ᠣᠷᠳᠣᠰ ᠬᠤᠲᠠ ᠬᠠᠭᠤᠷᠮᠠᠭ ᠦᠨᠡᠮᠯᠡᠯ ᠢᠶᠠᠷ ᠣᠨᠴᠠ ᠲᠥᠷᠥᠯ ᠤᠨ ᠠᠵᠢᠯ ᠬᠢᠬᠦ ᠳᠤ ᠴᠣᠬᠢᠯᠲᠠ ᠥᠭᠬᠦ ᠲᠤᠰᠬᠠᠶ ᠵᠠᠰᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2018/9/14
      ᠣᠷᠳᠣᠰ ᠬᠤᠲᠠ 7 ᠳ᠋ᠤᠭᠠᠷ ᠰᠠᠷ᠎ᠠ ᠠᠴᠠ ᠡᠬᠢᠯᠡᠨ ᠬᠠᠭᠤᠷᠮᠠᠭ ᠦᠨᠡᠮᠯᠡᠯ ᠢᠶᠠᠷ ᠣᠨᠴᠠ ᠲᠥᠷᠥᠯ ᠤᠨ ᠠᠵᠢᠯ ᠬᠢᠬᠦ ᠳᠤ ᠴᠣᠬᠢᠯᠲᠠ ᠥᠭᠬᠦ ᠲᠤᠰᠬᠠᠶ ᠵᠠᠰᠠᠯᠲᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃ ᠪᠥᠬᠦ ᠬᠤᠲᠠ ᠠᠶᠤᠯᠲᠤ ᠬᠢᠮᠢ ᠶᠢᠨ ᠪᠣᠳᠠᠰ᠂ ᠨᠡᠭᠦᠷᠡᠰᠦᠨ ᠠᠭᠤᠷᠬᠠᠶ᠂ ᠬᠤᠸᠠᠷ ᠫᠤᠤᠵᠢᠩ᠂ ᠨᠡᠭᠦᠷᠡᠰᠦᠨ ᠤ ᠪᠤᠰᠤ ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠳᠪᠦᠷᠢ ᠪᠠ ᠠᠷᠠᠯᠵᠢᠶ᠎ᠠ ᠵᠡᠷᠭᠡ ᠠᠵᠢᠯ ᠲᠦᠷᠦᠯ ᠤᠨ ᠠᠵᠤ ᠠᠬᠤᠶᠢᠯᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠦ᠂ ᠣᠨᠴᠠ ᠲᠥᠷᠥᠯ ᠤᠨ ᠠᠵᠢᠯ ᠬᠢᠭᠰᠡᠳ ᠢ ᠪᠣᠯᠪᠠᠰᠤᠷᠠᠭᠤᠯᠵᠦ ᠬᠢᠨᠠᠨ ᠰᠢᠯᠭᠠᠭᠰᠠᠨ ᠪᠠᠶᠢᠳᠠᠯ᠂ ᠦᠨᠡᠮᠯᠡᠯ ᠤᠨ ᠢᠷᠡᠯᠲᠡ ᠵᠢᠴᠢ ᠦᠨᠡᠮᠯᠡᠯ ᠤᠨ ᠦᠨᠡᠨ ᠮᠠᠭᠠᠳ ᠴᠢᠨᠠᠷ ᠢ ᠭᠤᠣᠯᠳᠠᠯᠭ᠎ᠠ ᠲᠠᠢ ᠪᠠᠶᠢᠴᠠᠭᠠᠨ ᠬᠠᠷᠭᠤᠭᠤᠯᠵᠤ᠂ ᠣᠨᠴᠠ ᠲᠥᠷᠥᠯ ᠤᠨ ᠠᠵᠢᠯ ᠬᠢᠭᠰᠡᠳ ᠤᠨ ᠮᠡᠬᠡᠯᠡᠬᠦ᠂ ᠬᠡᠭᠡᠯᠢ ᠬᠠᠭ᠋ᠤᠤᠯᠢ ᠲᠦᠯᠬᠢᠬᠦ ᠵᠡᠷᠭᠡ ᠲᠥᠪ ᠪᠤᠰᠤ ᠠᠷᠭ᠎ᠠ ᠪᠠᠷᠢᠯ ᠢᠶᠠᠷ ᠣᠨᠴᠠ ᠲᠥᠷᠥᠯ ᠤᠨ ᠠᠵᠢᠯ ᠬᠢᠬᠦ ᠦᠨᠡᠮᠯᠡᠯ ᠣᠯᠣᠭᠰᠠᠳ ᠢ ᠴᠢᠩᠭ᠎ᠠ ᠰᠢᠢᠳᠪᠦᠷᠢᠯᠡᠵᠦ᠂ ᠣᠨᠴᠠ ᠲᠥᠷᠥᠯ ᠤᠨ ᠠᠵᠢᠯ ᠬᠢᠬᠦ ᠦᠨᠡᠮᠯᠡᠯ ᠢ ᠬᠠᠭᠤᠷᠮᠠᠭᠯᠠᠨ ᠦᠢᠯᠡᠳᠬᠦ᠂ ᠵᠠᠰᠠᠬᠤ᠂ ᠰᠢᠯᠵᠢᠭᠦᠯᠦᠨ ᠵᠢᠭᠡᠯᠡᠭᠦᠯᠬᠦ᠂ ᠰᠢᠯᠵᠢᠭᠦᠯᠦᠨ ᠥᠭᠬᠦ᠂ ᠬᠠᠭᠤᠷᠮᠠᠭᠯᠠᠨ ᠬᠡᠷᠡᠭᠯᠡᠭᠰᠡᠨ ᠪᠤᠶᠤ ᠬᠠᠭᠤᠷᠮᠠᠭᠯᠠᠨ ᠵᠣᠬᠢᠶᠠᠭᠰᠠᠨ ᠣᠨᠴᠠ ᠲᠥᠷᠥᠯ ᠤᠨ ᠠᠵᠢᠯ ᠬᠢᠬᠦ ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠴᠤ ᠠᠵᠢᠯᠯᠠᠭᠰᠠᠨ ᠦᠢᠯᠡ ᠠᠵᠢᠯᠯᠠᠭ᠎ᠠ ᠶᠢ ᠴᠢᠩᠭ᠎ᠠ ᠰᠢᠢᠳᠪᠦᠷᠢᠯᠡᠭᠰᠡᠨ ᠤ ᠬᠠᠮᠲᠤ ᠣᠨᠴᠠ ᠲᠦᠷᠦᠯ ᠤᠨ ᠠᠵᠢᠯ ᠬᠢᠭᠰᠡᠳ ᠤᠨ ᠦᠨᠡᠮᠯᠡᠯ ᠢᠶᠠᠷ ᠢᠶᠠᠨ ᠠᠵᠢᠯ ᠤᠨ ᠪᠠᠶᠢᠷᠢ ᠳᠤ ᠭᠠᠷᠬᠤ ᠶᠠᠪᠤᠳᠠᠯ ᠢ ᠡᠳᠦᠷ ᠲᠤᠳᠤᠮ ᠤᠨ ᠬᠢᠨᠠᠯᠲᠠ ᠲᠠᠯᠪᠢᠵᠤ ᠪᠠᠶᠢᠴᠠᠭᠠᠬᠤ ᠳᠤ ᠣᠷᠣᠭᠤᠯᠪᠠ᠃ ᠣᠳᠣᠬᠠᠨ ᠪᠣᠯᠲᠠᠯ᠎ᠠ᠂ ᠪᠥᠬᠦ ᠬᠤᠲᠠ ᠨᠡᠶᠢᠲᠡ 42607 ᠡᠷᠦᠬᠡ ᠤᠳᠠᠭ᠎ᠠ ᠪᠠᠶᠢᠴᠠᠭᠠᠵᠤ᠂ 5 ᠲᠦᠮᠡᠨ ᠲᠥᠭᠦᠷᠢᠭ ᠲᠣᠷᠭᠠᠪᠡ᠃ ᠡᠭᠦᠨ ᠤ ᠬᠠᠮᠲᠤ ᠸᠢᠴᠠᠲ ᠲᠠᠪᠴᠠᠩ ᠵᠢᠴᠢ ᠡᠯ᠎ᠡ ᠲᠦᠷᠦᠯ ᠤᠨ ᠵᠠᠭᠤᠴᠢᠯᠠᠭᠤᠷ ᠢᠶᠠᠷ ᠣᠨᠴᠠ ᠲᠥᠷᠥᠯ ᠤᠨ ᠠᠵᠢᠯ ᠬᠢᠭᠰᠡᠳ ᠤᠨ ᠠᠮᠤᠷ ᠲᠦᠪᠰᠢᠨ ᠤ ᠪᠣᠯᠪᠠᠰᠤᠷᠠᠭᠤᠯᠤᠯ ᠬᠢᠬᠦ ᠪᠠ ᠬᠢᠨᠠᠨ ᠬᠠᠷᠭᠤᠭᠤᠯᠵᠤ ᠦᠨᠡᠮᠯᠡᠯ ᠣᠯᠭᠤᠬᠤ ᠵᠡᠷᠭᠡ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠪᠠᠨ ᠴᠢᠩᠭᠠᠳᠬᠠᠵᠤ᠂ ᠥᠷᠭᠡᠨ ᠤᠯᠠᠨ ᠲᠦᠮᠡᠨ ᠤ 12350 ᠢᠯᠡᠴᠢᠯᠡᠨ ᠮᠡᠳᠡᠭᠦᠯᠬᠦ ᠵᠠᠭᠠᠯᠳᠤᠬᠤ ᠬᠠᠯᠠᠮᠰᠢᠯ ᠤᠲᠠᠰᠤ ᠪᠠᠷ ᠳᠠᠮᠵᠢᠭᠤᠯᠤᠨ ᠣᠯᠵᠤ ᠮᠡᠳᠡᠭᠰᠡᠨ ᠣᠨᠴᠠ ᠲᠥᠷᠥᠯ ᠤᠨ ᠠᠵᠢᠯ ᠬᠢᠬᠦ ᠦᠨᠡᠮᠯᠡᠯ ᠬᠠᠭᠤᠷᠮᠠᠭᠯᠠᠨ ᠵᠣᠬᠢᠶᠠᠭᠰᠠᠨ᠂ ᠬᠠᠭᠤᠷᠮᠠᠭ ᠦᠨᠡᠮᠯᠡᠯ ᠵᠣᠬᠢᠶᠠᠭᠰᠠᠨ ᠪᠠ ᠮᠠᠶᠢᠮᠠᠶᠢᠯᠠᠭᠰᠠᠨ᠂ ᠬᠠᠭᠤᠷᠮᠠᠭ ᠦᠨᠡᠮᠯᠡᠯ ᠬᠡᠷᠡᠭᠯᠡᠭᠰᠡᠨ ᠵᠡᠷᠭᠡ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠨᠢ ᠢᠳᠡᠪᠬᠢᠲᠡᠢ ᠪᠠᠷ ᠵᠣᠷᠢᠭᠵᠢᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号