶ᠃ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ ᠤᠨ ᠢᠶᠠᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠪᠠᠯ ᠢᠯᠡ ᠪᠣᠯᠭᠠᠬᠤ ᠵᠦᠢᠯᠡᠰ ᠢ ᠡᠮᠬᠢᠯᠡᠨ ᠲᠢᠭᠯᠡᠵᠦ ᠨᠠᠷᠢᠯᠢᠨᠨᠵᠢᠭᠤᠯᠬᠤ ᠬᠡᠷᠡᠭᠲᠡᠶ᠂ ᠵᠠᠰᠠᠭ ᠤᠨ ᠣᠷᠳᠣᠨ ᠤ ᠬᠠᠮᠢᠶ᠎ᠠ ᠪᠦᠭᠦᠢ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ᠂ ᠪᠦᠭᠦ ᠲᠠᠯ᠎ᠠ ᠪᠠᠷ᠂ ᠴᠠᠭ ᠲᠤᠬᠠᠢ ᠳᠤᠨᠢ ᠢᠯᠡ ᠪᠤᠯᠭᠠᠬᠤ ᠬᠡᠷᠡᠭᠲᠡᠶ᠃ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠪᠠᠷᠢᠮᠵᠢᠶᠠᠵᠢᠭᠤᠯᠵᠦ ᠲᠦᠷᠢᠮᠵᠢᠬᠦᠯᠬᠦ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠪᠣᠳᠠᠲᠤ ᠪᠠᠶᠢᠳᠠᠯ ᠲᠠᠢ ᠨᠡᠶᠢᠴᠡᠭᠰᠡᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷᠢᠮᠵᠢᠶ᠎ᠠ ᠪᠠ ᠵᠢᠷᠤᠮᠵᠢᠯ ᠢ ᠰᠦᠪᠡᠭᠴᠢᠯᠡᠨ ᠪᠦᠷᠢᠯᠳᠦᠬᠦᠯᠬᠦ ᠬᠡᠷᠡᠭᠳᠡᠢ᠃ ᠠᠷᠠᠳ ᠢᠷᠭᠡᠨ᠂ ᠬᠠᠤᠯᠢ ᠶᠢᠨ ᠡᠷᠬᠡᠳᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠵᠠᠰᠠᠭ ᠵᠠᠬᠢᠷᠭᠠᠨ ᠤ ᠪᠠᠶᠢᠭᠤᠯᠭ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾᠎ ᠤᠨ ᠲᠣᠭᠲᠠᠭᠠᠯ ᠶᠤᠰᠤᠭᠠᠷ ᠬᠢᠨᠠᠮᠠᠭᠠᠶ ᠭᠦᠢᠴᠡᠳᠬᠡᠵᠦ᠂ ᠨᠡᠶᠢᠳᠡ ᠤᠯᠠᠨ ᠤ ᠮᠡᠳᠡᠭᠡ ᠵᠠᠩᠭᠢ ᠶᠢᠨ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠬᠡᠪᠴᠢᠶ᠎ᠡ ᠪᠠᠷ ᠬᠠᠩᠭᠠᠬᠤ ᠬᠡᠷᠡᠭᠲᠡᠶ᠃      ︵ᠬᠤᠶᠠᠷ︶ ᠢᠯᠡ ᠪᠣᠯᠭᠠᠬᠤ ᠠᠷᠭ᠎ᠠ ᠬᠡᠯᠪᠡᠷᠢ ᠶᠢ ᠲᠡᠭᠦᠯᠳᠡᠷᠵᠢᠬᠦᠯᠬᠦ ᠬᠡᠷᠡᠭᠳᠡᠢ᠃ ᠵᠠᠰᠠᠭ ᠤᠨ ᠣᠷᠳᠣᠨ ᠤ ᠰᠦᠯᠵᠢᠶ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠦ᠂ ᠠᠭᠤᠯᠭ᠎ᠠ ᠶᠢ ᠨᠢ ᠡᠷᠬᠡ ᠰᠦᠷ ᠲᠠᠢ᠂ ᠬᠡᠪ ᠵᠬᠠᠪᠤᠷ ᠢ ᠨᠢ ᠵᠢᠷᠤᠮᠵᠢᠯ ᠲᠠᠢ᠂ ᠵᠤᠬᠢᠶᠠᠮᠵᠢ ᠶᠢ ᠨᠢ ᠨᠢᠭᠡᠳᠦᠯᠲᠡᠶ ᠪᠠᠶᠢᠯᠭᠠᠬᠤ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠮᠡᠳᠡᠭᠡ ᠵᠠᠩᠭᠢ ᠶᠢ ᠲᠦᠪᠯᠡᠷᠡᠩᠬᠦᠢ ᠨᠡᠶᠢᠲᠡᠯᠡᠵᠦ᠂ ᠤᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠲᠡᠯᠡᠭᠰᠡᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠤᠬᠯᠠᠭᠤᠯᠤᠨ ᠨᠡᠶᠢᠯᠡᠭᠦᠯᠵᠦ ᠪᠠᠶᠢᠭᠠᠳ ᠲᠡᠯᠬᠡᠨ ᠦᠵᠡᠬᠦᠯᠵᠦ᠂ ᠨᠡᠶᠢᠳᠡ ᠤᠯᠠᠨ ᠤ ᠬᠠᠶᠢᠨ ᠯᠠᠪᠯᠠᠵᠦ ᠠᠰᠢᠨᠨᠯᠠᠬᠤ ᠳᠤ ᠳᠦᠭᠦᠮ ᠦᠵᠡᠬᠦᠯᠬᠦ ᠬᠡᠷᠡᠭᠲᠡᠶ᠃ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠮᠡᠳᠡᠭᠡ ᠵᠠᠩᠭᠢ ᠶᠢ ᠬᠠᠮᠳᠤᠪᠡᠷ ᠭᠦᠷᠳᠡᠬᠦ ᠪᠠ ᠲᠤᠭ᠎ᠠ ᠪᠠᠷᠢᠮᠲᠠ ᠶᠢ ᠴᠢᠯᠥᠭᠡᠲᠡᠶ ᠪᠤᠯᠭᠠᠬᠤ ᠶᠢ ᠯᠠᠪᠳᠠᠭᠤᠨ ᠢᠶᠠᠷ ᠠᠬᠢᠭᠤᠯᠵᠦ᠂ ᠰᠠᠯᠠᠭ᠎ᠠ ᠮᠥᠴᠢᠷ ᠤᠳ ᠤᠨ ᠬᠤᠭᠤᠷᠣᠨᠳᠣ ᠪᠠᠨ ᠬᠢᠨᠠᠨ ᠬᠠᠷᠭᠤᠭᠤᠯᠬᠤ ᠪᠠ ᠨᠡᠶᠢᠭᠡᠮ ᠠᠴᠠ ᠨᠡᠭᠡᠭᠡᠨ ᠭᠦᠭᠵᠢᠬᠦᠯᠵᠦ ᠠᠰᠢᠭᠯᠠᠬᠤ ᠳᠤ ᠨᠥᠬᠦᠴᠡᠯ ᠬᠠᠩᠭᠠᠬᠤ ᠬᠡᠷᠡᠭᠲᠡᠶ᠃ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠨᠢ ᠭᠤᠣᠯᠳᠠᠭᠤ ᠦᠨᠳᠦᠰᠦᠨ ᠱᠠᠳᠤ ᠪᠠ ᠤᠨᠴᠤᠭᠤᠢ ᠭᠦᠮᠦᠰ ᠲᠤ ᠦᠢᠯᠡᠴᠢᠯᠡᠳᠡᠭ ᠣᠨᠴᠠᠯᠢᠭ ᠲᠤ ᠬᠠᠨᠳᠤᠭᠤᠯᠵᠦ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ᠂ ᠰᠣᠨᠢᠨ ᠮᠡᠳᠡᠬᠡᠨ ᠤ ᠵᠠᠭᠤᠴᠢᠯᠠᠭᠤᠷ᠂ ᠭᠠᠷ ᠤᠲᠠᠰᠤᠨ ᠤ ᠤᠬᠤᠷ ᠴᠢᠮᠡᠭᠡ᠂ ᠨᠡᠶᠢᠳᠡ ᠳᠤ ᠵᠠᠷᠯᠠᠬᠤ ᠪᠤᠯᠤᠩ᠂ ᠤᠬᠠᠭᠤᠯᠭ᠎ᠠ ᠶᠢᠨ ᠲᠣᠪᠬᠢᠮᠠᠯ ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠵᠡᠷᠭᠡ ᠤᠯᠠᠨ ᠵᠦᠢᠯ ᠤᠨ ᠠᠴᠢᠶᠠᠯᠠᠪᠤᠷᠢ ᠪᠣᠯᠤᠨ ᠠᠷᠭ᠎ᠠ ᠬᠡᠯᠪᠡᠷᠢ ᠶᠢ ᠠᠮᠢᠳᠤᠯᠢᠭ ᠢᠶᠠᠷ ᠬᠡᠷᠡᠭᠯᠡᠵᠦ᠂ ᠬᠠᠨᠳᠤᠯᠭ᠎ᠠ ᠲᠠᠢ ᠪᠠᠷ ᠨᠡᠶᠢᠳᠡᠯᠡᠨ᠂ ᠤᠨᠤᠪᠴᠢᠳᠠᠢ ᠪᠠᠷ ᠭᠦᠷᠬᠡᠵᠦ᠂ ᠮᠡᠳᠡᠭᠡ ᠵᠠᠩᠭᠢ ᠶᠢᠨ ᠬᠠᠮᠤᠷᠬᠤ ᠬᠡᠪᠴᠢᠶ᠎ᠡ᠂ ᠬᠦᠷᠬᠦ ᠨᠤᠷᠮ᠎ᠠ ᠶᠢ ᠲᠡᠬᠡᠭᠰᠢᠯᠡᠬᠦᠯᠦᠨ᠂ ᠠᠷᠠᠳ ᠤᠯᠠᠨ ᠳᠤ ᠦᠵᠡᠬᠦᠯᠵᠦ ᠤᠶᠢᠯᠠᠭᠠᠭᠤᠯᠬᠤ ᠶᠢ ᠪᠠᠳᠤᠯᠠᠬᠤ ᠬᠡᠷᠡᠭᠳᠡᠢ᠃      ︵ᠭᠤᠷᠪᠠ︶ ᠲᠠᠶᠢᠯᠤᠮᠵᠢ ᠬᠢᠵᠦ ᠬᠥᠲᠥᠯᠥᠨ ᠵᠢᠯᠤᠭᠤᠳᠬᠤ ᠪᠠᠨ ᠴᠢᠩᠭᠠᠳᠬᠠᠬᠤ ᠬᠡᠷᠡᠭᠳᠡᠢ᠃ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠲᠦᠷᠦ ᠶᠢᠨ ᠪᠤᠲᠣᠯᠭ᠎ᠠ ᠶᠢᠨ ᠲᠠᠶᠢᠯᠤᠮᠵᠢ ᠬᠢᠬᠦ ᠪᠠ ᠬᠥᠲᠥᠯᠥᠨ ᠵᠢᠯᠤᠭᠤᠳᠬᠤ ᠠᠵᠢᠯ ᠢ ᠲᠡᠬᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠳᠡᠢ᠃ ᠨᠡᠶᠢᠳᠡᠯᠡᠭᠰᠡᠨ ᠬᠠᠮᠢᠶ᠎ᠠ ᠪᠦᠭᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠪᠤᠯ ᠪᠤᠰᠤᠳᠴᠢ ᠪᠦᠬᠡᠳ ᠪᠣᠳᠠᠲᠤ ᠬᠡᠷᠡᠭ ᠢ ᠨᠡᠩ ᠣᠯᠠᠨ ᠠᠰᠢᠨᠨᠯᠠᠨ ᠬᠡᠷᠡᠭᠯᠡᠵᠦ ᠪᠠᠶᠢᠭᠠᠳ ᠲᠠᠶᠢᠯᠤᠮᠵᠢ ᠬᠢᠬᠦ ᠶᠢ ᠴᠢᠬᠤᠯᠠᠴᠢᠯᠠᠵᠦ᠂ ᠲᠦᠷᠦ ᠶᠢᠨ ᠪᠤᠳᠤᠯᠭ᠎ᠠ ᠶᠢᠨ ᠤᠳᠬ᠎ᠠ ᠤᠴᠢᠷ ᠢ ᠴᠠᠭ ᠲᠤᠬᠠᠢ ᠳᠤᠨᠢ ᠤᠨᠤᠪᠴᠢᠳᠠᠢ ᠪᠠᠷ ᠤᠯᠠᠮᠵᠢᠯᠠᠨ ᠲᠠᠮᠵᠢᠭᠤᠯᠵᠦ᠂ ᠠᠷᠠᠳ ᠤᠯᠠᠨ ᠤ ᠤᠶᠢᠯᠠᠭᠠᠯᠳᠠ ᠪᠠ ᠢᠲᠡᠭᠡᠯ ᠢ ᠤᠯᠬᠤ ᠬᠡᠷᠡᠭᠲᠡᠶ᠃ ᠭᠦᠨᠳᠡᠭᠦᠷ ᠵᠦᠢᠯᠡᠰ ᠪᠠ ᠲᠡᠭᠦᠨ ᠤ ᠣᠷᠣᠰᠢᠵᠤ ᠪᠠᠶᠢᠭ᠎ᠠ ᠭᠠᠵᠠᠷ ᠣᠷᠣᠨ᠂ ᠬᠦᠷᠢᠶ᠎ᠡ ᠴᠠᠷᠠᠭ᠎ᠠ ᠪᠠᠷ ᠵᠦᠷᠢᠶᠡᠳᠡᠢ ᠪᠠᠶᠢᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠢᠯᠡ ᠪᠤᠯᠭᠠᠬᠤ ᠦᠶᠡᠰ ᠲᠤ᠂ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠲᠣᠳᠣᠷᠬᠠᠶ ᠲᠠᠶᠢᠯᠪᠤᠷᠢᠯᠠᠵᠦ᠂ ᠪᠤᠷᠤᠭᠤ ᠲᠠᠶᠢᠯᠪᠤᠷᠢᠯᠠᠨ ᠠᠳᠡᠬᠦᠦ ᠤᠶᠢᠯᠠᠭᠠᠭᠤᠯᠬᠤ ᠠᠴᠠ ᠪᠤᠯᠭᠤᠮᠵᠢᠯᠠᠬᠤ ᠬᠡᠷᠡᠭᠳᠡᠢ᠃ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠬᠠᠯᠠᠮᠰᠢᠯ ᠲᠠᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠤᠷᠢᠳᠴᠢᠯᠠᠨ ᠮᠠᠭᠠᠳᠯᠠᠬᠤ᠂ ᠮᠥᠷᠳᠡᠬᠦ ᠪᠠ ᠰᠢᠢᠳᠪᠦᠷᠢᠯᠡᠬᠦ ᠪᠠᠨ ᠴᠢᠩᠭᠠᠳᠬᠠᠵᠦ᠂ ᠨᠡᠶᠢᠭᠡᠮ ᠤᠨ ᠬᠢᠨ ᠤ ᠠᠩᠬᠠᠷᠤᠯ ᠲᠠᠯᠪᠢᠵᠤ ᠪᠠᠶᠢᠭ᠎ᠠ ᠵᠦᠢᠯᠡᠰ ᠢ ᠬᠥᠲᠥᠯᠥᠨ ᠵᠢᠯᠤᠭᠤᠳᠬᠤ ᠶᠢᠨ ᠴᠢᠭᠯᠡᠯᠳᠦ ᠴᠢᠨᠠᠷ ᠪᠠ ᠴᠠᠭ ᠬᠤᠭᠤᠴᠠᠭᠠᠳᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠢ ᠡᠷᠬᠢᠯᠡᠵᠦ ᠪᠠᠶᠢᠭ᠎ᠠ ᠤᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠢᠭᠠᠨ ᠵᠢᠯᠤᠭᠤᠳᠬᠤ ᠪᠠ ᠲᠡᠳᠡᠬᠡᠷ ᠲᠤ ᠬᠢᠨᠠᠯᠳᠠ ᠲᠠᠯᠪᠢᠵᠦ ᠪᠠᠶᠢᠭᠠᠳ ᠬᠠᠮᠢᠶ᠎ᠠ ᠪᠦᠭᠦᠢ ᠶᠠᠷᠢᠶ᠎ᠠ ᠬᠡᠯᠡᠯᠴᠡᠬᠡᠨ ᠤ ᠪᠠᠶᠢᠳᠠᠯ ᠢ ᠰᠶᠢᠳᠪᠦᠷᠢᠯᠡᠬᠦ ᠠᠵᠢᠯ ᠢᠶᠠᠨ ᠰᠠᠶᠢᠳᠤᠷ ᠬᠢᠵᠦ᠂ ᠵᠤᠨᠨᠰᠤᠯᠳᠠ ᠪᠠᠨ ᠢᠯᠡᠷᠬᠡᠶᠢᠯᠡᠬᠦ᠂ ᠬᠠᠷᠢᠭᠤᠴᠠᠯᠭ᠎ᠠ ᠳᠠᠭᠠᠨ ᠦᠯᠦ ᠤᠰᠤᠯᠳᠠᠬᠤ ᠶᠢ ᠪᠠᠳᠤᠯᠠᠬᠤ ᠬᠡᠷᠡᠭᠳᠡᠢ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠎ᠠ      ︵ᠨᠢᠭᠡ︶ ᠵᠣᠬᠢᠶᠠᠨ ᠪᠠᠶᠢᠭᠤᠯᠵᠦ ᠬᠡᠷᠡᠭᠵᠢᠬᠦᠯᠬᠦ ᠶᠢ ᠰᠠᠶᠢᠳᠤᠷ ᠠᠳᠬᠤᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠢᠯᠡ ᠪᠣᠯᠭᠠᠬᠤ ᠶᠢ ᠠᠬᠢᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠦ᠂ ᠢᠯᠡ ᠪᠤᠯᠭᠠᠬᠤ ᠦᠵᠡᠯ ᠤᠬᠠᠮᠰᠠᠷ ᠪᠠ ᠦᠢᠯᠡᠴᠢᠯᠡᠬᠦ ᠦᠵᠡᠯ ᠤᠬᠠᠮᠰᠠᠷ ᠢ ᠦᠨᠡᠨᠬᠦ ᠴᠢᠩᠭᠠᠳᠬᠠᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠭᠦ ᠲᠠᠯ᠎ᠠ ᠪᠠᠷ ᠠᠬᠢᠭᠤᠯᠬᠤ ᠲᠠᠢ ᠤᠶᠠᠯᠳᠤᠭᠤᠯᠤᠨ ᠨᠢᠭᠡᠳᠦᠯᠲᠡᠶ ᠲᠦᠯᠦᠪᠵᠢᠬᠦᠯᠦᠨ ᠤᠬᠠᠭᠠᠯᠠᠨ ᠲᠦᠯᠦᠪᠯᠡᠵᠦ᠂ ᠬᠡᠪᠰᠢᠭᠰᠡᠨ ᠲᠣᠭᠲᠠᠴᠠ ᠶᠢ ᠪᠦᠷᠢᠯᠳᠦᠬᠦᠯᠦᠨ᠂ ᠡᠷᠬᠡᠪᠰᠢ ᠪᠣᠳᠠᠲᠤ ᠦᠷ᠎ᠡ ᠪᠦᠳᠦᠮᠵᠢ ᠤᠯᠬᠤ ᠬᠡᠷᠡᠭᠲᠡᠶ᠃ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠠᠯᠪᠠᠨ ᠲᠢᠩᠬᠢᠮ ︵ᠭᠡᠷ︶᠎ ᠨᠢ ᠵᠣᠬᠢᠶᠠᠨ ᠪᠠᠶᠢᠭᠤᠯᠵᠦ ᠵᠤᠬᠢᠴᠠᠭᠤᠯᠬᠤ ᠪᠠᠨ ᠴᠢᠩᠭᠠᠳᠬᠠᠨ᠂ ᠲᠤᠰ ᠱᠠᠳᠤᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠳᠤᠷᠠᠯᠴᠠᠵᠦ ᠪᠠᠶᠢᠭᠠᠳ ᠪᠣᠳᠠᠲᠠᠶ ᠠᠷᠭ᠎ᠠ ᠬᠡᠮᠵᠢᠶ᠎ᠡ ᠳᠤᠷᠠᠳᠴᠤ᠂ ᠠᠵᠢᠯ ᠢᠶᠠᠨ ᠲᠣᠳᠣᠷᠬᠠᠶ ᠬᠤᠪᠢᠶᠠᠷᠢᠯᠠᠵᠤ᠂ ᠬᠠᠷᠢᠭᠤᠴᠠᠯᠭ᠎ᠠ ᠪᠠᠨ ᠪᠤᠳᠠᠳᠠᠶᠢᠵᠢᠭᠤᠯᠤᠨ ᠴᠢᠩᠭᠠᠳᠬᠠᠵᠦ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠵᠦ ᠪᠤᠳᠠᠳᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃      ︵ᠬᠤᠶᠠᠷ︶ ᠰᠢᠯᠭᠠᠨ ᠬᠢᠨᠠᠵᠦ ᠦᠨᠡᠯᠡᠨ ᠵᠢᠱᠢᠬᠦ ᠶᠢ ᠦᠷᠨᠢᠬᠦᠯᠬᠦ ᠬᠡᠷᠡᠭᠳᠡᠢ᠃ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠨᠢ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠪᠠᠶᠢᠳᠠᠯ ᠢ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠵᠤ᠂ ᠰᠢᠮᠳᠠᠭᠤᠯᠤᠨ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠵᠦ᠂ ᠬᠢᠨᠠᠨ ᠬᠠᠮᠢᠶᠠᠷᠴᠤ ᠪᠠᠶᠢᠭ᠎ᠠ ᠤᠯᠠᠨ ᠨᠡᠶᠢᠳᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ᠂ ᠨᠢᠭᠦᠯᠡᠰᠦᠩᠭᠦᠶ ᠶᠢᠨ ᠦᠢᠯᠡᠰ ᠤᠨ ᠵᠣᠬᠢᠶᠠᠨ ᠪᠠᠶᠢᠭᠤᠯᠤᠯᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠳᠠᠯ ᠢ ᠦᠨᠡᠯᠡᠨ ᠵᠢᠱᠢᠬᠦ ᠶᠢ ᠵᠤᠬᠢᠶᠠᠨ ᠪᠠᠶᠢᠭᠤᠯᠤᠨ ᠥᠷᠨᠢᠭᠦᠯᠵᠦ᠂ ᠦᠨᠡᠯᠡᠨ ᠵᠢᠱᠢᠭᠰᠡᠨ ᠦᠷ᠎ᠡ ᠳ᠋ᠦᠩ ᠢᠶᠠᠨ ᠢᠯᠡ ᠪᠣᠯᠭᠠᠬᠤ ᠬᠡᠷᠡᠭᠲᠡᠶ᠃ ᠤᠯᠠᠨ ᠲᠦᠮᠡᠨ ᠤ ᠵᠠᠭᠠᠯᠳᠤᠵᠦ ᠢᠯᠡᠴᠢᠯᠡᠨ ᠮᠡᠳᠡᠬᠦᠯᠬᠦ ᠠᠷᠭ᠎ᠠ ᠵᠠᠮ ᠢ ᠰᠢᠯᠤᠭᠤᠳᠬᠠᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠤ ᠨᠡᠶᠢᠭᠡᠮ ᠤᠨ ᠬᠢᠨᠠᠯᠲᠠ ᠲᠠᠯᠪᠢᠬᠴᠢ ᠶᠢᠨ ᠳᠦᠷᠢᠮ ᠢ ᠰᠦᠪᠡᠭᠴᠢᠯᠡᠨ ᠪᠠᠶᠢᠭᠤᠯᠵᠤ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠳᠤ ᠨᠡᠶᠢᠭᠡᠮ ᠤᠨ ᠬᠢᠨᠠᠯᠲᠠ ᠲᠠᠯᠪᠢᠯᠳᠠ ᠶᠢ ᠴᠢᠩᠭᠠᠳᠬᠠᠬᠤ ᠬᠡᠷᠡᠭᠲᠡᠶ᠃      ︵ᠭᠤᠷᠪᠠ︶ ᠬᠢᠨᠠᠯᠲᠠ ᠲᠠᠯᠪᠢᠵᠤ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠳᠬᠠᠬᠤ ᠬᠡᠷᠡᠭᠳᠡᠢ᠃ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠤᠨᠨᠳᠠᠯ ᠪᠦᠬᠦᠢ ᠰᠠᠯᠠᠭ᠎ᠠ ᠮᠥᠴᠢᠷ ᠨᠢ ᠲᠤᠰ ᠭᠠᠵᠠᠷ ᠣᠷᠣᠨ ᠲᠤᠰ ᠠᠵᠢᠯ ᠲᠦᠷᠤᠯ ᠤᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠠ ᠪᠣᠯᠭᠠᠭᠰᠠᠨ ᠪᠠᠶᠢᠳᠠᠯ ᠳᠤ ᠬᠢᠨᠠᠯᠳᠠ ᠲᠠᠯᠪᠢᠵᠦ ᠪᠠᠶᠢᠴᠠᠭᠠᠬᠤ ᠶᠢ ᠴᠢᠩᠭᠠᠳᠬᠠᠬᠤ ᠬᠡᠷᠡᠭᠳᠡᠢ᠃ ᠠᠵᠢᠯ ᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠤᠷᠮᠠᠰᠢᠭᠤᠯᠬᠤ ᠪᠠ ᠭᠦᠯᠢᠶᠡᠰᠦᠯᠡᠬᠦ ᠪᠠᠨ ᠴᠢᠩᠭᠠᠷᠠᠭᠤᠯᠤᠨ᠂ ᠬᠢᠨᠠᠯᠲᠠ ᠲᠠᠯᠪᠢᠵᠦ ᠪᠠᠶᠢᠴᠠᠭᠠᠨᠨᠰᠠᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠬᠡᠯᠡᠨ ᠨᠡᠪᠳᠡᠷᠡᠬᠦᠯᠬᠦ ᠲᠦᠷᠢᠮ ᠢ ᠪᠠᠶᠢᠭᠤᠯᠵᠤ᠂ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠰᠠᠶᠢᠨ ᠨᠠᠶᠢᠳᠠᠪᠤᠷᠢᠵᠢᠭᠤᠯᠤᠨᠨᠰᠠᠨ ᠪᠠᠶᠢᠪᠠᠯ ᠰᠠᠶᠢᠰᠢᠶᠠᠨ ᠭᠦᠬᠢᠬᠦᠯᠬᠦ ᠪᠠᠷ ᠮᠡᠳᠡᠬᠡᠯᠡᠨ ᠨᠡᠪᠳᠡᠷᠡᠬᠦᠯᠬᠦ ᠬᠡᠷᠡᠭᠳᠡᠢ︔ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠭᠡᠢ ᠪᠠᠶᠢᠪᠠᠯ ᠮᠡᠳᠡᠬᠡᠯᠡᠨ ᠨᠡᠪᠳᠡᠷᠡᠬᠦᠯᠵᠦ ᠰᠢᠭᠦᠮᠵᠢᠯᠡᠬᠦ ᠬᠡᠷᠡᠭᠳᠡᠢ︔ ᠬᠤᠯᠪᠣᠭᠳᠠᠯ ᠪᠦᠬᠦᠢ ᠲᠣᠭᠲᠠᠭᠠᠯ ᠢ ᠵᠦᠷᠢᠴᠡᠭᠰᠡᠨ᠂ ᠢᠯᠡ ᠪᠣᠯᠭᠠᠬᠤ ᠡᠭᠦᠷᠭᠡ ᠪᠠᠨ ᠭᠦᠢᠴᠡᠳᠬᠡᠭᠰᠡᠨ ᠦᠬᠡᠢ ᠮᠥᠷᠲᠡᠭᠡᠨ ᠬᠦᠨᠳᠦ ᠨᠣᠴᠢᠲᠠᠶ ᠨᠦᠯᠦᠬᠡ ᠭᠠᠷᠭᠠᠨᠨᠰᠠᠨ ᠪᠠᠶᠢᠪᠠᠯ᠂ ᠬᠠᠤᠯᠢ ᠲᠤᠨᠨᠳᠠᠭᠠᠯ ᠶᠣᠰᠣᠭᠠᠷ ᠬᠠᠮᠢᠶ᠎ᠠ ᠪᠦᠬᠦᠢ ᠨᠢᠬᠡᠴᠡ ᠪᠠ ᠠᠵᠢᠯᠳᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号