|
ᠪᠦᠬᠦ ᠤᠷᠤᠨ ᠤ ᠤᠯᠤᠰ ᠤᠨ ᠭᠠᠵᠠᠷ ᠰᠢᠷᠤᠢ ᠶᠢᠨ ᠨᠤᠭᠤᠭᠠᠷᠠᠭᠤᠯᠤᠯᠳᠠ ᠶᠢ ᠠᠬᠢᠭᠤᠯᠬᠤ ᠲᠤᠬᠠᠢ ᠶᠢᠨ ᠭᠠᠵᠠᠷ ᠤᠨ ᠬᠤᠷᠠᠯ ᠪᠠᠶᠠᠨᠨᠠᠭᠤᠷ ᠬᠤᠳᠠ ᠳᠤ ᠬᠤᠷᠠᠯᠳᠤᠪᠠ | ᠪᠦ᠋ ᠰᠢᠶᠤᠤ ᠯᠢᠨ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ |
|
|
ᠨᠡᠶᠢᠲᠡᠯᠡᠭᠰᠡᠨ ᠴᠠᠭ᠄
2018/9/14
|
|
9 ᠳ᠋ᠦ᠋ᠭᠡᠷ ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ ᠠᠴᠠ 13 ᠤ ᠡᠳᠦᠷ ᠪᠤᠯᠳᠠᠯ᠎ᠠ᠂ ᠪᠦᠬᠦ ᠤᠷᠤᠨ ᠤ ᠤᠯᠤᠰ ᠤᠨ ᠭᠠᠵᠠᠷ ᠰᠢᠷᠤᠢ ᠶᠢᠨ ᠨᠤᠭᠤᠭᠠᠷᠠᠭᠤᠯᠤᠯᠳᠠ ᠶᠢ ᠠᠬᠢᠭᠤᠯᠬᠤ ᠲᠤᠬᠠᠢ ᠶᠢᠨ ᠭᠠᠵᠠᠷ ᠤᠨ ᠬᠤᠷᠠᠯ ᠪᠠᠶᠠᠨᠨᠠᠭᠤᠷ ᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠢ ᠡᠷᠬᠢᠯᠡᠵᠠᠢ᠃ ᠪᠦ᠋ ᠰᠢᠶᠤᠤ ᠯᠢᠨ ᠵᠢᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ︽ᠮᠢᠩᠭᠠᠨ ᠤᠨ ᠤ ᠶᠡᠭᠡ ᠪᠤᠳᠤᠯᠭ᠎ᠠ︾ ᠪᠤᠯᠭᠠᠨ ᠲᠡᠭᠡᠭᠰᠢᠯᠡᠭᠦᠯᠵᠤ᠂ ᠦᠵᠡᠰᠭᠦᠯᠡᠩᠳᠦ ᠰᠠᠶᠢᠬᠠᠨ ᠲᠤᠮᠳᠠᠳᠤ ᠤᠯᠤᠰ ᠢ ᠪᠦᠳᠦᠭᠡᠨ ᠪᠠᠶᠢᠭᠤᠯᠬᠤ ᠶᠢ ᠨᠡᠶᠢᠭᠡᠮ ᠵᠢᠷᠤᠮ ᠤᠨ ᠤᠳᠤᠬᠢᠴᠢᠯᠠᠬᠰᠠᠨ ᠬᠦᠴᠦᠷᠭᠡᠭ ᠤᠯᠤᠰ ᠤᠨ ᠴᠢᠬᠤᠯᠠ ᠬᠠᠷᠠᠯᠳᠠ ᠶᠢᠨ ᠨᠢᠭᠡ ᠪᠤᠯᠭᠠᠵᠠᠢ᠃ ᠪᠢᠳᠡ ᠤᠯᠤᠰ ᠤᠨ ᠭᠠᠵᠠᠷ ᠰᠢᠷᠤᠢ ᠶᠢ ᠨᠤᠭᠤᠭᠠᠷᠠᠭᠤᠯᠬᠤ ᠠᠵᠢᠯᠯᠠᠭ᠎ᠠ ᠦᠷᠨᠢᠭᠦᠯᠭᠦ ᠳᠤ ᠪᠠᠨ ᠵᠠᠪᠠᠯ ᠡᠨᠡ ᠬᠦ ᠰᠢᠨ᠎ᠠ ᠱᠠᠭᠠᠷᠳᠠᠯᠭ᠎ᠠ ᠰᠢᠨ᠎ᠠ ᠬᠠᠷᠠᠯᠳᠠ ᠶᠢ ᠡᠵᠡᠮᠳᠡᠵᠤ᠂ ᠮᠢᠩᠭᠠᠨ ᠤᠨ ᠤ ᠶᠡᠭᠡ ᠪᠤᠳᠤᠯᠭ᠎ᠠ ᠳᠤ ᠰᠠᠭᠤᠷᠢᠯᠠᠨ ᠲᠦᠯᠦᠪᠵᠢᠭᠦᠯᠵᠤ᠂ ᠠᠮᠢ ᠠᠬᠤᠢ ᠶᠢᠨ ᠬᠦᠴᠦᠷᠭᠡᠭ ᠤᠯᠤᠰ ᠤᠨ ᠬᠠᠷᠠᠯᠳᠠ ᠳᠤ ᠴᠢᠭᠯᠡᠭᠦᠯᠦᠨ ᠠᠬᠢᠭᠤᠯᠬᠤ ᠬᠡᠷᠡᠭᠳᠡᠢ᠃ ᠡᠨᠡ ᠬᠡᠳᠦᠨ ᠵᠢᠯ ᠳᠤ᠂ ᠪᠦᠬᠦ ᠤᠷᠤᠨ ᠲᠠᠶᠠᠭᠠᠷ ᠤᠨ ᠠᠮᠢ ᠠᠬᠤᠢ ᠤᠷᠴᠢᠨ ᠲᠤᠭᠤᠷᠢᠨ ᠢ ᠴᠢᠬᠤᠯᠠᠴᠢᠯᠠᠬᠤ ᠬᠡᠮᠵᠢᠶ᠎ᠠ ᠪᠤᠯᠤᠨ ᠪᠡᠯᠡ ᠤᠷᠤᠭᠤᠯᠬᠤ ᠡᠷᠴᠢᠮ ᠤᠷᠢᠳ ᠡᠮᠦᠨ᠎ᠠ ᠭᠠᠷᠤᠭ᠎ᠠ ᠦᠭᠡᠢ ᠬᠡᠮᠵᠢᠶᠡᠨ ᠳᠤ ᠬᠦᠷᠴᠤ᠂ ᠡᠯ᠎ᠠ ᠭᠠᠵᠠᠷ ᠤᠷᠤᠨ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠶᠡᠭᠡ ᠬᠡᠮᠵᠢᠶᠡᠨ ᠤ ᠯᠠᠪᠳᠠᠭᠤᠨ ᠪᠠᠳᠤᠳᠠᠢ ᠦᠷ᠎ᠠ ᠪᠦᠳᠦᠮᠵᠢ ᠲᠠᠢ ᠠᠵᠢᠯ ᠬᠢᠵᠤ᠂ ᠮᠠᠰᠢ ᠤᠯᠠᠨ ᠬᠢᠯᠡᠰ ᠴᠡᠭ ᠪᠤᠯᠤᠨ ᠰᠢᠨ᠎ᠠ ᠡᠭᠦᠳᠦᠯᠳᠡ ᠢᠯᠡᠷᠡᠪᠡ᠂ ᠡᠷᠬᠡᠪᠰᠢ ᠡᠨᠡ ᠬᠦ ᠰᠠᠶᠢᠨ ᠬᠠᠨᠳᠤᠰᠢ ᠶᠢ ᠦᠷᠭᠦᠯᠵᠢᠯᠡᠨ ᠪᠠᠷᠢᠮᠳᠠᠯᠠᠬᠤ ᠬᠡᠷᠡᠭᠳᠡᠢ ᠭᠡᠵᠡᠢ᠃ ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠦᠪᠦᠷ ᠮᠤᠩᠭᠤᠯ ᠢ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠠᠬᠪᠴᠢ ᠪᠤᠯᠭᠠᠨ ᠪᠦᠳᠦᠭᠡᠨ ᠪᠠᠶᠢᠭᠤᠯᠬᠤ ᠪᠠ ᠡᠭᠡ ᠤᠯᠤᠰ ᠤᠨ ᠤᠮᠠᠷᠠᠳᠦ ᠬᠢᠯᠢ ᠳᠤ ᠲᠦᠮᠡᠨ ᠭᠠᠵᠠᠷ ᠤᠨ ᠤᠷᠳᠤ ᠴᠠᠭᠠᠨ ᠬᠡᠷᠡᠮ ᠢ ᠴᠤᠬᠴᠠᠯᠠᠬᠤ ᠪᠤᠯ ᠶᠡᠷᠦᠩᠬᠡᠢ ᠱᠦᠵᠢ ᠰᠢ ᠶᠢᠨ ᠫᠢᠩ ᠤᠨ ᠪᠢᠳᠡᠨ ᠳᠤ ᠲᠤᠷᠠᠳᠤᠬᠰᠠᠨ ᠴᠢᠬᠤᠯᠠ ᠱᠠᠭᠠᠷᠳᠠᠯᠭ᠎ᠠ ᠪᠤᠯᠬᠤ ᠪᠦᠭᠡᠳ ᠪᠦᠬᠦ ᠤᠯᠤᠰ ᠤᠨ ᠬᠦᠭᠵᠢᠯᠳᠡ ᠶᠢᠨ ᠶᠡᠭᠡ ᠲᠠᠯ᠎ᠠ ᠳᠤ ᠪᠢᠳᠡᠨ ᠤ ᠵᠠᠪᠠᠯ ᠡᠭᠦᠷᠬᠡᠯᠡᠭᠦ ᠴᠢᠬᠤᠯᠠᠳᠠᠢ ᠴᠢᠬᠤᠯᠠ ᠶᠡᠭᠡ ᠬᠠᠷᠢᠭᠤᠴᠠᠯᠭ᠎ᠠ ᠪᠤᠯᠤᠨ᠎ᠠ᠃ ᠶᠡᠭᠡ ᠬᠡᠪᠴᠢᠶᠡᠨ ᠤ ᠤᠯᠤᠰ ᠤᠨ ᠭᠠᠵᠠᠷ ᠰᠢᠷᠤᠢ ᠶᠢ ᠨᠤᠭᠤᠭᠠᠷᠠᠭᠤᠯᠬᠤ ᠶᠢ ᠲᠡᠯᠪᠢᠪᠠᠰᠤ ᠵᠤᠬᠢᠬᠤ ᠪᠠᠶᠢᠷᠢᠨ ᠳᠤ ᠨᠢ ᠲᠠᠯᠪᠢᠵᠤ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠳᠤᠭᠤᠰᠢᠯᠠᠭᠤᠯᠤᠨ᠂ ᠤᠯᠤᠰ ᠤᠨ ᠭᠠᠵᠠᠷ ᠰᠢᠷᠤᠢ ᠶᠢᠨ ᠨᠤᠭᠤᠭᠠᠷᠠᠭᠤᠯᠤᠯᠳᠠ ᠶᠢᠨ ᠲᠤᠬᠠᠢ ᠲᠦᠪ ᠤᠨ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠰᠲ᠋ᠧᠮᠳᠦ ᠢᠨᠵᠧᠨᠧᠷᠢᠩ ᠤᠨ ᠰᠡᠳᠬᠢᠴᠡ ᠪᠠᠷ ᠤᠯᠤᠰ ᠤᠨ ᠭᠠᠵᠠᠷ ᠰᠢᠷᠤᠢ ᠶᠢᠨ ᠨᠤᠭᠤᠭᠠᠷᠠᠭᠤᠯᠤᠯᠳᠠ ᠶᠢ ᠠᠬᠢᠭᠤᠯᠬᠤ ᠬᠡᠷᠡᠭᠳᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠤᠯᠤᠰ ᠤᠨ ᠭᠠᠵᠠᠷ ᠰᠢᠷᠤᠢ ᠶᠢᠨ ᠨᠤᠭᠤᠭᠠᠷᠠᠭᠤᠯᠤᠯᠳᠠ ᠶᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠵᠡᠷᠭᠡ ᠠᠵᠢᠯ ᠯᠤᠭ᠎ᠠ ᠨᠢᠬᠳᠠ ᠤᠶᠠᠯᠳᠤᠭᠤᠯᠵᠤ᠂ ᠨᠤᠭᠤᠭᠠᠷᠠᠭᠤᠯᠤᠯᠳᠠ ᠶᠢᠨ ᠲᠤᠭ᠎ᠠ ᠬᠡᠮᠵᠢᠶ᠎ᠠ ᠶᠢ ᠴᠢᠬᠤᠯᠠᠴᠢᠯᠠᠬᠤ ᠮᠦᠷᠳᠡᠭᠡᠨ ᠪᠠᠰᠠ ᠡᠵᠡᠩᠨᠡᠯᠳᠡ ᠪᠠ ᠬᠠᠮᠢᠶᠠᠷᠤᠯᠳᠠ ᠬᠠᠮᠠᠭᠠᠯᠠᠯᠳᠠ ᠶᠢ ᠴᠢᠬᠤᠯᠠᠴᠢᠯᠠᠵᠤ᠂ ᠤᠯᠤᠰ ᠤᠨ ᠭᠠᠵᠠᠷ ᠰᠢᠷᠤᠢ ᠶᠢᠨ ᠨᠤᠭᠤᠭᠠᠷᠠᠭᠤᠯᠤᠯᠳᠠ ᠶᠢᠨ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠬᠡᠷᠡᠭᠳᠡᠢ᠃ ᠠᠮᠢ ᠠᠬᠤᠢ ᠶᠢᠨ ᠪᠤᠯᠪᠠᠰᠤᠨ ᠤ ᠲᠤᠬᠠᠢ ᠬᠦᠮᠦᠵᠢᠯ ᠪᠤᠯᠪᠠᠰᠤᠷᠠᠯ ᠢ ᠬᠦᠨᠵᠡᠭᠡᠢ ᠪᠦᠭᠡᠳ ᠤᠳᠠᠭᠠᠨ ᠲᠠᠭᠠᠭᠠᠮᠠᠭᠠᠢ ᠦᠷᠨᠢᠭᠦᠯᠦᠨ᠂ ᠠᠮᠢ ᠠᠬᠤᠢ ᠶᠢᠨ ᠪᠤᠯᠪᠠᠰᠤᠨ ᠤ ᠤᠶᠢᠯᠠᠭᠠᠭᠳᠠᠬᠤᠨ ᠢ ᠬᠦᠮᠦᠰ ᠤᠨ ᠰᠡᠳᠬᠢᠯ ᠳᠤ ᠬᠠᠳᠠᠩᠰᠢᠭᠤᠯᠵᠤ᠂ ᠨᠤᠮᠢᠨ ᠨᠤᠭᠤᠭᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ ᠪᠠ ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ ᠶᠠᠪᠤᠳᠠᠯ ᠢ ᠪᠦᠬᠦ ᠨᠡᠶᠢᠭᠡᠮ ᠤᠨ ᠤᠬᠠᠮᠰᠠᠷᠳᠤ ᠠᠵᠢᠯᠯᠠᠭ᠎ᠠ ᠪᠤᠯᠭᠠᠬᠤ ᠬᠡᠷᠡᠭᠳᠡᠢ ᠭᠡᠵᠡᠢ᠃ ᠪᠦ᠋ ᠰᠢᠶᠤᠤ ᠯᠢᠨ ᠪᠠᠰᠠ ᠯᠢᠨ ᠾᠧ ᠲᠤᠭᠤᠷᠢᠭ ᠲᠤ ᠬᠦᠷᠴᠤ ᠤᠢ ᠰᠢᠭᠤᠢ ᠵᠢᠮᠢᠰ ᠤᠨ ᠦᠢᠯᠡᠰ ᠵᠡᠷᠭᠡ ᠠᠮᠢ ᠠᠬᠤᠢ ᠶᠢᠨ ᠠᠵᠤ ᠠᠬᠤᠶᠢᠯᠠᠯ ᠢᠶᠠᠷ ᠪᠠᠶᠢᠴᠠᠭᠠᠨ ᠰᠤᠳᠤᠯᠪᠠ᠃ ᠬᠤᠷᠠᠯ ᠲᠡᠭᠡᠷ᠎ᠠ᠂ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠶᠢᠨ ᠲᠢᠩᠬᠢᠮ ᠠᠴᠠ ᠪᠦᠬᠦ ᠤᠷᠤᠨ ᠤ ᠤᠯᠤᠰ ᠤᠨ ᠭᠠᠵᠠᠷ ᠰᠢᠷᠤᠢ ᠶᠢᠨ ᠨᠤᠭᠤᠭᠠᠷᠠᠭᠤᠯᠤᠯᠳᠠ ᠶᠢᠨ ᠠᠵᠢᠯ ᠦᠷᠨᠢᠭᠦᠯᠦᠭᠰᠡᠨ ᠪᠠᠶᠢᠳᠠᠯ ᠢ ᠮᠡᠳᠡᠭᠳᠡᠵᠤ᠂ ᠪᠠᠶᠠᠨᠨᠠᠭᠤᠷ ᠬᠤᠳᠠ᠂ ᠤᠷᠳᠤᠰ ᠬᠤᠳᠠ᠂ ᠤᠯᠠᠭᠠᠨᠬᠠᠳᠠ ᠬᠤᠳᠠ᠂ ᠴᠢᠩ ᠱᠦᠢ ᠾᠧ ᠰᠢᠶᠠᠨ᠂ ᠠᠷᠤᠨ ᠬᠤᠰᠢᠭᠤ ᠶᠢᠨ ᠬᠢᠨ ᠨᠡᠶᠢᠲᠡᠯᠢᠭ ᠶᠠᠷᠢᠶ᠎ᠠ ᠲᠠᠯᠪᠢᠵᠠᠢ᠃ |
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|