ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2018 ᠣᠨ ᠤ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-09-17
     9 ᠳ᠋ᠤᠭᠡᠷ ᠰᠠᠷ᠎ᠠ ᠶᠢᠨ 15᠎ ᠤ ᠡᠳᠦᠷ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠭᠠᠷ ᠮᠠᠨᠳᠠᠯ ᠤᠨ ᠪᠤᠬᠢᠷᠳᠦᠯ ᠢ ᠰᠡᠷᠬᠡᠶᠢᠯᠡᠨ ᠵᠠᠰᠠᠬᠤ ᠲᠦᠷᠢᠮ ︵ᠲᠦᠰᠦᠯ︶᠂ ᠰᠢᠨᠵᠢᠯᠡᠭᠦ ᠤᠬᠠᠭᠠᠨ ᠮᠡᠷᠭᠡᠵᠢᠯ ᠤᠨ ᠦᠷ᠎ᠠ ᠪᠦᠳᠦᠭᠡᠯ ᠢ ᠤᠯᠠᠷᠢᠭᠤᠯᠬᠤ ᠶᠢ ᠠᠬᠢᠭᠤᠯᠬᠤ ᠲᠦᠷᠢᠮ ︵ᠵᠠᠰᠠᠪᠤᠷᠢ ᠤᠷᠤᠭᠤᠯᠤᠬᠰᠠᠨ ᠲᠦᠰᠦᠯ︶᠎ ᠢ ᠶᠠᠷᠢᠯᠴᠠᠵᠤ᠂ ᠦᠪᠦᠷ ᠮᠤᠩᠭᠤᠯ ‍ᠤᠨ‌ᠤᠯᠤᠰ ᠤᠨ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠳᠠ ᠶᠢᠨ ᠤᠷᠤᠨ ᠤ ᠦᠭᠡᠷᠡᠴᠢᠯᠡᠯᠳᠡ᠂ ᠬᠤᠳᠠ ᠶᠢᠨ ᠨᠠᠷᠢᠯᠢᠬᠵᠢᠭᠤᠯᠤᠬᠰᠠᠨ ᠬᠠᠮᠢᠶᠠᠷᠤᠯᠳᠠ ᠪᠠ ᠶᠠᠳᠠᠭᠤ ᠬᠦᠴᠢᠷᠳᠡᠯ ᠠᠴᠠ ᠤᠬᠤᠷᠢᠨ ᠭᠠᠷᠬᠤ ᠲᠤᠬᠳᠠᠴᠠ ᠵᠡᠷᠭᠡ ᠠᠵᠢᠯ ᠢ ᠰᠤᠳᠤᠯᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠦᠵᠡᠯ ᠰᠠᠨᠠᠭ᠎ᠠ ᠪᠠᠷ ᠴᠢᠬᠤᠯᠠ ᠵᠢᠯᠤᠭᠤᠳᠤᠯᠭ᠎ᠠ ᠪᠤᠯᠭᠠᠨ᠂ ᠬᠠᠤᠯᠢᠵᠢᠯ ᠤᠨ ᠰᠡᠳᠬᠢᠭᠦᠢ ᠶᠢ ᠪᠤᠢ ᠪᠤᠯᠭᠠᠵᠦ᠂ ᠠᠭᠠᠷ ᠮᠠᠨᠳᠠᠯ ᠤᠨ ᠪᠤᠬᠢᠷᠳᠦᠯ ᠢ ᠰᠡᠷᠬᠡᠶᠢᠯᠡᠨ ᠵᠠᠰᠠᠬᠤ ᠬᠠᠤᠯᠢ ᠶᠢ ᠴᠢᠩᠭ᠎ᠠ ᠬᠡᠷᠡᠭᠵᠢᠭᠦᠯᠦᠨ᠂ ᠠᠭᠠᠷ ᠮᠠᠨᠳᠠᠯ ᠤᠨ ᠪᠤᠬᠢᠷᠳᠦᠯ ᠢ ᠰᠡᠷᠬᠡᠶᠢᠯᠡᠨ ᠵᠠᠰᠠᠬᠤ ᠬᠠᠤᠯᠢᠵᠢᠯᠳᠡ ᠶᠢᠨ ᠲᠦᠪᠰᠢᠨ ᠢ ᠲᠡᠭᠡᠭᠰᠢᠯᠡᠭᠦᠯᠵᠤ᠂ ᠬᠦᠭᠡ ᠤᠬᠳᠠᠷᠭᠤᠢ ᠶᠢ ᠬᠠᠮᠠᠭᠠᠯᠠᠬᠤ ᠲᠠᠶᠢᠯᠠᠯᠳᠤᠭᠠᠨ ᠤ ᠢᠯᠡᠯᠳᠡ ᠶᠢ ᠪᠠᠳᠤᠯᠠᠵᠤ᠂ ᠡᠭᠡ ᠤᠯᠤᠰ ᠤᠨ ᠤᠮᠠᠷᠠᠳᠦ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠠᠬᠪᠴᠢ ᠶᠢ ᠰᠠᠶᠢᠳᠤᠷ ᠪᠦᠳᠦᠭᠡᠨ ᠪᠠᠶᠢᠭᠤᠯᠬᠤ ᠬᠡᠷᠡᠭᠳᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠭᠦ ᠵᠢᠮ᠎ᠠ ᠶᠤᠰᠤ ᠪᠤᠯᠤᠨ ᠵᠠᠬ᠎ᠠ ᠲᠡᠯᠭᠡᠭᠦᠷ ᠤᠨ ᠵᠢᠮ᠎ᠠ ᠶᠤᠰᠤ ᠶᠢ ᠬᠦᠨᠳᠦᠳᠭᠡᠵᠤ᠂ ᠮᠡᠳᠡᠯᠭᠡ ᠶᠢᠨ ᠦᠷᠳᠡᠭ ᠢ ᠬᠤᠪᠢᠶᠠᠷᠢᠯᠠᠬᠤ ᠤᠳᠤᠷᠢᠳᠤᠮᠵᠢ ᠶᠢ ᠢᠯᠡᠷᠡᠭᠦᠯᠦᠨ᠂ ᠰᠢᠨᠵᠢᠯᠡᠭᠦ ᠤᠬᠠᠭᠠᠨ ᠮᠡᠷᠭᠡᠵᠢᠯ ᠤᠨ ᠦᠷ᠎ᠠ ᠪᠦᠳᠦᠭᠡᠯ ᠢ ᠤᠯᠠᠷᠢᠭᠤᠯᠬᠤ ᠠᠵᠢᠯᠯᠠᠭ᠎ᠠ ᠶᠢ ᠬᠠᠤᠯᠢ ᠶᠤᠰᠤᠭᠠᠷ ᠵᠢᠷᠤᠮᠵᠢᠭᠤᠯᠬᠤ ᠪᠠ ᠪᠠᠳᠤᠯᠠᠵᠤ᠂ ᠰᠢᠨᠵᠢᠯᠡᠭᠦ ᠤᠬᠠᠭᠠᠨ ᠮᠡᠷᠭᠡᠵᠢᠯ ᠤᠨ ᠦᠷ᠎ᠠ ᠪᠦᠳᠦᠭᠡᠯ ᠢ ᠪᠤᠳᠠᠳᠤ ᠦᠢᠯᠡᠳᠪᠦᠷᠢᠯᠡᠯ ᠤᠨ ᠬᠦᠴᠦᠨ ᠪᠤᠯᠭᠠᠨ ᠤᠨᠳᠤᠤᠰᠢᠭᠤᠯᠬᠤ ᠶᠢ ᠪᠦᠳᠦᠮᠵᠢᠳᠡᠢ ᠠᠬᠢᠭᠤᠯᠵᠤ᠂ ᠰᠢᠨ᠎ᠠ ᠶᠢ ᠡᠭᠦᠳᠭᠦ ᠪᠠᠷ ᠬᠦᠭᠵᠢᠯᠳᠡ ᠶᠢ ᠬᠦᠳᠦᠯᠦᠨ ᠲᠠᠭᠠᠭᠤᠯᠬᠤ ᠰᠢᠨ᠎ᠠ ᠪᠠᠶᠢᠳᠠᠯ ᠢ ᠪᠤᠢ ᠪᠤᠯᠭᠠᠬᠤ ᠬᠡᠷᠡᠭᠳᠡᠢ᠃ ᠤᠯᠤᠰ ᠤᠨ ᠲᠤᠮᠤ ᠳ᠋ᠠᠶᠢᠲ᠋ᠠ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠲᠤᠬᠠᠢ ᠲᠦᠪ ᠤᠨ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠨᠡᠶᠢᠳᠡᠪᠦᠷᠢᠵᠢᠭᠤᠯᠵᠤ᠂ ᠲᠤᠮᠤ ᠳ᠋ᠠᠶᠢᠲ᠋ᠠ ᠶᠢᠨ ᠬᠦᠭᠵᠢᠯᠳᠡ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠪᠤᠯᠤᠠ ᠲᠦᠷᠢᠮ ᠤᠨ ᠰᠢᠰᠲ᠋ᠧᠮᠵᠢ ᠶᠢ ᠲᠦᠷᠭᠡᠳᠭᠡᠨ ᠲᠡᠭᠦᠯᠳᠡᠷᠵᠢᠭᠦᠯᠵᠤ᠂ ᠲᠤᠮᠤ ᠳ᠋ᠠᠶᠢᠲ᠋ᠠ ᠶᠢᠨ ᠰᠠᠭᠤᠷᠢ ᠪᠡᠯᠡᠳᠬᠡᠮᠵᠢ ᠶᠢᠨ ᠲᠡᠰ ᠲᠡᠪᠰᠢᠭᠦ ᠶᠢ ᠠᠬᠢᠭᠤᠯᠵᠤ᠂ ᠳ᠋ᠠᠶᠢᠲ᠋ᠠ ᠶᠢᠨ ᠡᠭᠢ ᠪᠠᠶᠠᠯᠢᠭ ᠢ ᠬᠠᠮᠳᠤ ᠪᠠᠷ ᠬᠦᠷᠲᠡᠬᠦ ᠨᠡᠭᠡᠭᠡᠯᠳᠡ ᠬᠢᠬᠦ ᠪᠠ ᠲᠤᠮᠤ ᠳ᠋ᠠᠶᠢᠲ᠋ᠠ ᠶᠢᠨ ᠡᠯ᠎ᠠ ᠬᠦᠷᠢᠶᠡᠨ ᠳᠠᠬᠢ ᠬᠡᠷᠡᠭᠯᠡᠭᠡᠨ ᠢ ᠠᠬᠢᠭᠤᠯᠵᠤ᠂ ᠮᠠᠨ ᠤ ᠤᠷᠤᠨ ᠤ ᠲᠤᠮᠤ ᠳ᠋ᠠᠶᠢᠲ᠋ᠠ ᠶᠢᠨ ᠬᠦᠭᠵᠢᠯᠳᠡ ᠶᠢᠨ ᠲᠦᠪᠰᠢᠨ ᠎ ᠢ ᠪᠦᠬᠦ ᠲᠠᠯ᠎ᠠ ᠪᠠᠷ ᠲᠡᠭᠡᠭᠰᠢᠯᠡᠭᠦᠯᠭᠦ ᠬᠡᠷᠡᠭᠳᠡᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠠ ᠭᠠᠵᠠᠷ ᠤᠷᠤᠨ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠲᠦᠪ ᠤᠨ ᠬᠤᠳᠠ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠤ᠂ ᠠᠷᠠᠳ ᠲᠦᠮᠡᠨ ᠤ ᠲᠠᠭᠠᠰᠢᠶᠠᠯ ᠤᠨ ᠬᠡᠮᠵᠢᠶ᠎ᠡ ᠪᠠᠷ ᠪᠠᠷᠢᠮᠵᠢᠶ᠎ᠠ ᠪᠤᠯᠭᠠᠨ ᠂ ᠬᠤᠳᠠ ᠶᠢᠨ ᠬᠠᠮᠢᠶᠠᠷᠤᠯᠳᠠ ᠶᠢᠨ ᠨᠠᠷᠢᠯᠢᠬᠵᠢᠭᠤᠯᠤᠯᠳᠠ ᠶᠢᠨ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠵᠤ᠂ ᠬᠤᠳᠠ ᠶᠢ ᠠᠷᠠᠳ ᠲᠦᠮᠡᠨ ᠤ ᠨᠡᠩ ᠰᠠᠶᠢᠨ ᠰᠠᠶᠢᠬᠠᠨ ᠠᠮᠢᠳᠤᠷᠠᠯ ᠢ ᠬᠦᠭᠡᠭᠡᠴᠡᠯᠳᠦᠭᠦ ᠬᠦᠴᠦᠳᠠᠢ ᠲᠦᠰᠢᠭ ᠪᠤᠯᠭᠠᠬᠤ ᠬᠡᠷᠡᠭᠳᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠶᠠᠳᠠᠭᠤ ᠬᠦᠴᠢᠷᠳᠡᠯ ᠠᠴᠠ ᠤᠬᠤᠷᠢᠨ ᠭᠠᠷᠬᠤ ᠠᠵᠢᠯ ᠦᠨᠡᠨ ᠠᠴᠠ ᠵᠦᠪ ᠢ ᠡᠷᠢᠭᠦ ᠶᠢ ᠪᠠᠷᠢᠮᠳᠠᠯᠠᠨ᠂ ᠴᠠᠭ ᠬᠤᠭᠤᠴᠠᠭ᠎ᠠ ᠶᠠᠰᠦ ᠴᠢᠨᠠᠷ ᠢ ᠲᠠᠭᠠᠬᠤ ᠶᠢ ᠪᠠᠷᠢᠮᠳᠠᠯᠠᠵᠤ᠂ ᠶᠠᠳᠠᠭᠤ ᠠᠴᠠ ᠠᠩᠬᠢᠵᠢᠷᠠᠬᠤ ᠴᠠᠭ ᠢ ᠰᠢᠨᠵᠢᠯᠡᠭᠦ ᠤᠬᠠᠭᠠᠨᠴᠢ ᠪᠠᠷ ᠲᠤᠬᠳᠠᠭᠠᠬᠤ ᠬᠡᠷᠡᠭᠳᠡᠢ᠃ ᠨᠢᠭᠡᠨᠳᠡ ᠤᠬᠤᠷᠢᠨ ᠭᠠᠷᠤᠬᠰᠠᠨ ᠶᠠᠳᠠᠭᠤ ᠬᠦᠴᠢᠷᠳᠡᠯ ᠲᠠᠢ ᠬᠤᠰᠢᠭᠤ ᠰᠢᠶᠠᠨ᠂ ᠶᠠᠳᠠᠭᠤ ᠬᠦᠴᠢᠷᠳᠡᠯ ᠲᠠᠢ ᠭᠠᠴᠠᠭ᠎ᠠ ᠲᠤᠰᠬᠤᠨ᠂ ᠶᠠᠳᠠᠭᠤ ᠬᠦᠴᠢᠷᠳᠡᠯ ᠲᠠᠢ ᠡᠷᠦᠭᠡ ᠶᠢ ᠮᠦᠷᠳᠡᠵᠤ ᠦᠨᠡᠯᠡᠭᠦ ᠠᠵᠢᠯ ᠢ ᠰᠠᠶᠢᠳᠤᠷ ᠬᠢᠵᠤ᠂ ᠶᠠᠳᠠᠭᠤ ᠬᠦᠴᠢᠷᠳᠡᠯ ᠠᠴᠠ ᠤᠬᠤᠷᠢᠨ ᠭᠠᠷᠬᠤ ᠠᠵᠢᠯ ᠦᠢᠯᠡᠳᠦᠯᠭᠡ ᠪᠤᠯᠤᠨ ᠲᠡᠤᠭᠡ ᠶᠢᠨ ᠰᠢᠯᠭᠠᠯᠳᠠ ᠶᠢ ᠲᠠᠭᠠᠭᠠᠵᠤ ᠲᠡᠶᠢᠯᠭᠦ ᠶᠢ ᠪᠠᠳᠤᠯᠠᠬᠤ ᠬᠡᠷᠡᠭᠳᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号