ᠤᠷᠴᠢᠮᠬᠠᠨ᠂ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠲᠢᠩᠬᠢᠮ ᠤᠨ ᠬᠤᠶᠠᠳᠤᠭᠠᠷ ᠪᠦᠯᠦᠭ | ᠲᠡᠷᠭᠡ ᠥᠬᠡᠶ ᠳᠠᠭᠠᠭᠠᠴᠢᠯᠠᠨ ᠲᠡᠭᠡᠭᠡᠪᠦᠷᠢᠯᠡᠭᠴᠢ ᠶᠢᠨ ᠲᠤᠷᠰᠢᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠤᠰᠤᠭᠠᠷ᠂ | ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠲᠤᠰᠬᠠᠶ | ᠮᠡᠷᠭᠡᠵᠢᠯᠲᠡᠨ ᠤ ᠬᠢᠨᠠᠨ ᠲᠤᠭᠲᠠᠭᠠᠯᠲᠠ᠂ ᠮᠠᠨᠵᠤᠤᠷ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠦᠶᠯᠡᠴᠢᠯᠡᠭᠡᠨ ᠤ ᠲᠣᠪᠴᠢᠶ᠎ᠠ ᠪᠣᠯᠤᠨ ᠮᠠᠨᠵᠤᠤᠷ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠠᠵᠢᠯᠲᠠᠨ ᠤ | ᠬᠢᠨᠠᠨ ᠬᠠᠷᠠᠭᠤᠯᠤᠯᠲᠠ ᠪᠠᠷ ᠳᠠᠮᠵᠢᠨ᠂ ᠮᠠᠨᠵᠤᠤᠷ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠦᠶᠯᠡᠴᠢᠯᠡᠭᠡᠨ ᠤ ᠲᠣᠪᠴᠢᠶ᠎ᠠ ᠠᠴᠠ ᠮᠠᠨᠵᠤᠤᠷ ᠬᠤᠲᠠ ᠶᠢᠨ ᠵᠠᠮ ᠲᠡᠭᠡᠭᠡᠪᠦᠷᠢ ᠶᠢᠨ ᠪᠠᠷᠠᠭᠠᠨ ᠤ ᠭᠦᠢᠯᠭᠡᠭᠡᠨ ᠤ | ᠬᠢᠵᠠᠭᠠᠷᠲᠤ ᠺᠤᠮᠫᠠᠨᠢ ᠳᠤ ᠮᠠᠨᠵᠤᠤᠷ ᠬᠤᠲᠠ ᠶᠢᠨ ᠠᠩᠬᠠᠳᠠᠭᠴᠢ ︽ᠵᠠᠰᠠᠮᠠᠯ ᠵᠠᠮ ᠤᠨ ᠡᠩ ᠤᠨ ᠪᠠᠷᠠᠭ᠎ᠠ | ᠲᠡᠭᠡᠭᠡᠪᠦᠷᠢᠯᠡᠬᠦ ︵ᠲᠡᠷᠭᠡ ᠥᠬᠡᠶ ᠪᠠᠷ ᠳᠠᠭᠠᠭᠠᠴᠢᠯᠠᠨ ᠲᠡᠭᠡᠭᠡᠪᠦᠷᠢᠯᠡᠬᠦ︶︾ ᠡᠵᠡᠩᠨᠡᠯᠲᠡ ᠶᠢᠨ ᠵᠦᠪᠰᠢᠶᠡᠷᠡᠯ ᠤᠨ | ᠦᠨᠡᠮᠯᠡᠯ ᠤᠯᠭᠤᠵᠠᠢ᠂ ᠡᠨᠡ ᠨᠢ ︽ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠲᠡᠷᠭᠡ ᠥᠬᠡᠶ ᠳᠠᠭᠠᠭᠠᠴᠢᠯᠠᠨ | ᠲᠡᠭᠡᠭᠡᠪᠦᠷᠢᠯᠡᠭᠴᠢ︾ ᠶᠢᠨ ᠲᠤᠷᠰᠢᠯᠲᠠ ᠶᠢᠨ ᠠᠵᠢᠯ ᠨᠢ ᠮᠠᠨᠵᠤᠤᠷ ᠬᠤᠲᠠ ᠳᠤ ᠦᠨᠡᠨ ᠪᠣᠳᠠᠲᠠᠶ ᠬᠡᠷᠡᠭᠵᠢᠭᠦᠯᠬᠦ | ᠱᠠᠲᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃ | ᠲᠡᠷᠭᠡ ᠥᠬᠡᠶ ᠳᠠᠭᠠᠭᠠᠴᠢᠯᠠᠨ ᠲᠡᠭᠡᠭᠡᠪᠦᠷᠢᠯᠡᠭᠴᠢ ᠭᠡᠳᠡᠭ ᠨᠢ ᠳᠠᠭᠠᠭᠠᠴᠢᠯᠠᠨ ᠲᠡᠭᠡᠭᠡᠪᠦᠷᠢᠯᠡᠭᠴᠢ ᠶᠢᠨ ᠪᠡᠶ᠎ᠡ | ᠬᠢᠷᠢ ᠬᠡᠮ ᠢᠶᠠᠷ ᠢᠶᠠᠨ ᠨᠠᠶᠢᠳᠠᠵᠤ ᠲᠡᠭᠡᠭᠡᠪᠦᠷᠢᠯᠡᠬᠦ ᠬᠦᠮᠦᠨ ᠯᠦᠭᠡ ᠲᠡᠭᠡᠭᠡᠪᠦᠷᠢ ᠶᠢᠨ ᠭᠡᠷ᠎ᠡ ᠲᠤᠭᠲᠠᠵᠤ᠂ | ᠳᠠᠭᠠᠭᠠᠴᠢᠯᠠᠨ ᠲᠡᠭᠡᠭᠡᠪᠦᠷᠢᠯᠡᠭᠴᠢ ᠶᠢᠨ ᠬᠠᠷᠢᠭᠤᠴᠠᠯᠭ᠎ᠠ ᠪᠣᠯᠤᠨ ᠡᠭᠦᠷᠭᠡ ᠶᠢ ᠡᠭᠦᠷᠭᠡᠯᠡᠵᠦ᠂ ᠪᠣᠳᠠᠲᠠᠶ ᠳᠠᠭᠠᠭᠠᠴᠢᠯᠠᠨ | ᠲᠡᠭᠡᠭᠡᠪᠦᠷᠢᠯᠡᠭᠴᠢ ᠳᠤ ᠨᠠᠶᠢᠳᠠᠵᠤ ᠲᠡᠭᠡᠭᠡᠪᠦᠷᠢ ᠶᠢᠨ ᠡᠭᠦᠷᠭᠡ ᠶᠢ ᠪᠡᠶᠡᠯᠡᠭᠦᠯᠬᠦ ᠵᠠᠰᠠᠮᠠᠯ ᠵᠠᠮ ᠤᠨ ᠪᠠᠷᠠᠭᠠᠨ ᠤ | ᠲᠡᠭᠡᠭᠡᠪᠦᠷᠢ ᠶᠢᠨ ᠡᠵᠡᠩᠨᠡᠭᠴᠢ ᠶᠢ ᠬᠡᠯᠡᠵᠦ ᠪᠤᠢ᠃ ᠲᠡᠷᠭᠡ ᠥᠬᠡᠶ ᠪᠠᠷ ᠳᠠᠭᠠᠭᠠᠴᠢᠯᠠᠨ ᠲᠡᠭᠡᠭᠡᠪᠦᠷᠢᠯᠡᠬᠦ ᠨᠢ ᠠᠵᠤ | ᠠᠬᠤᠶᠢᠯᠠᠯ ᠨᠡᠯᠢᠶᠡᠳ ᠥᠨᠳᠥᠷ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠲᠠᠢ ᠪᠠᠶᠢᠬᠤ ᠴᠢᠬᠤᠯᠠᠲᠠᠢ ᠪᠦᠭᠡᠳ ︽ | ᠢᠨᠲ᠋ᠧᠷ ᠰᠦᠯᠵᠢᠶ᠎ᠡ +ᠪᠠᠷᠠᠭᠠᠨ ᠤ ᠭᠦᠶᠯᠭᠡᠭᠡ︾ ᠶᠢᠨ ᠪᠣᠳᠠᠲᠤ ᠦᠶᠯᠡᠳᠦᠯᠭᠡ ᠮᠥᠨ᠃ | ᠡᠨᠡ ᠤᠳᠠᠭ᠎ᠠ ᠪᠤᠯ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠲᠢᠩᠬᠢᠮ ᠤᠨ ᠲᠦᠷᠦᠭᠦᠤ | ᠪᠦᠯᠦᠭ ᠤᠯᠤᠰ ᠤᠨ ᠲᠡᠰ ᠤᠨ ᠲᠡᠷᠭᠡ ᠥᠬᠡᠶ ᠳᠠᠭᠠᠭᠠᠴᠢᠯᠠᠨ ᠲᠡᠭᠡᠭᠡᠪᠦᠷᠢᠯᠡᠭᠴᠢ ᠶᠢᠨ ᠲᠤᠷᠰᠢᠯᠲᠠ ᠶᠢᠨ ᠳᠠᠷᠠᠭ᠎ᠠ | ᠦᠷᠨᠢᠭᠦᠯᠦᠭᠰᠡᠨ ᠬᠤᠶᠠᠳᠤᠭᠠᠷ ᠪᠦᠯᠦᠭ ︵ᠥᠪᠡᠷᠲᠡᠭᠡᠨ ᠵᠠᠰᠠᠬᠤ ᠣᠷᠣᠨ ᠤ ᠳᠡᠰ︶ ᠲᠡᠷᠭᠡ ᠥᠬᠡᠶ ᠳᠠᠭᠠᠭᠠᠴᠢᠯᠠᠨ | ᠲᠡᠭᠡᠭᠡᠪᠦᠷᠢᠯᠡᠭᠴᠢ ᠶᠢᠨ ᠲᠤᠷᠰᠢᠯᠲᠠ ᠶᠢᠨ ᠠᠵᠢᠯ ᠪᠤᠯᠤᠨ᠎ᠠ᠃ ᠡᠨᠡ ᠨᠢ ᠪᠠᠷᠠᠭᠠᠨ ᠤ ᠭᠦᠶᠯᠭᠡᠭᠡᠨ ᠤ ᠦᠶᠯᠡᠰ ᠤᠨ ︽ | ᠥᠪᠡᠷ ᠤᠨ ᠦᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ︾ ᠶᠢ ᠠᠬᠢᠭᠤᠯᠬᠤ᠂ ᠪᠠᠷᠠᠭᠠᠨ ᠤ | ᠭᠦᠢᠯᠭᠡᠭᠡᠨ ᠤ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠪᠠ ᠪᠠᠷᠠᠭᠠᠨ ᠤ | ᠭᠦᠢᠯᠭᠡᠭᠡᠨ ᠤ ᠡᠵᠡᠩᠨᠡᠯᠲᠡ ᠶᠢ ᠵᠢᠷᠤᠮᠵᠢᠭᠤᠯᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠭᠦᠯᠬᠦ ᠶᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠡᠷᠭᠡ ᠥᠬᠡᠶ ᠪᠠᠷ | ᠳᠠᠭᠠᠭᠠᠴᠢᠯᠠᠨ ᠲᠡᠭᠡᠭᠡᠪᠦᠷᠢᠯᠡᠬᠦ ᠲᠤᠷᠰᠢᠯᠲᠠ ᠶᠢᠨ ᠲᠦᠷᠦᠯ ᠲᠡᠮᠳᠡᠭᠲᠦ ᠶᠢ ᠡᠭᠦᠳᠬᠦ ᠪᠠᠷ ᠵᠤᠷᠢᠯᠭ᠎ᠠ ᠪᠠᠨ ᠪᠤᠯᠭᠠᠵᠠᠢ᠃ | ᠠᠵᠤ ᠠᠬᠤᠶᠢᠯᠠᠯ ᠤᠨ ᠭᠤᠶᠤᠴᠢᠯᠠᠯᠲᠠ᠂ ᠠᠶᠢᠮᠠᠭ ᠬᠤᠲᠠ ᠶᠢᠨ ᠠᠩᠬᠠᠨ ᠤ ᠬᠢᠨᠠᠯᠲᠠ᠂ ᠲᠤᠰᠬᠠᠶ ᠮᠡᠷᠭᠡᠵᠢᠯᠲᠡᠨ ᠤ | ᠬᠢᠨᠠᠨ ᠲᠤᠭᠲᠠᠭᠠᠯᠲᠠ᠂ ᠨᠢᠭᠡᠳᠦᠯᠲᠡᠶ ᠢᠯᠡ ᠨᠡᠶᠢᠲᠡᠯᠡᠬᠦ ᠵᠡᠷᠭᠡ ᠭᠤᠭᠴᠠᠭ᠎ᠠ ᠪᠠᠷ ᠳᠠᠮᠵᠢᠨ᠂ ᠬᠠᠮᠤᠭ ᠡᠴᠦᠰ ᠲᠤ | ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠲᠢᠩᠬᠢᠮ ᠪᠦᠬᠦ ᠣᠷᠣᠨ ᠤ ᠲᠡᠷᠭᠡ ᠥᠬᠡᠶ ᠪᠠᠷ ᠳᠠᠭᠠᠭᠠᠴᠢᠯᠠᠨ | ᠲᠡᠭᠡᠭᠡᠪᠦᠷᠢᠯᠡᠬᠦ ᠲᠤᠷᠰᠢᠯᠲᠠ ᠬᠢᠬᠦ 69 ᠠᠵᠤ ᠠᠬᠤᠶᠢᠯᠠᠯ ᠢ ᠲᠤᠭᠲᠠᠭᠠᠵᠠᠢ᠃ ᠮᠠᠨᠵᠤᠤᠷ ᠬᠤᠲᠠ ᠶᠢᠨ ᠮᠠᠨᠵᠤᠤᠷ | ᠬᠤᠲᠠ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ | ᠮᠠᠨᠵᠤᠤᠷ ᠤᠨ ᠰᠧᠨ ᠹᠦ᠋ ᠣᠯᠠᠨ ᠤᠯᠤᠰ ᠤᠨ ᠪᠠᠷᠠᠭᠠᠨ ᠤ ᠭᠦᠶᠯᠭᠡᠭᠡᠨ ᠤ ᠠᠳᠠᠯ ᠦᠢᠯᠡᠰ ᠤᠨ ᠬᠢᠵᠠᠭᠠᠷᠲᠤ ᠺᠣᠮᠫᠠᠨᠢ | ᠲᠤᠷᠰᠢᠯᠲᠠ ᠶᠢᠨ ᠠᠵᠤ ᠠᠬᠤᠶᠢᠯᠠᠯ ᠤᠨ ᠬᠢᠷᠢ ᠬᠡᠮ ᠢ ᠣᠯᠤᠭᠰᠠᠨ ᠪᠠᠶᠢᠨ᠎ᠠ᠃ ᠮᠠᠨᠵᠤᠤᠷ ᠤᠨ ᠰᠧᠨ ᠹᠦ᠋ ᠤᠯᠠᠨ | ᠤᠯᠤᠰ ᠤᠨ ᠪᠠᠷᠠᠭᠠᠨ ᠤ ᠭᠦᠢᠯᠭᠡᠭᠡᠨ ᠤ ᠠᠳᠠᠯ ᠦᠢᠯᠡᠰ ᠤᠨ ᠬᠢᠵᠠᠭᠠᠷᠲᠤ ᠺᠤᠮᠫᠠᠨᠢ ᠶᠢᠨ ᠡᠵᠡᠩᠨᠡᠯᠲᠡ ᠶᠢᠨ | ᠵᠥᠪᠰᠢᠶᠡᠷᠡᠯ ᠤᠨ ᠦᠨᠡᠮᠯᠡᠯ ᠢ ᠴᠤ ᠳᠠᠭᠠᠯᠳᠤᠭᠤᠯᠤᠨ ᠤᠯᠭᠤᠬᠤ ᠪᠤᠯᠤᠨ᠎ᠠ᠃ |