ᠳᠤᠤᠷ᠎ᠠ ᠬᠠᠭᠠᠰ ᠵᠢᠯ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡᠳᠦᠭᠡᠷ᠂ ᠵᠢᠷᠭᠤᠳᠤᠭᠠᠷ ᠳᠡᠰ ᠤᠨ ᠰᠢᠯᠭᠠᠯᠲᠠ 9 ᠳ᠋ᠦ᠋ᠭᠡᠷ ᠰᠠᠷ᠎ᠠ ᠶᠢᠨ 19᠎ ᠤ ᠡᠳᠦᠷ ᠠᠴᠠ ᠨᠡᠷ᠎ᠡ ᠮᠡᠳᠡᠭᠦᠯᠦᠨ᠎ᠡ
ᠨᠡᠶᠢᠲᠡᠯᠡᠭᠰᠡᠨ ᠴᠠᠭ᠄
2018/9/18
     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠥᠴᠥᠭᠡᠳᠦᠷ ᠤᠨ ᠨᠡᠶᠢᠲᠡᠯᠡᠭᠰᠡᠨ ᠮᠡᠳᠡᠭᠡ ᠪᠠᠷ ᠪᠤᠯ᠂ 2018 ᠣᠨ ᠤ ᠳᠤᠤᠷ᠎ᠠ ᠬᠠᠭᠠᠰ ᠵᠢᠯ ᠤᠨ ᠪᠥᠬᠦ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡᠳᠦᠭᠡᠷ᠂ ᠵᠢᠷᠭᠤᠳᠤᠭᠠᠷ ᠳᠡᠰ ᠤᠨ ᠰᠢᠯᠭᠠᠯᠲᠠ ︵CET︶᠂ ᠨᠠᠰᠤᠨ ᠳᠤ ᠬᠦᠷᠦᠭᠰᠡᠳ ᠤᠨ ᠶᠡᠭᠡ ᠰᠤᠷᠭᠠᠭᠤᠯᠢ ᠶᠢᠨ ᠵᠢᠩᠬᠢᠨᠢ ᠠᠩᠬᠢ ᠠᠴᠠ ᠲᠡᠭᠦᠰᠦᠭᠰᠡᠨ ᠣᠶᠤᠲᠠᠨ ᠤ ᠴᠣᠯᠠ ᠭᠤᠶᠤᠴᠢᠯᠠᠬᠤ ᠭᠠᠳᠠᠭᠠᠳᠤ ᠬᠡᠯᠡᠨ ︵ᠭᠤᠷᠪᠠᠳᠤᠭᠠᠷ ᠳᠡᠰ︶᠎ ᠤ ᠰᠢᠯᠭᠠᠯᠲᠠ ︵ᠡᠷᠳᠡᠮ ᠤᠨ ᠴᠣᠯᠠ ᠶᠢᠨ ᠭᠠᠳᠠᠭᠠᠳᠤ ᠬᠡᠯᠡ ᠪᠣᠯᠤᠨ ᠭᠤᠷᠪᠠᠳᠤᠭᠠᠷ ᠳᠡᠰ ᠤᠨ ᠬᠤᠶᠠᠷ ᠵᠦᠢᠯ ᠤᠨ ᠰᠢᠯᠭᠠᠯᠲᠠ ᠬᠤᠯᠪᠤᠭᠳᠠᠨ᠎ᠠ︶ ᠡᠬᠢᠯᠡᠨ ᠨᠡᠷ᠎ᠡ ᠮᠡᠳᠡᠭᠦᠯᠵᠦ ᠪᠣᠯᠤᠨ᠎ᠠ᠃      ᠣᠶᠢᠯᠠᠭᠠᠭᠰᠠᠨ ᠢᠶᠠᠷ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ᠄ 9 ᠳ᠋ᠦ᠋ᠭᠡᠷ ᠰᠠᠷ᠎ᠠ ᠶᠢᠨ 19᠎ ᠤ ᠡᠳᠦᠷ — 27᠎ ᠤᠨ ᠡᠳᠦᠷ ᠪᠤᠯᠲᠠᠯ᠎ᠠ ᠨᠡᠷ᠎ᠡ ᠮᠡᠳᠡᠭᠦᠯᠦᠨ᠎ᠡ᠂ ᠰᠢᠯᠭᠠᠬᠤ ᠴᠠᠭ᠄ 12 ᠳ᠋ᠤᠭᠠᠷ ᠰᠠᠷ᠎ᠠ ᠶᠢᠨ 15᠎ ᠤ ᠡᠳᠦᠷ ᠪᠠ 16᠎ ᠤ ᠡᠳᠦᠷ ᠤᠨ ᠦᠳᠡ ᠶᠢᠨ ᠬᠤᠶᠢᠨ᠎ᠠ ᠰᠢᠯᠭᠠᠨ᠎ᠠ᠃ ᠰᠢᠯᠭᠠᠭᠤᠯᠤᠭᠴᠢ ᠡᠷᠬᠡᠪᠰᠢ ᠲᠣᠭᠲᠠᠭᠠᠭᠰᠠᠨ ᠴᠠᠭ ᠲᠤ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵http://www.nm.zsks.cn︶᠎ ᠳᠤ ᠭᠠᠷᠴᠤ ᠨᠡᠷ᠎ᠡ ᠮᠡᠳᠡᠭᠦᠯᠬᠦ ᠬᠡᠷᠡᠭᠲᠡᠢ᠃ ᠡᠯ᠎ᠡ ᠲᠥᠷᠥᠯ ᠤᠨ ᠰᠢᠯᠭᠠᠭᠤᠯᠤᠭᠴᠢ ᠶᠢᠨ ᠨᠡᠷ᠎ᠡ ᠮᠡᠳᠡᠭᠦᠯᠬᠦ ᠶᠠᠪᠤᠳᠠᠯ ᠢ ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠬᠦ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠯᠭᠠᠯᠲᠠ ᠶᠢᠨ ᠰᠦᠢᠳᠬᠡᠯ ᠲᠤᠰᠢᠶᠠᠬᠤ ᠵᠢᠴᠢ ᠰᠢᠯᠭᠠᠬᠤ ᠭᠠᠵᠠᠷ ᠲᠤ ᠬᠦᠷᠴᠦ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠢᠶᠠᠨ ᠪᠦᠷᠢᠳᠬᠡᠭᠦᠯᠬᠦ᠂ ᠬᠤᠷᠤᠭᠤᠨ ᠤ ᠬᠤᠷᠢᠶᠠᠬᠤ ᠰᠤᠳᠠᠯ ᠤᠨ ᠮᠡᠳᠡᠭᠡ ᠵᠠᠩᠭᠢ ᠴᠤᠭᠯᠠᠭᠤᠯᠬᠤ᠂ ᠭᠡᠷᠡᠯ ᠵᠢᠷᠤᠭ ᠢ ᠨᠤᠲᠠᠯᠠᠨ ᠵᠥᠪᠰᠢᠶᠡᠷᠡᠬᠦ ᠭᠤᠷᠪᠠᠨ ᠵᠠᠩᠭᠢᠯᠠᠭ᠎ᠠ ᠬᠤᠪᠢᠶᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号