ᠲᠣᠮᠣ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠠᠵᠢᠯᠯᠠᠭ᠎ᠠ ᠶᠢᠨ ᠲᠥᠯᠥᠪᠯᠡᠭᠡ ︵2018 — 2020 ᠣᠨ︶᠎ ᠶᠢ ᠳᠠᠷᠤᠮᠠᠯᠯᠠᠨ ᠶᠠᠪᠤᠭᠤᠯᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2018-09-19
                      ᠥᠪᠥᠷ ᠵᠠᠰᠠᠭ ᠠᠯᠪᠠᠨ ᠲᠠᠷᠬᠠᠭᠠᠭᠰᠠᠨ ﹇2018﹈ 25 ᠳ᠋ᠤᠭᠠᠷ ᠲᠤᠭᠠᠳᠤ                                                      4 ᠳ᠋ᠤᠭᠡᠷ ᠰᠠᠷ᠎ᠠ ᠶᠢᠨ 29᠎ ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠠᠵᠢᠯᠯᠠᠭ᠎ᠠ ᠶᠢᠨ ᠲᠥᠯᠥᠪᠯᠡᠭᠡ ︵2018 — 2020 ᠣᠨ︶︾᠎ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃               ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠮᠤ ᠳ᠋ᠠᠶᠢᠲ᠋ᠠ ᠶᠢ                    ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠠᠵᠢᠯᠯᠠᠭ᠎ᠠ ᠶᠢᠨ                             ᠲᠥᠯᠥᠪᠯᠡᠭᠡ ︵2018 - 2020 ᠣᠨ︶      ᠤᠯᠤᠰ ᠤᠨ ᠲᠤᠮᠤ ᠳ᠋ᠠᠶᠢᠲ᠋ᠠ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠤᠮᠤ ᠳ᠋ᠠᠶᠢᠲ᠋ᠠ ᠪᠠ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠲᠦᠯᠬᠢᠨ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠲᠤᠰ ᠠᠵᠢᠯᠯᠠᠭ᠎ᠠ ᠶᠢᠨ ᠲᠥᠯᠥᠪᠯᠡᠭᠡ ᠶᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠵᠢᠱᠢᠶ᠎ᠡ ᠦᠵᠡᠭᠦᠯᠬᠦ ᠪᠠᠷ ᠬᠦᠲᠦᠯᠦᠨ ᠵᠢᠯᠣᠭᠤᠳᠤᠭᠤᠯᠵᠤ᠂ ᠡᠭᠦᠯᠡᠨ ᠪᠣᠳᠣᠯᠲᠠ ᠪᠠ ᠳ᠋ᠠᠶᠢᠲ᠋ᠠ ᠶᠢ ᠤᠶᠠᠯᠳᠤᠭᠤᠯᠤᠨ᠂ ᠠᠵᠢᠯ ᠲᠦᠷᠦᠯ ᠢᠯᠭᠠᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠪᠦᠬᠦ ᠲᠠᠯ᠎ᠠ ᠪᠠᠷ ᠦᠷᠨᠢᠭᠦᠯᠬᠦ︾ ᠵᠠᠷᠴᠢᠮ ᠤᠨ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ᠂ ᠬᠦᠲᠦᠴᠢ ᠠᠵᠤ ᠠᠬᠤᠶᠢᠯᠠᠯ ᠢᠶᠠᠷ ᠭᠤᠣᠯ ᠪᠣᠯᠭᠠᠨ᠂ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ᠂ ᠡᠭᠦᠯᠡᠨ ᠪᠣᠳᠣᠯᠳᠠ᠂ ᠪᠤᠳᠠᠰᠯᠢᠭ ᠬᠤᠯᠪᠣᠭᠠᠲᠤ ᠰᠦᠯᠵᠢᠶ᠎ᠡ᠂ ᠬᠢᠮᠡᠯ ᠤᠶᠦᠠ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢᠶᠠᠷ ᠲᠦᠰᠢᠭ ᠲᠤᠯᠭᠠᠭᠤᠷᠢ ᠪᠣᠯᠭᠠᠵᠤ᠂ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ᠂ ᠦᠢᠯᠡᠳᠪᠦᠷᠢᠯᠡᠵᠦ ᠦᠢᠯᠡᠳᠬᠦ᠂ ᠡᠵᠡᠩᠨᠡᠨ ᠬᠠᠮᠢᠶᠠᠷᠬᠤ᠂ ᠵᠠᠬ᠎ᠠ ᠳᠡᠯᠭᠡᠭᠦᠷ ᠲᠤ ᠡᠵᠡᠩᠨᠡᠨ ᠪᠣᠷᠣᠯᠠᠭᠤᠯᠬᠤ᠂ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡ ᠵᠡᠷᠭᠡ ᠡᠯ᠎ᠡ ᠵᠠᠩᠭᠢᠯᠠᠭ᠎ᠠ ᠳᠤ ᠲᠤᠮᠤ ᠳ᠋ᠠᠶᠢᠲ᠋ᠠ ᠪᠣᠯᠤᠨ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠲᠦᠯᠬᠢᠨ ᠠᠬᠢᠭᠤᠯᠵᠤ᠂ ᠦᠢᠯᠡᠳᠬᠦᠨ ᠤ ᠠᠮᠢ ᠨᠠᠰᠤᠨ ᠤ ᠪᠦᠬᠦ ᠦᠶᠡᠯᠡᠯ ᠪᠠ ᠪᠦᠬᠦ ᠠᠵᠤ ᠦᠢᠯᠡᠰ ᠤᠨ ᠬᠡᠯᠬᠢᠶ᠎ᠡ ᠳᠠᠬᠢ ᠲᠣᠮᠣ ᠳ᠋ᠠᠶᠢᠲ᠋ᠠ ᠶᠢᠨ ᠬᠡᠷᠡᠭᠯᠡᠭᠡᠨ ᠢ ᠠᠬᠢᠭᠤᠯᠵᠤ᠂ ᠳ᠋ᠠᠶᠢᠲ᠋ᠠ ᠪᠠᠷ ᠬᠦᠳᠡᠯᠭᠡᠭᠦᠷ ᠪᠣᠯᠭᠠᠭᠰᠠᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠢ ᠠᠯᠬᠤᠮ ᠠᠯᠬᠤᠮ ᠢᠶᠠᠷ ᠪᠤᠢ ᠪᠣᠯᠭᠠᠬᠤ ᠬᠡᠷᠡᠭᠲᠡᠶ᠃      ᠬᠤᠶᠠᠷ᠂ ᠭᠤᠣᠯ ᠬᠠᠷᠠᠯᠲᠠ      ᠠᠵᠤ ᠦᠢᠯᠡᠳᠪᠦᠷᠢ ᠶᠢᠨ ᠠᠵᠢᠯ ᠲᠥᠷᠥᠯ ᠳᠤ ᠨᠢᠭᠡ ᠪᠦᠯᠦᠭ ᠲᠤᠮᠤ ᠳ᠋ᠠᠶᠢᠲ᠋ᠠ ᠶᠢᠨ ᠦᠢᠯᠡᠳᠬᠦᠨ ᠢ ᠰᠤᠳᠤᠯᠤᠨ ᠨᠡᠭᠡᠭᠡᠬᠦ ᠶᠢ ᠲᠦᠯᠬᠢᠨ ᠠᠬᠢᠭᠤᠯᠵᠤ᠂ ᠳ᠋ᠠᠶᠢᠲ᠋ᠠ ᠪᠠᠷ ᠬᠦᠳᠡᠯᠭᠡᠭᠦᠷ ᠪᠣᠯᠭᠠᠭᠰᠠᠨ ᠦᠢᠯᠡᠳᠬᠦ ᠲᠤᠬᠠᠶᠢᠯᠠᠭᠰᠠᠨ ᠠᠵᠢᠯ ᠤᠨ ᠴᠤᠪᠤᠷᠠᠯ ᠢ ᠪᠡᠶᠡᠯᠡᠭᠦᠯᠦᠨ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠪᠣᠯᠤᠨ ᠦᠢᠯᠡᠳᠬᠦ ᠦᠢᠯᠡᠰ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠬᠡᠳᠬᠡᠨ᠎ᠡ︔ ᠲᠠᠷᠢᠶᠠᠯᠠᠩ ᠮᠠᠯ ᠠᠵᠤ ᠠᠬᠤᠶ᠂ ᠦᠢᠯᠡᠴᠢᠯᠡᠭᠡᠨ ᠤ ᠠᠵᠢᠯ ᠲᠥᠷᠥᠯ ᠤᠨ ᠮᠡᠷᠭᠡᠵᠢᠯ ᠤᠨ ᠰᠤᠳᠤᠯᠤᠨ ᠨᠡᠭᠡᠭᠡᠬᠦ ᠰᠢᠰᠲ᠋ᠧᠮᠵᠢ ᠶᠢᠨ ᠰᠢᠨ᠎ᠡ ᠶᠢ ᠡᠭᠦᠳᠬᠦ᠂ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠬᠤᠪᠢᠰᠤᠯᠲᠠ᠂ ᠬᠤᠳᠠᠯᠳᠤᠭᠠᠨ ᠤ ᠬᠡᠪ ᠵᠠᠭᠪᠤᠷ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠦᠷᠲᠡᠭ ᠤᠨ ᠬᠡᠯᠬᠢᠶ᠎ᠡ ᠶᠢᠨ ᠰᠢᠰᠲ᠋ᠧᠮᠵᠢ ᠶᠢᠨ ᠲᠠᠬᠢᠨ ᠪᠠᠶᠢᠭᠤᠯᠬᠤ ᠶᠢ ᠲᠦᠯᠬᠢᠨ ᠠᠬᠢᠭᠤᠯᠤᠨ᠎ᠠ︔ ᠬᠦᠷᠢᠶ᠎ᠡ ᠬᠡᠪᠴᠢᠶ᠎ᠡ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠳ᠋ᠠᠶᠢᠲ᠋ᠠ ᠶᠢᠨ ᠠᠭᠤᠰᠤᠯᠴᠠᠯ ᠪᠠ ᠬᠠᠮᠵᠢᠯᠴᠠᠭ᠎ᠠ ᠶᠢᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠬᠠᠮᠵᠢᠯᠴᠠᠨ ᠰᠢᠨ᠎ᠡ ᠶᠢ ᠡᠭᠦᠳᠬᠦ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢ ᠬᠠᠶᠢᠨ ᠰᠦᠪᠡᠭᠴᠢᠯᠡᠨ᠎ᠡ᠃ 2020 ᠣᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠡᠶᠢᠲᠡᠯᠢᠭ ᠵᠢᠱᠢᠶ᠎ᠡ ᠦᠵᠡᠭᠦᠯᠬᠦ 100᠎ ᠠᠴᠠ ᠳᠡᠭᠡᠭᠰᠢ ᠲᠥᠷᠥᠯ ᠵᠦᠢᠯ ᠢ ᠪᠠᠶᠢᠭᠤᠯᠵᠤ᠂ ᠨᠢᠭᠡ ᠪᠦᠯᠦᠭ ᠠᠵᠤ ᠦᠢᠯᠡᠰ ᠤᠨ ᠲᠤᠮᠤ ᠳ᠋ᠠᠶᠢᠲ᠋ᠠ ᠶᠢᠨ ᠡᠭᠦᠯᠡᠨ ᠲᠠᠪᠴᠠᠩ᠂ ᠠᠵᠤ ᠦᠢᠯᠡᠰ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠲᠥᠪ ᠪᠣᠯᠤᠨ ᠤᠯᠠᠨ ᠨᠡᠶᠢᠲᠡ ᠶᠢᠨ ᠮᠡᠷᠭᠡᠵᠢᠯ ᠤᠨ ᠦᠢᠯᠡᠴᠢᠯᠡᠭᠡᠨ ᠤ ᠲᠥᠪ ᠢ ᠪᠠᠶᠢᠭᠤᠯᠤᠨ᠂ ᠨᠢᠭᠡ ᠪᠦᠯᠦᠭ ᠲᠤᠮᠤ ᠳ᠋ᠠᠶᠢᠲ᠋ᠠ ᠶᠢᠨ ᠬᠡᠷᠡᠭᠯᠡᠭᠡᠨ ᠢ ᠨᠡᠭᠡᠭᠡᠨ ᠠᠰᠢᠭᠯᠠᠬᠤ ᠠᠵᠤ ᠠᠬᠤᠶᠢᠯᠠᠯ᠂ ᠲᠤᠮᠤ ᠳ᠋ᠠᠶᠢᠲ᠋ᠠ ᠶᠢᠨ ᠡᠭᠦᠯᠡᠨ ᠲᠠᠪᠴᠠᠩ ᠳᠤ ᠦᠢᠯᠡᠴᠢᠯᠡᠬᠦ ᠬᠤᠳᠠᠯᠳᠤᠭᠠᠴᠢᠨ᠂ ᠲᠤᠮᠤ ᠳ᠋ᠠᠶᠢᠲ᠋ᠠ ᠶᠢᠨ ᠡᠵᠡᠩᠨᠡᠬᠦ ᠬᠤᠳᠠᠯᠳᠤᠭᠠᠴᠢᠨ᠂ ᠲᠤᠮᠤ ᠳ᠋ᠠᠶᠢᠲ᠋ᠠ ᠶᠢᠨ ᠡᠭᠦᠯᠡᠨ ᠪᠣᠳᠣᠯᠲᠠ ᠶᠢᠨ ᠬᠡᠷᠡᠭᠯᠡᠭᠡᠨ ᠤ ᠦᠢᠯᠡᠴᠢᠯᠡᠬᠦ ᠬᠤᠳᠠᠯᠳᠤᠭᠠᠴᠢᠳ ᠢ ᠬᠥᠮᠥᠵᠢᠭᠦᠯᠵᠦ᠂ ᠨᠢᠭᠡ ᠪᠦᠯᠦᠭ ᠠᠵᠤ ᠠᠬᠤᠶᠢᠯᠠᠯ ᠢ ᠡᠭᠦᠯᠡᠨ ᠪᠣᠳᠣᠯᠲᠠ ᠳᠤ ᠣᠷᠣᠬᠤ ᠶᠢ ᠲᠦᠯᠬᠢᠨ ᠠᠬᠢᠭᠤᠯᠤᠨ᠎ᠠ︔ ᠨᠢᠭᠡ ᠪᠦᠯᠦᠭ ᠰᠢᠨ᠎ᠡ ᠶᠢ ᠡᠭᠦᠳᠬᠦ ᠬᠡᠷᠡᠭᠯᠡᠭᠡᠨ ᠢ ᠰᠢᠢᠳᠪᠦᠷᠢᠯᠡᠬᠦ ᠲᠥᠰᠦᠯ ᠢ ᠪᠣᠢ ᠪᠣᠯᠭᠠᠵᠤ᠂ ᠨᠢᠭᠡ ᠪᠦᠯᠦᠭ ᠰᠢᠢᠳᠪᠦᠷᠢᠯᠡᠬᠦ ᠲᠥᠰᠦᠯ ᠤᠨ ᠦᠢᠯᠡᠴᠢᠯᠡᠬᠦ ᠬᠤᠳᠠᠯᠳᠤᠭᠠᠴᠢᠨ ᠢ ᠬᠥᠮᠥᠵᠢᠭᠦᠯᠦᠨ᠎ᠡ︔ ᠨᠢᠭᠡ ᠪᠦᠯᠦᠭ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠮᠡᠷᠭᠡᠵᠢᠯ ᠤᠨ ᠪᠠᠷᠢᠮᠵᠢᠶ᠎ᠠ ᠶᠢ ᠲᠣᠭᠲᠠᠭᠠᠵᠤ᠂ ᠦᠨᠡᠯᠡᠨ ᠵᠢᠱᠢᠬᠦ ᠭᠦᠢᠴᠡᠳᠬᠡᠬᠦ ᠲᠣᠭᠠᠨ ᠤ ᠰᠢᠰᠲ᠋ᠧᠮᠵᠢ ᠪᠣᠯᠣᠨ ᠦᠨᠡᠯᠡᠬᠦ ᠪᠠᠷᠢᠮᠵᠢᠶ᠎ᠠ ᠶᠢ ᠠᠩᠬ᠎ᠠ ᠠᠯᠬᠤᠮ ᠪᠠᠶᠢᠭᠤᠯᠤᠨ᠎ᠠ᠃     ᠭᠤᠷᠪᠠ᠂ ᠭᠤᠣᠯᠳᠠᠯᠭ᠎ᠠ ᠲᠠᠢ ᠠᠵᠢᠯ      ︵ᠨᠢᠭᠡ︶ ᠲᠤᠮᠤ ᠳ᠋ᠠᠶᠢᠲ᠋ᠠ ᠶᠢ ᠲᠠᠷᠢᠶᠠᠯᠠᠩ ᠮᠠᠯ ᠠᠵᠤ ᠠᠬᠤᠶ ᠯᠤᠭ᠎ᠠ ᠭᠦᠨ ᠠᠭᠤᠰᠤᠯᠴᠠᠭᠤᠯᠬᠤ ᠶᠢ ᠲᠦᠯᠬᠢᠨ ᠠᠬᠢᠭᠤᠯᠤᠨ᠎ᠠ᠃ ᠰᠦ᠂ ᠮᠢᠬ᠎ᠠ᠂ ᠢᠮᠠᠭᠠᠨ ᠨᠣᠯᠣᠣᠷ᠂ ᠲᠥᠮᠥᠰᠥ᠂ ᠢᠳᠡᠰᠢᠨ ᠨᠣᠭᠤᠭ᠎ᠠ᠂ ᠠᠮᠤ ᠳᠤᠰᠤ᠂ ᠡᠪᠡᠰᠦ ᠪᠣᠷᠳᠤᠭ᠎ᠠ ᠶᠢᠨ ᠦᠢᠯᠡᠰ ᠵᠡᠷᠭᠡ ᠣᠨᠴᠠᠯᠢᠭ ᠪᠦᠬᠦᠢ ᠳᠠᠪᠠᠭᠤᠯᠢᠭ ᠠᠵᠢᠯ ᠲᠦᠷᠥᠯ ᠢᠶᠠᠷ ᠭᠤᠣᠯᠳᠠᠯᠭ᠎ᠠ ᠪᠣᠯᠭᠠᠨ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠬᠠᠮᠢᠶᠠᠷᠤᠯᠲᠠ᠂ ᠪᠦᠲᠦᠭᠡᠭᠳᠡᠬᠦᠨ ᠢ ᠮᠥᠷᠲᠡᠬᠦ ᠪᠠ ᠵᠠᠬ᠎ᠠ ᠳᠡᠯᠭᠡᠭᠦᠷ ᠤᠨ ᠪᠣᠷᠣᠯᠠᠭᠤᠯᠤᠯᠲᠠ ᠳᠤ ᠲᠣᠮᠣ ᠳ᠋ᠠᠶᠢᠲ᠋ᠠ ᠶᠢᠨ ᠬᠡᠷᠡᠭᠯᠡᠭᠡᠨ ᠢ ᠬᠦᠴᠦᠲᠡᠢ ᠲᠦᠯᠬᠢᠨ ᠠᠬᠢᠭᠤᠯᠤᠨ᠎ᠠ᠃ ᠭᠠᠵᠠᠷ ᠳᠡᠭᠡᠷᠡᠬᠢ ᠠᠵᠢᠭᠯᠠᠯᠲᠠ᠂ ᠪᠠᠷᠠᠭᠠᠨ ᠤ ᠰᠦᠯᠵᠢᠶ᠎ᠡ᠂ ᠠᠯᠤᠰ ᠰᠡᠷᠡᠯ ᠪᠠ ᠭᠠᠵᠠᠷ ᠵᠦᠢ ᠶᠢᠨ ᠮᠡᠳᠡᠭᠡ ᠵᠠᠩᠭᠢ ᠶᠢᠨ ᠮᠡᠷᠭᠡᠵᠢᠯ ᠵᠡᠷᠭᠡ ᠶᠢ ᠬᠡᠷᠡᠭᠯᠡᠨ᠂ ᠲᠠᠷᠢᠶᠠᠯᠠᠩ ᠤᠨ ᠪᠠᠶᠢᠳᠠᠯ᠂ ᠮᠠᠯ ᠲᠡᠵᠢᠭᠡᠪᠦᠷᠢ᠂ ᠤᠷᠭᠤᠮᠠᠯ ᠢ ᠬᠠᠮᠠᠭᠠᠯᠠᠬᠤ᠂ ᠲᠠᠷᠢᠶᠠᠨ ᠪᠣᠷᠳᠣᠭᠤᠷ᠂ ᠲᠠᠷᠢᠶᠠᠨ ᠡᠮ᠂ ᠲᠡᠵᠢᠭᠡᠯ ᠪᠣᠷᠳᠤᠭ᠎ᠠ᠂ ᠸᠠᠺᠼᠢᠨ᠂ ᠲᠠᠷᠢᠶᠠᠯᠠᠩ ᠤᠨ ᠮᠠᠰᠢᠨ ᠢᠶᠠᠷ ᠠᠵᠢᠯᠯᠠᠬᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠨ᠎ᠡ ᠬᠠᠩᠰᠢ ᠵᠡᠷᠭᠡ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠲᠣᠬᠠᠢ ᠶᠢᠨ ᠴᠠᠭ ᠲᠤᠨᠢ ᠬᠢᠨᠠᠨ ᠬᠡᠮᠵᠢᠬᠦ ᠪᠠ ᠵᠠᠳᠠᠯᠬᠤ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠣᠮᠣ ᠳ᠋ᠠᠶᠢᠲ᠋ᠠ ᠶᠢ ᠰᠣᠯᠢᠯᠴᠠᠨ ᠬᠠᠮᠲᠤ ᠪᠠᠷ ᠡᠳ᠋ᠯᠡᠬᠦ ᠲᠠᠪᠴᠠᠩ ᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ᠂ ᠣᠷᠴᠢᠨ ᠲᠣᠭᠤᠷᠢᠨ᠂ ᠪᠦᠲᠦᠭᠡᠭᠳᠡᠭᠦᠨ᠂ ᠦᠨ᠎ᠡ ᠬᠠᠩᠰᠢ ᠶᠢᠨ ᠮᠡᠳᠡᠭᠡ ᠵᠠᠩᠭᠢ ᠶᠢᠨ ᠣᠨᠣᠪᠴᠢᠲᠠᠢ ᠬᠢᠨᠡᠨ ᠬᠡᠮᠵᠢᠯᠲᠡ ᠶᠢ ᠬᠡᠷᠡᠭᠵᠢᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠠᠮᠢᠶᠠᠷᠤᠯᠲᠠ᠂ ᠵᠢᠯᠣᠭᠤᠳᠤᠨ ᠲᠣᠬᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠣᠶᠣᠨᠴᠢᠯᠠᠯᠲᠠ ᠶᠢ ᠲᠦᠯᠬᠢᠨ ᠠᠬᠢᠭᠤᠯᠤᠨ᠎ᠠ᠃ ᠶᠠᠰᠤ ᠴᠢᠨᠠᠷ ᠢ ᠮᠥᠷᠳᠡᠬᠦ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ᠂ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠵᠡᠷᠭᠡ ᠳ᠋ᠠᠶᠢᠲ᠋ᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠬᠦ᠂ ᠬᠤᠳᠠᠯᠳᠤᠨ ᠠᠪᠬᠤ᠂ ᠨᠥᠭᠡᠴᠡᠯᠡᠬᠦ᠂ ᠲᠡᠭᠡᠭᠡᠪᠦᠷᠢᠯᠡᠬᠦ ᠵᠡᠷᠭᠡ ᠵᠠᠩᠭᠢᠯᠠᠭ᠎ᠠ ᠶᠢᠨ ᠳ᠋ᠠᠶᠢᠲ᠋ᠠ ᠶᠢ ᠠᠰᠢᠭᠯᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠥᠪᠰᠢᠨ ᠤ ᠪᠦᠬᠦ ᠶᠠᠪᠤᠴᠠ ᠶᠢᠨ ᠮᠥᠷᠳᠡᠯᠭᠡ ᠶᠢ ᠴᠢᠩᠭᠠᠳᠬᠠᠨ᠂ ᠮᠥᠷᠲᠡᠭᠰᠡᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠢᠷᠡᠯᠲᠡ ᠶᠢ ᠨᠢ ᠮᠥᠷᠳᠡᠵᠦ ᠪᠣᠯᠬᠤ᠂ ᠬᠠᠨᠳᠤᠰᠢ ᠶᠢ ᠨᠢ ᠮᠥᠷᠳᠡᠵᠦ ᠪᠣᠯᠬᠤ᠂ ᠬᠠᠷᠢᠭᠤᠴᠠᠯᠭ᠎ᠠ ᠶᠢ ᠨᠢ ᠨᠡᠬᠡᠮᠵᠢᠯᠡᠵᠦ ᠪᠣᠯᠬᠤ ᠶᠢ ᠪᠡᠶᠡᠯᠡᠭᠦᠯᠦᠨ᠎ᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠮᠡᠳᠡᠭᠡ ᠵᠠᠩᠭᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠳ᠋ᠠᠶᠢᠲ᠋ᠠ ᠶᠢᠨ ᠳᠡᠮᠵᠢᠯᠭᠡ ᠶᠢ ᠴᠢᠩᠭᠠᠳᠬᠠᠨ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠬᠤᠭᠤᠴᠠᠭᠠᠲᠤ ᠪᠠᠷᠠᠭ᠎ᠠ ᠠᠷᠠᠯᠵᠢᠶᠠᠯᠠᠬᠤ᠂ ᠡᠯᠧᠺᠲᠷᠣᠨ ᠦᠨ᠎ᠡ ᠬᠠᠶᠠᠵᠤ ᠬᠤᠳᠠᠯᠳᠤᠬᠤ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠤ ᠡᠯᠧᠺᠲᠷᠣᠨ ᠢᠶᠠᠷ ᠳ᠋ᠦᠩᠨᠡᠨ ᠪᠤᠳᠦᠬᠤ ᠵᠡᠷᠭᠡ ᠳ᠋ᠠᠶᠢᠲ᠋ᠠ ᠶᠢ ᠬᠢᠨᠠᠨ ᠬᠡᠮᠵᠢᠵᠦ ᠵᠠᠳᠠᠯᠤᠯᠲᠠ ᠬᠢᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠳ᠋ᠠᠶᠢᠲ᠋ᠠ ᠶᠢ ᠴᠤᠭᠯᠠᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠪᠣᠷᠣᠯᠠᠭᠤᠯᠬᠤ ᠶᠢ ᠣᠨᠣᠪᠴᠢᠲᠠᠢ ᠪᠠᠷ ᠵᠣᠯᠭᠠᠭᠤᠯᠬᠤ ᠶᠢ ᠠᠬᠢᠭᠤᠯᠤᠨ᠎ᠠ᠃      ︵ᠬᠤᠶᠠᠷ︶ ᠲᠤᠮᠤ ᠳ᠋ᠠᠶᠢᠲ᠋ᠠ ᠶᠢ ᠠᠵᠤ ᠦᠢᠯᠡᠳᠪᠦᠷᠢ ᠯᠦᠭᠡ ᠭᠦᠨ ᠠᠭᠤᠰᠤᠯᠴᠠᠭᠤᠯᠬᠤ ᠶᠢ ᠲᠦᠯᠬᠢᠨ ᠠᠬᠢᠭᠤᠯᠤᠨ᠎ᠠ᠃ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ᠂ ᠥᠩᠭᠡᠲᠦ ᠲᠡᠮᠦᠷᠯᠢᠭ ᠢ ᠦᠢᠯᠡᠳᠪᠦᠷᠢᠯᠡᠵᠦ ᠪᠣᠯᠪᠠᠰᠤᠷᠠᠭᠤᠯᠬᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠵᠡᠷᠭᠡ ᠣᠨᠴᠠᠯᠢᠭ ᠪᠦᠬᠦᠢ ᠳᠠᠪᠠᠭᠤᠯᠢᠭ ᠠᠵᠢᠯ ᠲᠦᠷᠥᠯ ᠢᠶᠠᠷ ᠭᠤᠣᠯᠳᠠᠯᠭ᠎ᠠ ᠪᠣᠯᠭᠠᠨ᠂ ᠠᠵᠤ ᠦᠢᠯᠡᠳᠪᠦᠷᠢ ᠶᠢᠨ ᠰᠡᠷᠡᠯ ᠳᠠᠮᠵᠢᠭᠤᠯᠤᠭᠤᠷ᠂ ᠰᠠᠴᠤᠷᠠᠯ ᠳᠠᠪᠲᠠᠮᠵᠢ ᠶᠢ ᠢᠯᠭᠠᠨ ᠲᠠᠨᠢᠬᠤ ︵RFID︶᠂ ᠬᠡᠷᠡᠯᠯᠢᠭ ᠴᠢᠮᠡᠭᠡ ᠬᠤᠯᠪᠣᠭ᠎ᠠ ᠶᠢᠨ ᠲᠣᠨᠣᠭᠯᠠᠭᠠᠰᠤ ᠵᠡᠷᠭᠡ ᠳ᠋ᠠᠶᠢᠲ᠋ᠠ ᠴᠤᠭᠯᠠᠭᠤᠯᠬᠤ ᠲᠥᠬᠦᠭᠡᠷᠦᠮᠵᠢ ᠶᠢᠨ ᠪᠠᠶᠢᠷᠢᠯᠠᠭᠤᠯᠤᠯᠲᠠ ᠪᠣᠯᠣᠨ ᠬᠡᠷᠡᠭᠯᠡᠯᠲᠡ ᠶᠢ ᠲᠦᠷᠭᠡᠳᠬᠡᠵᠦ᠂ ᠠᠵᠤ ᠦᠢᠯᠡᠳᠪᠦᠷᠢ ᠶᠢᠨ ᠡᠵᠡᠮᠳᠡᠬᠦ ᠰᠢᠰᠲ᠋ᠧᠮ ᠤᠨ ᠳᠡᠰ ᠳᠡᠪᠰᠢᠭᠦᠯᠬᠦ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠳᠠᠮᠵᠢᠭᠤᠯᠬᠤ᠂ ᠡᠵᠡᠮᠳᠡᠬᠦ᠂ ᠬᠠᠮᠢᠶᠠᠷᠬᠤ᠂ ᠡᠵᠡᠩᠨᠡᠬᠦ ᠵᠡᠷᠭᠡ ᠤᠯᠠᠨ ᠰᠤᠷᠪᠤᠯᠵᠢᠲᠤ ᠳ᠋ᠠᠶᠢᠲ᠋ᠠ ᠶᠢ ᠬᠤᠷᠠᠮᠳᠤᠭᠤᠯᠤᠨ᠂ ᠦᠢᠯᠡᠳᠬᠦᠨ᠂ ᠲᠤᠨᠤᠭ ᠲᠦᠬᠦᠭᠡᠷᠦᠮᠵᠢ᠂ ᠠᠵᠤ ᠠᠬᠤᠶᠢᠯᠠᠯ ᠤᠨ ᠲᠣᠭᠠᠴᠢᠯᠠᠭᠰᠠᠨ᠂ ᠰᠦᠯᠵᠢᠶᠡᠵᠢᠭᠰᠡᠨ ᠪᠠ ᠣᠶᠣᠨᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠨᠢᠭᠡ ᠪᠦᠯᠦᠭ ᠠᠵᠢᠯ ᠲᠦᠷᠦᠯ ᠤᠨ ᠡᠭᠦᠯᠡᠨ ᠲᠠᠪᠴᠠᠩ ᠢ ᠬᠥᠮᠥᠵᠢᠭᠦᠯᠦᠨ᠂ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠯ᠎ᠡ ᠵᠠᠩᠭᠢᠯᠠᠭ᠎ᠠ ᠶᠢᠨ ᠳ᠋ᠠᠶᠢᠲ᠋ᠠ ᠶᠢᠨ ᠬᠡᠯᠬᠢᠶ᠎ᠡ ᠶᠢ ᠨᠡᠪᠲᠡᠷᠡᠭᠦᠯᠦᠨ᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠬᠦᠷᠢᠶ᠎ᠡ ᠬᠡᠪᠴᠢᠶᠡᠨ ᠤ ᠡᠯ᠎ᠡ ᠵᠠᠩᠭᠢᠯᠠᠭ᠎ᠠ ᠶᠢᠨ ᠲᠣᠮᠣ ᠳ᠋ᠠᠶᠢᠲ᠋ᠠ ᠶᠢᠨ ᠬᠡᠷᠡᠭᠯᠡᠯᠲᠡ ᠶᠢ ᠲᠦᠯᠬᠢᠨ ᠠᠬᠢᠭᠤᠯᠤᠨ᠎ᠠ᠃ ᠲᠤᠮᠤ ᠳ᠋ᠠᠶᠢᠲ᠋ᠠ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠲᠦᠢᠯ ᠤᠨ ᠣᠨᠣᠪᠴᠢᠲᠠᠢ ᠪᠠᠷ ᠰᠡᠷᠡᠵᠦ ᠮᠡᠳᠡᠬᠦ ᠶᠢ ᠠᠰᠢᠭᠯᠠᠨ᠂ ᠳ᠋ᠠᠶᠢᠲ᠋ᠠ ᠪᠣᠯᠣᠨ ᠮᠡᠳᠡᠯᠭᠡ ᠪᠠᠷ ᠰᠠᠭᠤᠷᠢᠯᠠᠭᠤᠯᠤᠭᠰᠠᠨ ᠰᠢᠨ᠎ᠡ ᠶᠢ ᠡᠭᠦᠳᠬᠦ ᠵᠢᠷᠤᠭ ᠲᠥᠯᠥᠪᠯᠡᠭᠡ ᠪᠠ ᠰᠤᠳᠤᠯᠤᠨ ᠨᠡᠭᠡᠭᠡᠯᠲᠡ ᠶᠢ ᠠᠬᠢᠭᠤᠯᠤᠨ᠎ᠠ︔ ᠲᠣᠮᠣ ᠳ᠋ᠠᠶᠢᠲ᠋ᠠ ᠶᠢᠨ ᠡᠵᠡᠮᠰᠢᠯ ᠢᠶᠠᠷ ᠳᠠᠮᠵᠢᠭᠤᠯᠤᠨ ᠠᠵᠢᠯᠯᠠᠬᠤ ᠴᠤᠪᠤᠷᠠᠯ ᠢ ᠰᠢᠯᠢᠳᠡᠭᠵᠢᠭᠦᠯᠵᠦ᠂ ᠰᠠᠭᠠᠳ ᠤᠨ ᠲᠥᠰᠦᠭᠡᠯᠡᠯ ᠪᠣᠯᠣᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠨ᠂ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠡᠨᠧᠷᠭᠢ ᠶᠢᠨ ᠬᠤᠷᠣᠭᠳᠠᠯ ᠢ ᠪᠠᠭᠠᠰᠬᠠᠨ᠎ᠠ︔ ᠬᠥᠮᠦᠨ ᠤ ᠬᠦᠴᠦ᠂ ᠡᠳ᠋ ᠤᠨ ᠶᠠᠪᠤᠳᠠᠯ᠂ ᠦᠢᠯᠡᠳᠪᠦᠷᠢᠯᠡᠵᠦ ᠦᠢᠯᠡᠳᠬᠦ᠂ ᠬᠤᠳᠠᠯᠳᠤᠨ ᠠᠪᠬᠤ ᠵᠡᠷᠭᠡ ᠵᠠᠩᠭᠢᠯᠠᠭ᠎ᠠ ᠶᠢᠨ ᠡᠵᠡᠩᠨᠡᠯᠲᠡ ᠶᠢᠨ ᠭᠤᠭᠴᠣᠭᠠᠨ ᠤ ᠳ᠋ᠠᠶᠢᠲ᠋ᠠ ᠶᠢ ᠬᠤᠷᠠᠮᠳᠤᠭᠤᠯᠤᠨ ᠠᠰᠢᠭᠯᠠᠵᠤ᠂ ᠬᠠᠮᠢᠶᠠᠷᠤᠯᠲᠠ ᠶᠢᠨ ᠦᠷ᠎ᠡ ᠪᠦᠲᠦᠭᠡᠯ ᠪᠣᠯᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ︔ ᠪᠣᠷᠣᠯᠠᠭᠤᠯᠬᠤ ᠠᠴᠠ ᠡᠮᠦᠨ᠎ᠡ᠂ ᠪᠤᠷᠤᠯᠠᠭᠤᠯᠬᠤ ᠳᠤᠮᠳᠠ᠂ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡᠨ ᠳᠠᠬᠢ ᠲᠣᠮᠣ ᠳ᠋ᠠᠶᠢᠲ᠋ᠠ ᠶᠢᠨ ᠰᠢᠨ᠎ᠡ ᠶᠢ ᠡᠭᠦᠳᠬᠦ ᠬᠡᠷᠡᠭᠯᠡᠯᠲᠡ ᠶᠢ ᠠᠬᠢᠭᠤᠯᠤᠨ᠎ᠠ᠃      ᠲᠤᠮᠤ ᠳ᠋ᠠᠶᠢᠲ᠋ᠠ ᠶᠢ ᠠᠰᠢᠭᠯᠠᠨ ᠳᠤᠮᠳᠠ ᠵᠢᠵᠢᠭ ᠠᠵᠤ ᠠᠬᠤᠶᠢᠯᠠᠯ ᠤᠨ ᠪᠦᠭᠡᠮᠨᠡᠷᠡᠨ ᠬᠥᠭᠵᠢᠬᠦ ᠶᠢ ᠲᠦᠷᠭᠡᠳᠬᠡᠨ᠂ ᠨᠢᠭᠡ ᠪᠦᠯᠦᠭ ᠪᠦᠬᠦ ᠠᠵᠤ ᠦᠢᠯᠡᠰ ᠤᠨ ᠬᠡᠯᠬᠢᠶᠡᠨ ᠳᠤ ᠬᠡᠷᠡᠭᠯᠡᠯᠲᠡ ᠶᠢᠨ ᠦᠢᠯᠡᠴᠢᠯᠡᠭᠡ ᠬᠠᠩᠭᠠᠬᠤ ᠴᠢᠨᠠᠷ ᠰᠠᠶᠢᠲᠠᠶ ᠠᠵᠤ ᠠᠬᠤᠶᠢᠯᠠᠯ ᠤᠨ ᠲᠠᠪᠴᠠᠩ ᠢ ᠪᠠᠶᠢᠭᠤᠯᠵᠤ᠂ ᠢᠵᠢ ᠪᠦᠷᠢᠳᠦᠭᠦᠯᠦᠭᠰᠡᠨ ᠳᠤᠮᠳᠠ ᠵᠢᠵᠢᠭ ᠠᠵᠤ ᠠᠬᠤᠶᠢᠯᠠᠯ ᠤᠨ ᠴᠤᠭᠯᠠᠷᠠᠯ ᠢ ᠳᠠᠭᠠᠭᠤᠯᠤᠨ᠂ ᠳᠡᠭᠡᠳᠦ ᠲᠤᠤᠷᠡᠳᠤ ᠤᠷᠤᠰᠬᠠᠯ ᠤᠨ ᠬᠤᠭᠤᠷᠣᠨᠳᠣ ᠪᠠᠨ ᠬᠠᠮᠵᠢᠯᠴᠠᠨ ᠦᠢᠯᠡᠳᠬᠦ ᠪᠠ ᠥᠪᠡᠷᠮᠢᠴᠡ ᠣᠨᠴᠠᠯᠢᠭ ᠲᠠᠢ ᠪᠠᠷ ᠦᠢᠯᠡᠳᠬᠦ ᠶᠢ ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠤᠳ ᠤᠨ ᠬᠤᠭᠤᠷᠣᠨᠳᠣ ᠲᠤᠮᠤ ᠳ᠋ᠠᠶᠢᠲ᠋ᠠ ᠶᠢᠨ ᠠᠳᠠᠯ ᠦᠢᠯᠡᠰ ᠴᠣᠭᠴᠠᠯᠠᠬᠤ ᠨᠡᠪᠴᠢᠭᠦᠯᠦᠭᠦᠷ᠂ ᠬᠠᠮᠵᠢᠯᠴᠠᠨ ᠰᠢᠨ᠎ᠡ ᠶᠢ ᠡᠭᠦᠳᠬᠦ᠂ ᠰᠦᠯᠵᠢᠶᠡᠨ ᠤ ᠤᠯᠠᠨ ᠨᠡᠶᠢᠲᠡ ᠳᠤ ᠳᠠᠭᠠᠭᠠᠴᠢᠯᠠᠭᠤᠯᠬᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠷ ᠰᠠᠭᠤᠷᠢᠯᠠᠭᠤᠯᠤᠭᠰᠠᠨ ᠠᠵᠤ ᠦᠢᠯᠡᠰ ᠤᠨ ᠬᠡᠯᠬᠢᠶ᠎ᠡ ᠶᠢᠨ ᠠᠮᠢ ᠠᠬᠤᠶ ᠶᠢ ᠪᠤᠶᠢᠵᠢᠭᠤᠯᠤᠨ᠎ᠠ᠃ ᠬᠥᠭᠵᠢᠭᠦᠯᠬᠦ ᠨᠢ ᠳᠠᠷᠤᠢ ᠦᠢᠯᠡᠴᠢᠯᠡᠬᠦ ᠵᠠᠭᠪᠤᠷ ᠢ ᠬᠥᠭᠵᠢᠭᠦᠯᠵᠦ᠂ ᠦᠢᠯᠡᠳᠪᠦᠷᠢᠯᠡᠯ ᠤᠨ ᠮᠠᠶ᠋ᠢᠭ ᠤᠨ ᠦᠢᠯᠡᠳᠬᠦ ᠪᠠᠶᠢᠭᠰᠠᠨ ᠠᠴᠠ ᠪᠠᠨ ᠦᠢᠯᠡᠴᠢᠯᠡᠭᠡᠨ ᠤ ᠮᠠᠶ᠋ᠢᠭ ᠤᠨ ᠦᠢᠯᠡᠳᠬᠦ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃      ︵ᠭᠤᠷᠪᠠ︶ ᠲᠤᠮᠤ ᠳ᠋ᠠᠶᠢᠲ᠋ᠠ ᠶᠢ ᠡᠨᠧᠷᠭᠢ ᠶᠢᠨ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠶᠢ ᠲᠦᠯᠬᠢᠨ ᠠᠬᠢᠭᠤᠯᠤᠨ᠎ᠠ᠃ ᠤᠶᠤᠨᠲᠤ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠲᠠᠯᠠᠪᠠᠶ᠂ ᠣᠶᠣᠨᠲᠦ ᠭᠡᠷᠡᠯ ᠸᠣᠯᠲ ᠤᠨ ᠴᠠᠬᠢᠯᠭᠠᠨ ᠥᠷᠲᠡᠭᠡ ᠵᠡᠷᠭᠡ ᠪᠡᠯᠡᠳᠬᠡᠮᠵᠢ ᠵᠢᠴᠢ ᠣᠶᠣᠨᠯᠢᠭ ᠠᠵᠢᠯᠯᠠᠭᠠᠨ ᠤ ᠲᠤᠮᠤ ᠳ᠋ᠠᠶᠢᠲ᠋ᠠ ᠶᠢᠨ ᠲᠠᠪᠴᠠᠩ ᠪᠠᠶᠢᠭᠤᠯᠬᠤ ᠶᠢ ᠵᠣᠷᠢᠬᠵᠢᠭᠤᠯᠤᠨ᠂ ᠰᠡᠷᠭᠦᠭᠡᠭᠳᠡᠬᠦ ᠡᠨᠧᠷᠭᠢ ᠶᠢᠨ ᠤᠶᠤᠨᠴᠢᠯᠠᠬᠰᠠᠨ ᠦᠢᠯᠡᠳᠪᠦᠷᠢᠯᠡᠯ ᠢ ᠪᠡᠶᠡᠯᠡᠭᠦᠯᠦᠨ᠎ᠡ᠃ ᠨᠡᠭᠦᠷᠡᠰᠦ᠂ ᠴᠢᠯᠠᠭᠤᠨ ᠲᠤᠰᠤ᠂ ᠰᠢᠲᠠᠮᠠᠬᠠᠢ ᠭᠡᠢ ᠮᠠᠯᠲᠠᠬᠤ᠂ ᠦᠢᠯᠡᠳᠪᠦᠷᠢᠯᠡᠯ ᠵᠢᠴᠢ ᠠᠰᠢᠭᠯᠠᠯᠲᠠ ᠶᠢᠨ ᠪᠥᠬᠦ ᠬᠡᠯᠬᠢᠶ᠎ᠡ ᠶᠢᠨ ᠣᠶᠣᠨᠴᠢᠯᠠᠭᠰᠠᠨ ᠥᠭᠡᠷᠡᠴᠢᠯᠡᠯᠲᠡ ᠶᠢ ᠵᠣᠷᠢᠬᠵᠢᠭᠤᠯᠤᠨ᠂ ᠴᠢᠯᠠᠭᠤᠵᠢᠮᠠᠯ ᠤᠨ ᠡᠨᠧᠷᠭᠢ ᠶᠢᠨ ᠪᠣᠬᠢᠷᠳᠤᠯ ᠦᠭᠡᠢ᠂ ᠴᠡᠪᠡᠷ ᠪᠠ ᠥᠨᠳᠥᠷ ᠪᠦᠲᠦᠮᠵᠢᠲᠡᠶ ᠦᠢᠯᠡᠳᠪᠦᠷᠢᠯᠡᠯ ᠢ ᠪᠡᠶᠡᠯᠡᠭᠦᠯᠦᠨ᠎ᠡ᠃ ᠴᠠᠬᠢᠯᠭᠠᠨ ᠬᠦᠴᠦᠨ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠬᠡᠷᠡᠭᠴᠡᠭᠡᠨ ᠤ ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠡᠨᠧᠷᠭᠢ ᠶᠢᠨ ᠣᠶᠣᠨᠴᠢᠯᠠᠭᠰᠠᠨ ᠬᠡᠷᠡᠭᠯᠡᠯᠲᠡ ᠶᠢ ᠬᠢᠨᠠᠨ ᠬᠡᠮᠵᠢᠬᠦ ᠪᠠ ᠣᠨᠣᠰᠢᠯᠠᠯᠲᠠ ᠶᠢᠨ ᠮᠡᠷᠭᠡᠵᠢᠯ ᠢ ᠲᠥᠭᠡᠮᠡᠯᠵᠢᠭᠦᠯᠦᠨ᠎ᠡ᠃ ᠮᠡᠳᠡᠭᠡ ᠵᠠᠩᠭᠢ ᠶᠢᠨ ᠰᠢᠰᠲ᠋ᠧᠮ ᠪᠣᠯᠤᠨ ᠹᠢᠽᠢᠺ ᠤᠨ ᠰᠢᠰᠲ᠋ᠧᠮ ᠠᠭᠤᠰᠤᠯᠴᠠᠭᠰᠠᠨ ᠡᠨᠧᠷᠭᠢ ᠶᠢᠨ ᠣᠶᠣᠨᠴᠢᠯᠠᠭᠰᠠᠨ ᠬᠡᠷᠡᠭᠯᠡᠯᠲᠡ ᠶᠢ ᠲᠣᠬᠢᠷᠠᠭᠤᠯᠤᠨ ᠡᠵᠡᠮᠳᠡᠬᠦ ᠰᠢᠰᠲ᠋ᠧᠮᠵᠢ ᠶᠢ ᠪᠠᠶᠢᠭᠤᠯᠵᠤ᠂ ᠡᠨᠧᠷᠭᠢ ᠶᠢᠨ ᠦᠢᠯᠡᠳᠪᠦᠷᠢᠯᠡᠯ ᠬᠢᠭᠡᠳ ᠬᠡᠷᠡᠭᠯᠡᠭᠡ ᠶᠢᠨ ᠲᠦᠷᠭᠡᠨ ᠲᠤᠰᠬᠠᠬᠤ ᠪᠠ ᠨᠠᠷᠢᠯᠢᠬ ᠣᠨᠣᠪᠴᠢᠲᠠᠶ ᠡᠵᠡᠮᠳᠡᠬᠦ ᠶᠢ ᠪᠡᠶᠡᠯᠡᠭᠦᠯᠦᠨ᠎ᠡ᠃ ᠡᠨᠧᠷᠭᠢ ᠶᠢᠨ ᠦᠵᠦᠭᠦᠷᠯᠢᠭ ᠬᠡᠷᠡᠭᠯᠡᠭᠴᠢᠳ ᠲᠤ ᠬᠠᠨᠳᠤᠭᠤᠯᠤᠭᠰᠠᠨ ᠡᠨᠧᠷᠭᠢ ᠬᠡᠷᠡᠭᠯᠡᠬᠦ ᠲᠤᠮᠤ ᠳ᠋ᠠᠶᠢᠲ᠋ᠠ ᠶᠢᠨ ᠮᠡᠳᠡᠭᠡ ᠵᠠᠩᠭᠢ ᠶᠢᠨ ᠦᠢᠯᠡᠴᠢᠯᠡᠭᠡ ᠬᠢᠬᠦ ᠶᠢ ᠵᠣᠷᠢᠬᠵᠢᠭᠤᠯᠤᠨ᠂ ᠡᠨᠧᠷᠭᠢ ᠬᠡᠷᠡᠭᠯᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠰᠡᠷᠡᠵᠦ ᠮᠡᠳᠡᠬᠦ ᠪᠠ ᠬᠥᠳᠡᠯᠦᠩᠭᠦᠶ ᠵᠠᠳᠠᠯᠤᠯᠲᠠ ᠬᠢᠵᠦ᠂ ᠡᠨᠧᠷᠭᠢ ᠶᠢ ᠣᠶᠣᠨᠴᠢᠯᠠᠨ ᠬᠡᠷᠡᠭᠯᠡᠬᠦ ᠶᠢ ᠠᠯᠤᠰ ᠠᠴᠠ᠂ ᠨᠦᠭᠦᠷᠰᠡᠭ ᠢᠶᠠᠷ᠂ ᠬᠠᠷᠢᠯᠴᠠᠨ ᠬᠦᠳᠡᠯᠦᠯᠴᠡᠵᠦ ᠡᠵᠡᠮᠳᠡᠨ᠎ᠡ᠃ ᠡᠯ᠎ᠡ ᠭᠠᠵᠠᠷ ᠣᠷᠣᠨ ᠢ ᠵᠣᠷᠢᠬᠵᠢᠭᠤᠯᠵᠤ ᠪᠠᠶᠢᠭᠠᠳ ᠨᠡᠭᠦᠷᠡᠰᠦ᠂ ᠴᠠᠬᠢᠯᠭᠠᠨ ᠬᠦᠴᠦ᠂ ᠴᠢᠯᠠᠭᠤᠨ ᠲᠤᠰᠤ᠂ ᠪᠠᠶᠢᠭᠠᠯᠢ ᠶᠢᠨ ᠰᠢᠲᠠᠮᠬᠠᠢ ᠬᠡᠢ᠂ ᠰᠡᠷᠭᠦᠭᠡᠭᠳᠡᠬᠦ ᠡᠨᠧᠷᠭᠢ ᠵᠡᠷᠭᠡ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠤᠮᠤ ᠳ᠋ᠠᠶᠢᠲ᠋ᠠ ᠶᠢᠨ ᠬᠡᠷᠡᠭᠯᠡᠭᠡᠨ ᠤ ᠤᠯᠠᠨ ᠲᠡᠰ ᠳᠠᠪᠬᠤᠷᠭᠠᠲᠤ ᠰᠢᠰᠲ᠋ᠧᠮᠵᠢ ᠶᠢ ᠪᠦᠲᠦᠭᠡᠨ ᠪᠠᠶᠢᠭᠤᠯᠵᠤ᠂ ᠡᠨᠧᠷᠭᠢ ᠶᠢᠨ ᠦᠢᠯᠡᠳᠪᠦᠷᠢᠯᠡᠯ᠂ ᠲᠡᠭᠡᠭᠡᠪᠦᠷᠢ᠂ ᠬᠡᠷᠡᠭᠯᠡᠭᠡ ᠵᠡᠷᠭᠡ ᠬᠠᠮᠢᠶ᠎ᠠ ᠪᠦᠬᠦᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳ᠋ᠠᠶᠢᠲ᠋ᠠ ᠶᠢᠨ ᠴᠤᠭᠯᠠᠷᠠᠯ᠂ ᠬᠠᠮᠲᠤ ᠪᠠᠷ ᠡᠳ᠋ᠯᠡᠬᠦ ᠪᠠ ᠬᠡᠷᠡᠭᠯᠡᠭᠡᠨ ᠢ ᠪᠡᠶᠡᠯᠡᠭᠦᠯᠦᠨ᠎ᠡ᠃ ᠴᠢᠯᠠᠭᠤᠨ ᠲᠣᠰᠣ᠂ ᠴᠠᠬᠢᠯᠭᠠᠨ ᠬᠦᠴᠦ᠂ ᠪᠠᠶᠢᠭᠠᠯᠢ ᠶᠢᠨ ᠰᠢᠲᠠᠮᠠᠬᠠᠶ ᠬᠡᠢ ᠵᠡᠷᠭᠡ ᠴᠤᠪᠤᠷᠠᠯ ᠢ ᠦᠢᠯᠡᠳᠬᠦ ᠠᠵᠤ ᠠᠬᠤᠶᠢᠯᠠᠯ ᠤᠨ ᠪᠦᠯᠦᠭᠯᠡᠯ ᠤᠨ ᠲᠤᠮᠤ ᠳ᠋ᠠᠶᠢᠲ᠋ᠠ ᠶᠢᠨ ᠲᠠᠪᠴᠠᠩ ᠢ ᠨᠡᠭᠡᠭᠡᠨ ᠬᠥᠭᠵᠢᠭᠦᠯᠬᠦ ᠪᠠ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠳᠡᠮᠵᠢᠨ᠎ᠡ᠃ ᠰᠠᠯᠬᠢᠨ ᠬᠦᠴᠦ᠂ ᠭᠡᠷᠡᠯ ᠸᠣᠯᠲ᠂ ᠨᠡᠭᠦᠷᠡᠰᠦᠨ ᠳᠠᠪᠬᠤᠷᠭ᠎ᠠ ᠶᠢᠨ ᠭᠡᠢ᠂ ᠵᠠᠨᠠᠷ ᠤᠨ ᠬᠡᠢ ᠵᠡᠷᠭᠡ ᠡᠯ᠎ᠡ ᠵᠦᠢᠯ ᠤᠨ ᠰᠢᠨ᠎ᠡ ᠡᠨᠧᠷᠭᠢ ᠶᠢᠨ ᠳ᠋ᠠᠶᠢᠲ᠋ᠠ ᠶᠢ ᠡᠮᠬᠢᠯᠡᠨ ᠨᠡᠶᠢᠯᠡᠭᠦᠯᠬᠦ ᠶᠢ ᠬᠦᠴᠦᠯᠡᠨ ᠠᠬᠢᠭᠤᠯᠵᠤ᠂ ᠲᠣᠮᠣ ᠳ᠋ᠠᠶᠢᠲ᠋ᠠ ᠶᠢ ᠠᠰᠢᠭᠯᠠᠨ ᠰᠢᠨ᠎ᠡ ᠡᠨᠧᠷᠭᠢ ᠶᠢ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ︵ᠲᠥᠷᠪᠡ︶ ᠲᠤᠮᠤ ᠳ᠋ᠠᠶᠢᠲ᠋ᠠ ᠶᠢ ᠦᠢᠯᠡᠴᠢᠯᠡᠭᠡᠨ ᠤ ᠦᠢᠯᠡᠰ ᠯᠦᠭᠡ ᠭᠦᠨ ᠠᠭᠤᠰᠤᠯᠴᠠᠭᠤᠯᠬᠤ ᠶᠢ ᠲᠦᠯᠬᠢᠨ ᠠᠬᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ᠂ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠦᠢᠯᠡᠴᠢᠯᠡᠭᠡ ᠵᠡᠷᠭᠡ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠲᠠᠬᠢ ᠲᠣᠮᠣ ᠳ᠋ᠠᠶᠢᠲ᠋ᠠ ᠶᠢᠨ ᠬᠡᠷᠡᠭᠯᠡᠯᠲᠡ ᠶᠢ ᠴᠢᠩᠭᠠᠳᠬᠠᠵᠤ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠲᠤᠰᠬᠠᠶᠢᠵᠢᠬᠤ ᠪᠠ ᠦᠷᠳᠡᠭ ᠤᠨ ᠬᠡᠯᠬᠢᠶᠡᠨ ᠤ ᠳᠡᠭᠡᠳᠦ ᠳᠡᠰ ᠲᠠᠰᠢ ᠥᠷᠭᠦᠯᠵᠢᠯᠡᠬᠦ ᠶᠢ ᠠᠬᠢᠭᠤᠯᠤᠨ᠎ᠠ᠃ ᠵᠢᠭᠤᠯᠴᠢᠯᠠᠯ᠂ ᠬᠤᠳᠠᠯᠳᠤᠭ᠎ᠠ ᠠᠷᠠᠯᠵᠢᠶᠠᠨ ᠤ ᠭᠦᠢᠯᠭᠡᠭᠡ᠂ ᠭᠡᠷ ᠭᠠᠵᠠᠷ ᠬᠥᠷᠥᠩᠭᠡ ᠶᠢᠨ ᠠᠵᠤ ᠦᠢᠯᠡᠰ᠂ ᠰᠣᠶᠣᠯ ᠤᠨ ᠠᠵᠤ ᠦᠢᠯᠡᠰ᠂ ᠪᠡᠶ᠎ᠡ ᠶᠢᠨ ᠲᠠᠮᠢᠷ ᠤᠨ ᠠᠵᠤ ᠦᠢᠯᠡᠰ᠂ ᠰᠠᠭᠤᠭᠠᠯᠢ ᠠᠷᠠᠳ ᠪᠠ ᠭᠡᠷ ᠪᠦᠯᠢ ᠶᠢᠨ ᠦᠢᠯᠡᠴᠢᠯᠡᠭᠡ᠂ ᠡᠷᠡᠭᠦᠯ ᠮᠡᠨᠳᠦ ᠶᠢᠨ ᠦᠢᠯᠡᠴᠢᠯᠡᠭᠡ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠲᠠᠬᠢ ᠲᠣᠮᠣ ᠳ᠋ᠠᠶᠢᠲ᠋ᠠ ᠶᠢᠨ ᠬᠡᠷᠡᠭᠯᠡᠯᠲᠡ ᠶᠢ ᠴᠢᠩᠭᠠᠳᠬᠠᠵᠤ᠂ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠳᠥᠭᠦᠮ ᠳᠥᠲᠡ᠂ ᠨᠠᠷᠢᠯᠢᠬ᠂ ᠴᠢᠨᠠᠷᠵᠢᠭᠤᠨ ᠬᠥᠭᠵᠢᠬᠦ ᠶᠢ ᠠᠬᠢᠭᠤᠯᠤᠨ᠎ᠠ᠃ ᠲᠤᠮᠤ ᠳ᠋ᠠᠶᠢᠲ᠋ᠠ ᠪᠠᠷ ᠰᠠᠭᠤᠷᠢᠯᠠᠭᠤᠯᠤᠭᠰᠠᠨ ᠲᠦᠭᠡᠮᠡᠯ ᠬᠠᠷᠠᠭᠠᠯᠵᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠲᠣᠮᠣ ᠳ᠋ᠠᠶᠢᠲ᠋ᠠ ᠵᠡᠷᠭᠡ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠪᠠ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ᠃      ︵ᠲᠠᠪᠤ︶ ᠤᠯᠠᠨ ᠲᠠᠯ᠎ᠠ ᠶᠢᠨ ᠳ᠋ᠠᠶᠢᠲ᠋ᠠ ᠶᠢᠨ ᠠᠭᠤᠰᠤᠯᠴᠠᠯ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠤᠨ᠎ᠠ᠃ ᠬᠦᠷᠢᠶ᠎ᠡ ᠬᠡᠪᠴᠢᠶ᠎ᠡ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠳ᠋ᠠᠶᠢᠲ᠋ᠠ ᠶᠢᠨ ᠠᠭᠤᠰᠤᠯᠴᠠᠯ ᠪᠠ ᠬᠠᠮᠵᠢᠯᠴᠠᠭ᠎ᠠ ᠶᠢᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠴᠠᠬᠢᠯᠭᠠᠨ ᠬᠤᠯᠪᠣᠭ᠎ᠠ᠂ ᠢᠨᠲ᠋ᠧᠷ ᠰᠦᠯᠵᠢᠶ᠎ᠡ᠂ ᠮᠥᠩᠭᠦᠨ ᠭᠦᠢᠯᠭᠡᠭᠡᠨ᠂ ᠠᠮᠤᠷ ᠮᠡᠨᠳᠤ᠂ ᠵᠠᠮ ᠬᠠᠷᠢᠯᠴᠠᠭ᠎ᠠ ᠵᠡᠷᠭᠡ ᠬᠦᠷᠢᠶ᠎ᠡ ᠬᠡᠪᠴᠢᠶᠡᠨ ᠳᠠᠬᠢ ᠤᠯᠠᠨ ᠲᠠᠯ᠎ᠠ ᠶᠢᠨ ᠳ᠋ᠠᠶᠢᠲ᠋ᠠ ᠶᠢᠨ ᠠᠭᠤᠰᠤᠯᠴᠠᠭᠰᠠᠨ ᠬᠡᠷᠡᠭᠯᠡᠯᠲᠡ ᠶᠢ ᠦᠷᠨᠢᠭᠦᠯᠵᠦ᠂ ᠨᠢᠭᠡ ᠪᠦᠯᠦᠭ ᠤᠯᠠᠨ ᠲᠠᠯ᠎ᠠ ᠶᠢᠨ ᠳ᠋ᠠᠶᠢᠲ᠋ᠠ ᠶᠢᠨ ᠠᠭᠤᠰᠤᠯᠴᠠᠭᠰᠠᠨ ᠬᠡᠷᠡᠭᠯᠡᠭᠡᠨ ᠤ ᠰᠢᠨ᠎ᠡ ᠶᠢ ᠡᠭᠦᠳᠬᠦ ᠲᠠᠪᠴᠠᠩ ᠢ ᠪᠦᠲᠦᠭᠡᠨ ᠪᠠᠶᠢᠭᠤᠯᠵᠤ᠂ ᠮᠡᠷᠭᠡᠵᠢᠯ ᠤᠨ ᠴᠢᠳᠠᠪᠤᠷᠢ ᠪᠠᠷ ᠴᠢᠩᠭ᠎ᠠ᠂ ᠲᠤᠰᠬᠠᠶᠢᠵᠢᠭᠰᠠᠨ ᠬᠡᠮᠵᠢᠶ᠎ᠡ ᠪᠠᠷ ᠥᠨᠳᠥᠷ ᠠᠵᠢᠯ ᠲᠦᠷᠦᠯ ᠠᠯᠤᠰᠯᠠᠨ ᠠᠭᠤᠰᠤᠯᠴᠠᠬᠤ ᠬᠡᠷᠡᠭᠯᠡᠭᠡᠨ ᠤ ᠬᠡᠯᠪᠡᠷᠢ ᠶᠢᠨ ᠲᠤᠮᠤ ᠳ᠋ᠠᠶᠢᠲ᠋ᠠ ᠶᠢᠨ ᠠᠵᠤ ᠠᠬᠤᠶᠢᠯᠠᠯ ᠢ ᠪᠤᠶᠢᠵᠢᠭᠤᠯᠵᠤ᠂ ᠰᠢᠨ᠎ᠡ ᠪᠠᠷ ᠪᠤᠢ ᠪᠣᠯᠣᠭᠰᠠᠨ ᠠᠵᠤ ᠦᠢᠯᠡᠰ ᠤᠨ ᠬᠥᠭᠵᠢᠯᠲᠡ ᠪᠣᠯᠣᠨ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠨ᠂ ᠬᠠᠮᠵᠢᠯᠴᠠᠨ ᠬᠥᠭᠵᠢᠬᠦ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢ ᠬᠠᠶᠢᠨ ᠰᠦᠪᠡᠭᠴᠢᠯᠡᠨ ᠪᠣᠢ ᠪᠣᠯᠭᠠᠵᠤ᠂ ᠰᠢᠨ᠎ᠡ ᠨᠡᠮᠡᠭᠳᠡᠯ ᠤᠨ ᠴᠡᠭ ᠢ ᠬᠥᠮᠥᠵᠢᠭᠦᠯᠦᠨ᠎ᠡ᠃ ᠤᠯᠠᠨ ᠲᠠᠯ᠎ᠠ ᠶᠢᠨ ᠲᠤᠭ᠎ᠠ ᠪᠠᠷᠢᠮᠲᠠ ᠶᠢ ᠨᠡᠶᠢᠯᠡᠭᠦᠯᠦᠭᠰᠡᠨ ᠪᠠᠶᠢᠳᠠᠯ ᠳᠣᠣᠷᠠᠬᠢ ᠲᠤᠭ᠎ᠠ ᠪᠠᠷᠢᠮᠲᠠ ᠶᠢᠨ ᠠᠮᠤᠷ ᠲᠦᠪᠰᠢᠨ ᠬᠢᠭᠡᠳ ᠨᠢᠭᠤᠴᠠ ᠶᠢ ᠬᠠᠮᠠᠭᠠᠯᠠᠬᠤ ᠲᠦᠷᠢᠮ ᠲᠣᠭᠲᠠᠭᠠᠯ ᠪᠠ ᠮᠡᠷᠭᠡᠵᠢᠯ ᠤᠨ ᠪᠠᠷᠢᠮᠵᠢᠶ᠎ᠠ ᠶᠢ ᠵᠢᠭᠠᠵᠤ ᠢᠳᠡᠪᠬᠢᠲᠡᠢ ᠰᠦᠪᠡᠭᠴᠢᠯᠡᠨ ᠪᠠᠶᠢᠭᠤᠯᠤᠨ᠎ᠠ᠃     ᠲᠦᠷᠪᠡ᠂ ᠭᠤᠣᠯ ᠡᠭᠦᠷᠭᠡ      ︵ᠨᠢᠭᠡ︶ ᠲᠤᠮᠤ ᠳ᠋ᠠᠶᠢᠲ᠋ᠠ ᠪᠣᠯᠤᠨ ᠠᠵᠤ ᠦᠢᠯᠡᠰ ᠢ ᠭᠦᠨ ᠠᠭᠤᠰᠤᠯᠴᠠᠭᠤᠯᠤᠨ ᠵᠢᠱᠢᠶ᠎ᠡ ᠦᠵᠡᠭᠦᠯᠬᠦ ᠶᠢ ᠬᠡᠷᠡᠭᠵᠢᠭᠦᠯᠦᠨ᠎ᠡ᠃ ᠭᠤᠣᠯᠳᠠᠯᠭ᠎ᠠ ᠲᠠᠢ ᠠᠵᠤ ᠦᠢᠯᠡᠰ ᠪᠤᠯᠤᠨ ᠠᠵᠤ ᠦᠢᠯᠡᠰ ᠤᠨ ᠬᠡᠯᠬᠢᠶ᠎ᠡ ᠶᠢ ᠴᠢᠬᠤᠯᠠᠴᠢᠯᠠᠵᠦ᠂ ᠬᠦᠲᠦᠴᠢ ᠠᠵᠤ ᠠᠬᠤᠶᠢᠯᠠᠯ ᠢᠶᠠᠷ ᠭᠤᠤᠯᠳᠠᠭᠤᠯᠵᠦ᠂ ᠲᠤᠮᠤ ᠳ᠋ᠠᠶᠢᠲ᠋ᠠ ᠪᠣᠯᠣᠨ ᠲᠠᠷᠢᠶᠠᠯᠠᠩ ᠮᠠᠯ ᠠᠵᠤ ᠠᠬᠤᠶ᠂ ᠠᠵᠤ ᠦᠢᠯᠡᠳᠪᠦᠷᠢ᠂ ᠡᠨᠧᠷᠭᠢ᠂ ᠦᠢᠯᠡᠴᠢᠯᠡᠭᠡᠨ ᠤ ᠦᠢᠯᠡᠰ ᠵᠡᠷᠭᠡ ᠶᠢ ᠭᠦᠨ ᠠᠭᠤᠰᠤᠯᠴᠠᠭᠤᠯᠤᠨ ᠵᠢᠱᠢᠶ᠎ᠡ ᠦᠵᠡᠭᠦᠯᠬᠦ ᠶᠢ ᠦᠷᠨᠢᠬᠦᠯᠦᠨ᠎ᠠ᠃ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ ᠶᠣᠰᠣᠭᠠᠷ᠂ ᠠᠵᠤ ᠠᠬᠤᠶᠢᠯᠠᠯ ᠤᠨ ᠠᠵᠢᠯ ᠲᠥᠷᠥᠯ ᠤᠨ ᠲᠤᠮᠤ ᠳ᠋ᠠᠶᠢᠲ᠋ᠠ ᠶᠢᠨ ᠡᠭᠦᠯᠡᠨ ᠲᠠᠪᠴᠠᠩ ᠪᠠᠶᠢᠭᠤᠯᠬᠤ ᠶᠢ ᠲᠦᠯᠬᠢᠨ ᠠᠬᠢᠭᠤᠯᠵᠤ᠂ ᠠᠵᠤ ᠦᠢᠯᠡᠰ ᠤᠨ ᠪᠦᠬᠦ ᠬᠡᠯᠬᠢᠶ᠎ᠡ᠂ ᠠᠮᠢ ᠨᠠᠰᠤᠨ ᠤ ᠪᠦᠬᠦ ᠦᠶᠡᠯᠡᠯ ᠤᠨ ᠬᠤᠭᠤᠴᠠᠭ᠎ᠠ ᠶᠢᠨ ᠲᠣᠭᠤᠷᠢᠨ ᠳᠤ ᠠᠵᠤ ᠦᠢᠯᠡᠰ ᠤᠨ ᠠᠮᠢ ᠠᠬᠤᠶ ᠶᠢᠨ ᠭᠤᠣᠯ ᠳ᠋ᠠᠶᠢᠲ᠋ᠠ ᠶᠢ ᠨᠡᠪᠲᠡᠷᠡᠭᠦᠯᠵᠦ᠂ ᠲᠣᠭᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠭᠰᠠᠨ ᠥᠭᠡᠷᠡᠴᠢᠯᠡᠯᠲᠡ ᠶᠢ ᠲᠦᠷᠭᠡᠳᠬᠡᠨ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠮᠡᠷᠭᠡᠵᠢᠯ ᠢ ᠰᠢᠨᠡᠳᠬᠡᠬᠦ᠂ ᠬᠤᠳᠠᠯᠳᠤᠭᠠᠨ ᠤ ᠬᠡᠪ ᠵᠠᠭᠪᠤᠷ ᠤᠨ ᠰᠢᠨ᠎ᠡ ᠶᠢ ᠡᠭᠦᠳᠬᠦ ᠪᠠ ᠦᠢᠯᠡᠳᠬᠦᠨ ᠤ ᠬᠠᠩᠭᠠᠯᠭ᠎ᠠ ᠶᠢ ᠰᠢᠨᠡᠴᠢᠯᠡᠬᠦ ᠶᠢ ᠲᠦᠯᠬᠢᠨ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠤᠨ᠎ᠠ᠃ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠨᠡᠶᠢᠲᠡᠯᠢᠭ ᠵᠢᠱᠢᠶ᠎ᠡ ᠦᠵᠡᠭᠦᠯᠬᠦ ᠲᠦᠷᠦᠯ ᠵᠦᠢᠯ ᠢ ᠥᠪᠡᠷᠲᠡᠭᠡᠨ ᠵᠠᠰᠠᠬᠤ ᠣᠷᠣᠨ ᠵᠢᠯ ᠪᠦᠷᠢ 30᠎ ᠠᠴᠠ ᠳᠡᠭᠡᠭᠰᠢ᠂ ᠠᠶᠢᠮᠠᠭ ᠬᠤᠳᠠ ᠨᠢᠭᠡᠪᠦᠷᠢ 20᠎ ᠠᠴᠠ ᠳᠡᠭᠡᠭᠰᠢ ᠵᠣᠬᠢᠶᠠᠨ ᠪᠠᠶᠢᠭᠤᠯᠤᠨ ᠬᠡᠷᠡᠭᠵᠢᠬᠦᠯᠵᠦ᠂ ᠨᠥᠬᠦᠴᠡᠯ ᠲᠠᠢ ᠬᠤᠰᠢᠭᠤ ᠰᠢᠶᠠᠨ ︵ᠬᠤᠳᠠ᠂ ᠲᠣᠭᠤᠷᠢᠭ︶ ᠴᠤ ᠨᠢᠭᠡ ᠪᠦᠯᠦᠭ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠬᠤᠶᠠᠷ︶ ᠲᠤᠮᠤ ᠳ᠋ᠠᠶᠢᠲ᠋ᠠ ᠶᠢᠨ ᠬᠠᠮᠢᠶᠠᠷᠤᠯᠲᠠ ᠪᠣᠯᠤᠨ ᠡᠵᠡᠩᠨᠡᠯᠲᠡ ᠶᠢᠨ ᠲᠠᠪᠴᠠᠩ ᠪᠠᠶᠢᠭᠤᠯᠤᠨ᠎ᠠ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤᠪᠠᠷ ᠡᠳ᠋ᠯᠡᠵᠦ ᠴᠢᠯᠥᠭᠡᠲᠡᠶ ᠨᠡᠭᠡᠭᠡᠬᠦ ᠶᠢ ᠲᠦᠷᠭᠡᠳᠬᠡᠨ᠂ ᠳ᠋ᠠᠶᠢᠲ᠋ᠠ ᠶᠢᠨ ᠡᠬᠢ ᠪᠠᠶᠠᠯᠢᠭ ᠤᠨ ᠬᠤᠷᠢᠭ᠎ᠠ ᠰᠠᠭᠠᠳ ᠢ ᠡᠪᠳᠡᠵᠦ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠨᠡᠶᠢᠭᠡᠮ ᠤᠨ ᠳ᠋ᠠᠶᠢᠲ᠋ᠠ ᠯᠤᠭ᠎ᠠ ᠠᠭᠤᠰᠤᠯᠴᠠᠭᠰᠠᠨ ᠬᠡᠷᠡᠭᠯᠡᠯᠲᠡ ᠶᠢ ᠲᠦᠯᠬᠢᠨ ᠠᠬᠢᠭᠤᠯᠤᠨ᠎ᠠ᠃ ᠵᠠᠰᠠᠭ ᠤᠨ ᠣᠷᠳᠣᠨ ᠤ ᠬᠠᠮᠢᠶᠠᠷᠤᠯᠲᠠ ᠬᠢᠭᠡᠳ ᠵᠢᠯᠣᠭᠤᠳᠤᠮᠵᠢ᠂ ᠵᠠᠬ᠎ᠠ ᠳᠡᠯᠭᠡᠭᠦᠷ ᠤᠨ ᠡᠵᠡᠩᠨᠡᠯᠲᠡ ᠬᠢᠭᠡᠳ ᠦᠢᠯᠡᠴᠢᠯᠡᠭᠡᠨ ᠤ ᠬᠤᠣᠰ ᠴᠢᠭᠯᠡᠯᠲᠦ ᠦᠢᠯᠡᠳᠦᠯ ᠢ ᠪᠠᠳᠠᠷᠠᠭᠤᠯᠵᠤ᠂ ᠨᠢᠭᠡ ᠪᠦᠯᠦᠭ ᠤᠯᠤᠰ ᠤᠨ ᠦᠮᠴᠢᠯᠡᠯᠲᠦ ᠭᠦᠷᠦᠩᠭᠡ ᠶᠢᠨ ᠬᠤᠪᠢ ᠡᠵᠡᠮᠳᠡᠵᠦ᠂ ᠠᠷᠠᠳ ᠤᠨ ᠡᠵᠡᠩᠨᠡᠯᠲᠡ ᠶᠢᠨ ᠬᠦᠷᠦᠩᠭᠡ ᠣᠷᠣᠯᠴᠠᠭᠰᠠᠨ ᠬᠤᠯᠢᠮᠠᠭ ᠦᠮᠴᠢᠯᠡᠯᠲᠦ ᠲᠤᠮᠤ ᠳ᠋ᠠᠶᠢᠲ᠋ᠠ ᠶᠢᠨ ᠡᠵᠡᠩᠨᠡᠯᠲᠡ ᠶᠢᠨ ᠺᠣᠮᠫᠠᠨᠢ ᠪᠠᠶᠢᠭᠤᠯᠤᠨ᠎ᠠ᠃ ᠳ᠋ᠠᠶᠢᠲ᠋ᠠ ᠶᠢᠨ ᠡᠬᠢ ᠪᠠᠶᠠᠯᠢᠭ ᠤᠨ ᠭᠦᠢᠯᠭᠡᠭᠡ ᠶᠢ ᠲᠦᠯᠬᠢᠨ ᠠᠬᠢᠭᠤᠯᠵᠤ᠂ ᠲᠤᠮᠤ ᠳ᠋ᠠᠶᠢᠲ᠋ᠠ ᠶᠢᠨ ᠭᠦᠢᠯᠭᠡᠭᠡ ᠶᠢᠨ ᠲᠠᠪᠴᠠᠩ ᠪᠠᠶᠢᠭᠤᠯᠤᠨ᠂ ᠳ᠋ᠠᠶᠢᠲ᠋ᠠ ᠶᠢᠨ ᠲᠤᠯᠭᠠᠭᠤᠷᠢᠯᠠᠯ ᠪᠣᠯᠣᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ᠃ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠳ᠋ᠠᠶᠢᠲ᠋ᠠ ᠶᠢᠨ ᠠᠮᠤᠷ ᠲᠦᠪᠰᠢᠨ ᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠭᠦᠢᠯᠭᠡᠭᠡ ᠶᠢᠨ ᠲᠥᠪ ᠪᠠᠶᠢᠭᠤᠯᠤᠨ᠂ ᠲᠤᠮᠤ ᠳ᠋ᠠᠶᠢᠲ᠋ᠠ ᠶᠢᠨ ᠡᠵᠡᠩᠨᠡᠯᠲᠡ ᠶᠢᠨ ᠬᠤᠳᠠᠯᠳᠤᠭᠠᠴᠢᠨ ᠢ 3 — 5 ᠡᠷᠦᠭᠡ ᠪᠤᠶᠢᠵᠢᠭᠤᠯᠤᠨ᠎ᠠ᠃      ︵ᠭᠤᠷᠪᠠ︶ ᠠᠵᠤ ᠠᠬᠤᠶᠢᠯᠠᠯ ᠤᠨ ᠡᠭᠦᠯᠡᠨ ᠲᠠᠪᠴᠠᠩ ᠳᠤ ᠭᠠᠷᠬᠤ ᠶᠢ ᠲᠦᠯᠬᠢᠨ ᠠᠬᠢᠭᠤᠯᠤᠨ᠎ᠠ᠃ ᠠᠵᠤ ᠦᠢᠯᠡᠰ ᠤᠨ ᠪᠠᠶᠢᠷᠢᠯᠠᠮᠵᠢ᠂ ᠮᠡᠷᠭᠡᠵᠢᠯ᠂ ᠵᠠᠬ᠎ᠠ ᠳᠡᠯᠭᠡᠭᠦᠷ᠂ ᠦᠢᠯᠡᠴᠢᠯᠡᠭᠡ ᠪᠠᠷ ᠭᠤᠣᠯ ᠬᠥᠳᠡᠯᠭᠡᠬᠦ ᠬᠦᠴᠦ ᠪᠣᠯᠭᠠᠨ ᠂ ᠠᠵᠤ ᠦᠢᠯᠡᠰ ᠤᠨ ᠲᠤᠮᠤ ᠳ᠋ᠠᠶᠢᠲ᠋ᠠ ᠶᠢᠨ ᠡᠭᠦᠯᠡᠨ ᠲᠠᠪᠴᠠᠩ ᠢᠶᠠᠷ ᠲᠤᠯᠭᠠᠭᠤᠷᠢᠯᠠᠯ ᠪᠣᠯᠭᠠᠵᠤ᠂ ᠠᠵᠤ ᠠᠬᠤᠶᠢᠯᠠᠯ ᠤᠨ ᠬᠠᠮᠢᠶᠠᠷᠤᠯᠲᠠ ᠪᠠ ᠲᠤᠬᠠᠶᠢᠯᠠᠭᠰᠠᠨ ᠠᠵᠢᠯ ᠤᠨ ᠡᠭᠦᠯᠡᠨ ᠲᠠᠪᠴᠠᠩ ᠳᠤ ᠭᠠᠷᠬᠤ ᠶᠢ ᠲᠦᠷᠭᠡᠳᠬᠡᠨ ᠠᠬᠢᠭᠤᠯᠵᠤ᠂ ᠡᠭᠦᠯᠡᠨ ᠲᠠᠪᠴᠠᠩ ᠳᠤ ᠬᠠᠳᠠᠭᠠᠯᠠᠬᠤ᠂ ᠪᠣᠳᠣᠯᠲᠠ᠂ ᠲᠠᠪᠴᠠᠩ᠂ ᠵᠥᠭᠡᠯᠡᠨ ᠲᠣᠨᠤᠭ᠂ ᠳ᠋ᠠᠶᠢᠲ᠋ᠠ᠂ ᠬᠡᠷᠡᠭᠯᠡᠯᠲᠡ ᠵᠡᠷᠭᠡ ᠳᠤ ᠰᠠᠭᠤᠷᠢᠯᠠᠭᠰᠠᠨ ᠦᠢᠯᠡᠴᠢᠯᠡᠭᠡ ᠬᠢᠵᠦ᠂ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠪᠠᠶᠢᠭᠤᠯᠬᠤ ᠥᠪᠡᠷ ᠤᠨ ᠦᠷᠳᠡᠭ ᠢ ᠪᠠᠭᠤᠷᠠᠭᠤᠯᠤᠨ᠂ ᠬᠠᠮᠲᠤ ᠳᠠᠭᠠᠨ ᠡᠳ᠋ᠯᠡᠬᠦ ᠠᠵᠢᠯ ᠲᠥᠷᠥᠯ ᠤᠨ ᠠᠮᠢ ᠠᠬᠤᠶ ᠶᠢᠨ ᠲᠣᠮᠣ ᠳ᠋ᠠᠶᠢᠲ᠋ᠠ ᠶᠢ ᠴᠤᠭᠯᠠᠷᠠᠭᠤᠯᠵᠤ᠂ ᠠᠵᠤ ᠠᠬᠤᠶᠢᠯᠠᠯ ᠤᠨ ᠲᠤᠮᠤ ᠳ᠋ᠠᠶᠢᠲ᠋ᠠ᠂ ᠡᠭᠦᠯᠡᠨ ᠪᠤᠳᠤᠯᠲᠠ ᠶᠢᠨ ᠬᠡᠷᠡᠭᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠥᠬᠦᠴᠡᠯ ᠲᠠᠢ ᠠᠵᠤ ᠠᠬᠤᠶᠢᠯᠠᠯ ᠬᠤᠪᠢ ᠶᠢᠨ ᠡᠭᠦᠯᠡᠨ ᠲᠠᠪᠴᠠᠩ ᠢᠶᠠᠨ ᠠᠰᠢᠭᠯᠠᠨ ᠦᠢᠯᠡᠳᠪᠦᠷᠢᠯᠡᠯ ᠡᠵᠡᠩᠨᠡᠯᠲᠡ ᠶᠢᠨ ᠠᠮᠤᠷ ᠲᠦᠪᠰᠢᠨ ᠳᠤ ᠬᠤᠯᠪᠣᠭᠳᠠᠬᠤ ᠳ᠋ᠠᠶᠢᠲ᠋ᠠ ᠪᠠᠨ ᠬᠠᠮᠢᠶᠠᠷᠬᠤ ᠶᠢ ᠵᠣᠷᠢᠬᠵᠢᠭᠤᠯᠤᠨ᠎ᠠ᠃ ᠠᠵᠤ ᠠᠬᠤᠶᠢᠯᠠᠯ ᠨᠡᠶᠢᠲᠡ ᠶᠢᠨ ᠡᠭᠦᠯᠡᠨ ᠲᠠᠪᠴᠠᠩ ᠢ ᠠᠰᠢᠭᠯᠠᠨ ᠦᠢᠯᠡᠳᠪᠦᠷᠢᠯᠡᠯ ᠡᠵᠡᠩᠨᠡᠯᠲᠡ ᠶᠢᠨ ᠪᠣᠰᠤ ᠠᠮᠤᠷ ᠲᠦᠪᠰᠢᠨ ᠤ ᠳ᠋ᠠᠶᠢᠲ᠋ᠠ ᠶᠢ ᠬᠠᠮᠢᠶᠠᠷᠴᠤ᠂ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠦᠢᠯᠡᠳᠪᠦᠷᠢᠯᠡᠯ ᠡᠵᠡᠩᠨᠡᠯᠲᠡ ᠶᠢᠨ ᠬᠠᠮᠢᠶᠠᠷᠤᠯᠲᠠ ᠶᠢᠨ ᠳ᠋ᠠᠶᠢᠲ᠋ᠠ ᠶᠢ ᠬᠠᠮᠲᠤ ᠳᠠᠭᠠᠨ ᠡᠳ᠋ᠯᠡᠵᠦ ᠨᠡᠭᠡᠭᠡᠯᠲᠡ ᠲᠠᠢ ᠪᠠᠶᠢᠯᠭᠠᠬᠤ ᠶᠢ ᠵᠣᠷᠢᠬᠵᠢᠭᠤᠯᠤᠨ᠎ᠠ᠃ ᠪᠦᠬᠦ ᠣᠷᠣᠨ ᠤ ᠡᠭᠦᠯᠡᠨ ᠲᠠᠪᠴᠠᠩ ᠳᠤ ᠣᠷᠣᠭᠰᠠᠨ ᠠᠵᠤ ᠠᠬᠤᠶᠢᠯᠠᠯ 10 ᠲᠦᠮᠡᠨ ᠡᠷᠦᠬᠡ ᠳᠤ ᠬᠦᠷᠴᠦ᠂ 3 - 5 ᠡᠷᠦᠬᠡ ᠵᠣᠬᠢᠬᠤ ᠣᠷᠣᠨ ᠪᠦᠰᠡ ᠶᠢᠨ ᠨᠥᠯᠥᠭᠡᠯᠡᠬᠦ ᠬᠦᠴᠦᠨ ᠲᠠᠢ ᠲᠤᠮᠤ ᠳ᠋ᠠᠶᠢᠲ᠋ᠠ ᠶᠢᠨ ᠡᠭᠦᠯᠡᠨ ᠲᠠᠪᠴᠠᠩ᠂ 50 ᠡᠷᠦᠬᠡ ᠲᠤᠮᠤ ᠳ᠋ᠠᠶᠢᠲ᠋ᠠ ᠶᠢᠨ ᠡᠭᠦᠯᠡᠨ ᠬᠡᠷᠡᠭᠯᠡᠯᠲᠡ ᠶᠢᠨ ᠦᠢᠯᠡᠴᠢᠯᠡᠬᠡᠨ ᠤ ᠬᠤᠳᠠᠯᠳᠤᠭᠠᠴᠢᠳ ᠢ ᠣᠷᠣᠭᠤᠯᠤᠨ ᠠᠪᠴᠢᠷᠠᠵᠤ ᠬᠥᠮᠥᠵᠢᠭᠦᠯᠦᠨ᠎ᠡ᠃      ︵ᠲᠦᠷᠪᠡ︶ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠦᠢᠯᠡᠴᠢᠯᠡᠭᠡᠨ ᠤ ᠰᠢᠰᠲ᠋ᠧᠮᠵᠢ ᠶᠢ ᠡᠭᠦᠳᠦᠨ ᠪᠠᠶᠢᠭᠤᠯᠤᠨ᠎ᠠ᠃ ᠨᠢᠭᠡ ᠪᠦᠯᠦᠭ ᠲᠤᠮᠤ ᠳ᠋ᠠᠶᠢᠲ᠋ᠠ ᠪᠣᠯᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠳᠤ ᠬᠠᠨᠳᠤᠭᠤᠯᠤᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠪᠡᠯᠡ ᠣᠷᠣᠭᠤᠯᠤᠯᠲᠠ ᠪᠡᠯᠡ ᠳᠤᠬᠢᠷᠠᠭᠤᠯᠭ᠎ᠠ᠂ ᠥᠮᠴᠢᠯᠡᠬᠦ ᠡᠷᠬᠡ ᠶᠢᠨ ᠠᠷᠠᠯᠵᠢᠶ᠎ᠠ᠂ ᠴᠢᠳᠠᠪᠤᠷᠢᠲᠠᠨ ᠤ ᠦᠢᠯᠡᠴᠢᠯᠡᠭᠡ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠪᠠ ᠨᠡᠷᠡᠲᠦ ᠲᠥᠷᠥᠯ ᠲᠡᠮᠳᠡᠭᠲᠦ ᠶᠢ ᠳᠡᠯᠭᠡᠷᠡᠭᠦᠯᠬᠦ ᠵᠡᠷᠭᠡ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠳᠡᠳᠭᠦᠨ᠂ ᠨᠢᠭᠡ ᠪᠦᠯᠦᠭ ᠵᠥᠪᠯᠡᠯᠭᠡ ᠥᠭᠬᠦ ᠦᠢᠯᠡᠴᠢᠯᠡᠭᠡ᠂ ᠭᠠᠳᠠᠭᠰᠢ ᠳᠠᠭᠠᠭᠠᠴᠢᠯᠠᠭᠤᠯᠬᠤ ᠦᠢᠯᠡᠴᠢᠯᠡᠭᠡ᠂ ᠴᠢᠳᠠᠪᠤᠷᠢᠲᠠᠨ ᠤ ᠪᠣᠯᠪᠠᠰᠤᠷᠠᠭᠤᠯᠤᠯ᠂ ᠰᠢᠯᠭᠠᠨ ᠬᠡᠮᠵᠢᠬᠦ ᠭᠡᠷᠡᠴᠢᠯᠡᠭᠡ᠂ ᠠᠳᠠᠯ ᠦᠢᠯᠡᠰ ᠴᠣᠭᠴᠠᠯᠠᠬᠤ ᠶᠢ ᠬᠠᠪᠰᠤᠷᠤᠨ ᠵᠢᠯᠣᠭᠤᠳᠬᠤ ᠵᠡᠷᠭᠡ ᠲᠤᠮᠤ ᠳ᠋ᠠᠶᠢᠲ᠋ᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠦᠳᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠨᠢᠭᠡ ᠪᠦᠯᠦᠭ ᠰᠢᠨ᠎ᠡ ᠶᠢ ᠡᠭᠦᠳᠬᠦ ᠬᠡᠷᠡᠭᠯᠡᠭᠡᠨ ᠤ ᠰᠢᠢᠳᠪᠦᠷᠢᠯᠡᠬᠦ ᠲᠥᠰᠦᠯ ᠢ ᠪᠣᠢ ᠪᠣᠯᠭᠠᠵᠤ᠂ ᠨᠢᠭᠡ ᠪᠦᠯᠦᠭ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠣᠨᠴᠠᠯᠢᠭ ᠲᠠᠢ ᠲᠤᠮᠤ ᠳ᠋ᠠᠶᠢᠲ᠋ᠠ ᠪᠣᠯᠤᠨ ᠠᠵᠤ ᠦᠢᠯᠡᠰ ᠤᠨ ᠭᠦᠨ ᠠᠭᠤᠰᠤᠯᠴᠠᠯ ᠤᠨ ᠪᠠᠷᠢᠮᠵᠢᠶ᠎ᠠ ᠶᠢ ᠪᠠᠶᠢᠭᠤᠯᠤᠨ᠎ᠠ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠠᠵᠤ ᠠᠬᠤᠶ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠲᠤᠮᠤ ᠳ᠋ᠠᠶᠢᠲ᠋ᠠ ᠶᠢᠨ ᠬᠥᠭᠵᠢᠯᠲᠡ ᠶᠢᠨ ᠲᠤᠰᠬᠠᠶ ᠵᠦᠢᠯ ᠤᠨ ᠠᠵᠢᠯ ᠢ ᠵᠣᠬᠢᠴᠠᠭᠤᠯᠬᠤ ᠠᠯᠪᠠᠨ ᠭᠡᠷ ︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠬᠥᠭᠵᠢᠯᠲᠡ ᠬᠠᠮᠢᠶᠠᠷᠤᠯᠲᠠ ᠶᠢᠨ ᠲᠣᠪᠴᠢᠶ᠎ᠠ ᠳᠤ ᠲᠣᠬᠢᠷᠠᠭᠤᠯᠪᠠ︶ ᠲᠦᠷᠦᠭᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯᠯᠠᠭᠠᠨ ᠤ ᠲᠥᠯᠥᠪᠯᠡᠭᠡ ᠶᠢᠨ ᠬᠡᠷᠡᠭᠵᠢᠭᠦᠯᠦᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠴᠢᠬᠤᠯᠠ ᠶᠡᠭᠡ ᠠᠰᠠᠭᠤᠳᠠᠯ ᠤᠳ ᠢ ᠵᠣᠬᠢᠴᠠᠭᠤᠯᠤᠨ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠭᠤᠷᠪᠠᠨ ᠱᠡᠳᠦ ᠬᠠᠮᠲᠤᠷᠠᠨ ᠬᠦᠳᠡᠯᠦᠯᠴᠡᠭᠰᠡᠨ ᠠᠵᠢᠯ ᠤᠨ ᠲᠣᠭᠲᠠᠴᠠ ᠶᠢ ᠪᠠᠶᠢᠭᠤᠯᠤᠨ᠂ ᠡᠯ᠎ᠡ ᠭᠠᠵᠠᠷ ᠣᠷᠣᠨ᠂ ᠠᠵᠢᠯ ᠲᠦᠷᠤᠯ ᠤᠨ ᠵᠣᠬᠢᠶᠠᠨ ᠪᠠᠶᠢᠭᠤᠯᠤᠯᠲᠠ ᠪᠣᠯᠤᠨ ᠠᠵᠤ ᠠᠬᠤᠶᠢᠯᠠᠯ ᠤᠨ ᠢᠳᠡᠪᠬᠢᠵᠢᠯ ᠢ ᠭᠦᠢᠴᠡᠳ ᠪᠠᠳᠠᠷᠠᠭᠤᠯᠤᠨ᠎ᠠ᠃ ᠡᠯ᠎ᠡ ᠭᠠᠵᠠᠷ ᠣᠷᠣᠨ᠂ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠤᠲᠤᠷᠬᠠᠶᠢᠯᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃      ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠬᠥᠭᠵᠢᠯᠲᠡ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯᠯᠠᠭᠠᠨ ᠤ ᠲᠥᠯᠥᠪᠯᠡᠭᠡ ᠶᠢᠨ ᠬᠡᠷᠡᠭᠵᠢᠭᠦᠯᠦᠯᠲᠡ ᠶᠢ ᠨᠢᠭᠡᠳᠦᠯᠲᠡᠶ ᠲᠥᠯᠥᠪᠯᠡᠵᠦ᠂ ᠨᠡᠶᠢᠲᠡᠯᠢᠭ ᠵᠢᠱᠢᠶ᠎ᠡ ᠦᠵᠡᠭᠦᠯᠦᠭᠰᠡᠨ ᠲᠤᠷᠰᠢᠯᠭ᠎ᠠ ᠪᠣᠯᠣᠨ ᠠᠰᠠᠭᠤᠳᠠᠯ ᠢ ᠰᠢᠢᠳᠪᠦᠷᠢᠯᠡᠭᠰᠡᠨ ᠰᠢᠯᠢᠳᠡᠭ ᠲᠦᠰᠦᠯ ᠢ ᠳ᠋ᠦᠩᠨᠡᠨ ᠳᠡᠯᠭᠡᠷᠡᠭᠦᠯᠵᠦ᠂ ᠲᠤᠮᠤ ᠳ᠋ᠠᠶᠢᠲ᠋ᠠ ᠪᠣᠯᠤᠨ ᠠᠵᠤ ᠦᠢᠯᠡᠰ ᠤᠨ ᠭᠦᠨ ᠠᠭᠤᠰᠤᠯᠴᠠᠯ ᠤᠨ ᠪᠠᠷᠢᠮᠵᠢᠶ᠎ᠠ ᠶᠢ ᠬᠢᠨᠠᠨ ᠬᠠᠷᠭᠤᠭᠤᠯᠬᠤ ᠪᠠ ᠦᠨᠡᠯᠡᠬᠦ ᠶᠢ ᠵᠣᠬᠢᠶᠠᠨ ᠪᠠᠶᠢᠭᠤᠯᠵᠤ᠂ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ ᠪᠥᠬᠦ ᠣᠷᠣᠨ ᠤ ᠲᠤᠮᠤ ᠳ᠋ᠠᠶᠢᠲ᠋ᠠ ᠪᠣᠯᠤᠨ ᠠᠵᠤ ᠦᠢᠯᠡᠰ ᠤᠨ ᠠᠭᠤᠰᠤᠯᠴᠠᠯ ᠤᠨ ᠳ᠋ᠠᠶᠢᠲ᠋ᠠ ᠶᠢᠨ ᠡᠬᠢ ᠪᠠᠶᠠᠯᠢᠭ ᠴᠤᠭᠯᠠᠭᠤᠯᠬᠤ ᠵᠡᠷᠭᠡ ᠶᠢ ᠨᠢᠭᠡᠳᠦᠯᠲᠡᠢ ᠲᠥᠯᠥᠪᠯᠡᠨ᠂ ᠪᠦᠬᠦ ᠣᠷᠣᠨ ᠤ ᠠᠵᠤ ᠦᠢᠯᠡᠰ ᠲᠤ ᠬᠠᠨᠳᠤᠭᠤᠯᠤᠭᠰᠠᠨ ︽ᠡᠭᠦᠯᠡᠨ ᠦᠢᠯᠡᠴᠢᠯᠡᠭᠡ︾᠎ ᠶᠢ ᠠᠬᠢᠭᠤᠯᠤᠨ᠎ᠠ᠃ ᠤᠯᠠᠨ ᠲᠠᠯ᠎ᠠ ᠶᠢᠨ ᠳ᠋ᠠᠶᠢᠲ᠋ᠠ ᠶᠢᠨ ᠠᠭᠤᠰᠤᠯᠴᠠᠯ ᠤᠨ ᠰᠢᠨ᠎ᠡ ᠶᠢ ᠡᠭᠦᠳᠬᠦ ᠪᠠ ᠲᠣᠮᠣ ᠳ᠋ᠠᠶᠢᠲ᠋ᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠪᠣᠯᠤᠨ ᠳᠦᠬᠦᠷ ᠠᠷᠭ᠎ᠠ ᠬᠡᠮᠵᠢᠶ᠎ᠡ ᠶᠢ ᠲᠣᠭᠲᠠᠭᠠᠵᠤ᠂ ᠨᠡᠶᠢᠲᠡᠯᠢᠭ ᠵᠢᠱᠢᠶ᠎ᠡ ᠦᠵᠡᠭᠦᠯᠬᠦ ᠲᠥᠷᠥᠯ ᠵᠦᠢᠯ ᠢ ᠵᠢᠯ ᠪᠦᠷᠢ 10᠎ ᠠᠴᠠ ᠳᠡᠭᠡᠭᠰᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠲᠦᠷᠦᠭᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠮᠤ ᠳ᠋ᠠᠶᠢᠲ᠋ᠠ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠭᠦᠨ ᠠᠭᠤᠰᠤᠯᠴᠠᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ᠪᠣᠯᠤᠨ ᠳᠦᠬᠦᠷ ᠠᠷᠭ᠎ᠠ ᠬᠡᠮᠵᠢᠶ᠎ᠡ ᠶᠢ ᠲᠣᠭᠲᠠᠭᠠᠵᠤ᠂ ᠨᠡᠶᠢᠲᠡᠯᠢᠭ ᠵᠢᠱᠢᠶ᠎ᠡ ᠦᠵᠡᠭᠦᠯᠬᠦ ᠲᠥᠷᠥᠯ ᠵᠦᠢᠯ ᠢ ᠵᠢᠯ ᠪᠦᠷᠢ 5᠎ ᠠᠴᠠ ᠳᠡᠭᠡᠭᠰᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ ᠲᠦᠷᠦᠭᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠮᠤ ᠳ᠋ᠠᠶᠢᠲ᠋ᠠ ᠪᠣᠯᠤᠨ ᠠᠵᠤ ᠦᠢᠯᠡᠳᠪᠦᠷᠢ ᠶᠢᠨ ᠭᠦᠨ ᠠᠭᠤᠰᠤᠯᠴᠠᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ᠪᠣᠯᠤᠨ ᠳᠦᠬᠦᠷ ᠠᠷᠭ᠎ᠠ ᠬᠡᠮᠵᠢᠶ᠎ᠡ ᠶᠢ ᠲᠣᠭᠲᠠᠭᠠᠵᠤ᠂ ᠵᠢᠯ ᠪᠦᠷᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠲᠡᠯᠢᠭ ᠵᠢᠱᠢᠶ᠎ᠡ ᠦᠵᠡᠭᠦᠯᠬᠦ ᠲᠥᠷᠥᠯ ᠵᠦᠢᠯ ᠢ ᠵᠢᠯ ᠪᠦᠷᠢ 10᠎ ᠠᠴᠠ ᠳᠡᠭᠡᠭᠰᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ᠂ ᠡᠨᠧᠷᠭᠢ ᠶᠢᠨ ᠲᠣᠪᠴᠢᠶ᠎ᠠ ᠲᠦᠷᠦᠭᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠮᠤ ᠳ᠋ᠠᠶᠢᠲ᠋ᠠ ᠪᠣᠯᠤᠨ ᠡᠨᠧᠷᠭᠢ ᠶᠢᠨ ᠠᠵᠤ ᠦᠢᠯᠡᠰ ᠤᠨ ᠭᠦᠨ ᠠᠭᠤᠰᠤᠯᠴᠠᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ᠪᠣᠯᠤᠨ ᠳᠦᠬᠦᠷ ᠠᠷᠭ᠎ᠠ ᠬᠡᠮᠵᠢᠶ᠎ᠡ ᠶᠢ ᠲᠣᠭᠲᠠᠭᠠᠵᠤ᠂ ᠨᠡᠶᠢᠲᠡᠯᠢᠭ ᠵᠢᠱᠢᠶ᠎ᠡ ᠦᠵᠡᠭᠦᠯᠬᠦ ᠲᠥᠷᠥᠯ ᠵᠦᠢᠯ ᠢ ᠵᠢᠯ ᠪᠦᠷᠢ 5᠎ ᠠᠴᠠ ᠳᠡᠭᠡᠭᠰᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠢᠭᠤᠯᠴᠢᠯᠠᠯ ᠤᠨ ᠬᠥᠭᠵᠢᠯᠲᠡ ᠶᠢᠨ ᠵᠥᠪᠯᠡᠯ᠂ ᠰᠣᠶᠣᠯ ᠤᠨ ᠲᠢᠩᠬᠢᠮ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠮᠥᠩᠭᠦᠨ ᠭᠦᠢᠯᠭᠡᠭᠡᠨ ᠤ ᠠᠯᠪᠠᠨ ᠭᠡᠷ ᠲᠤᠰ ᠲᠤᠰ ᠲᠦᠷᠦᠭᠦᠯᠡᠨ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠲᠤᠮᠤ ᠳ᠋ᠠᠶᠢᠲ᠋ᠠ ᠬᠢᠬᠡᠳ ᠪᠠᠷᠠᠭᠠᠨ ᠤ ᠭᠦᠢᠯᠭᠡᠭᠡ᠂ ᠡᠯᠧᠺᠲᠷᠣᠨ ᠬᠤᠳᠠᠯᠳᠤᠭ᠎ᠠ᠂ ᠵᠢᠭᠤᠯᠴᠢᠯᠠᠯ᠂ ᠰᠣᠶᠣᠯ᠂ ᠡᠷᠡᠭᠦᠯ ᠮᠡᠨᠳᠦ ᠡᠮ ᠡᠮᠨᠡᠯᠭᠡ᠂ ᠣᠷᠴᠢᠨ ᠲᠣᠭᠤᠷᠢᠨ ᠤ ᠬᠠᠮᠠᠭᠠᠯᠠᠯᠲᠠ᠂ ᠮᠥᠩᠭᠦᠨ ᠭᠦᠢᠯᠭᠡᠭᠡᠨ ᠵᠡᠷᠭᠡ ᠬᠦᠷᠢᠶ᠎ᠡ ᠬᠡᠪᠴᠢᠶᠡᠨ ᠳᠠᠬᠢ ᠬᠦᠨᠵᠡᠬᠡᠢ ᠠᠭᠤᠰᠤᠯᠴᠠᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ᠪᠣᠯᠤᠨ ᠳᠦᠬᠦᠷ ᠠᠷᠭ᠎ᠠ ᠬᠡᠮᠵᠢᠶ᠎ᠡ ᠶᠢ ᠲᠣᠭᠲᠠᠭᠠᠵᠤ᠂ ᠨᠡᠶᠢᠲᠡᠯᠢᠭ ᠵᠢᠱᠢᠶ᠎ᠡ ᠦᠵᠡᠭᠦᠯᠬᠦ ᠲᠥᠷᠥᠯ ᠵᠦᠢᠯ ᠢ ᠵᠢᠯ ᠪᠦᠷᠢ ᠲᠤᠰ ᠲᠤᠰ 1 - 2᠎ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ᠡᠯ᠎ᠡ ᠠᠶᠢᠮᠠᠭ ᠬᠤᠳᠠ ᠶᠢᠨ ᠬᠢᠨ ᠲᠤᠰ ᠭᠠᠵᠠᠷ ᠣᠷᠣᠨ ᠤ ᠪᠠᠨ ᠲᠤᠮᠤ ᠳ᠋ᠠᠶᠢᠲ᠋ᠠ ᠪᠣᠯᠤᠨ ᠠᠵᠤ ᠦᠢᠯᠡᠰ ᠤᠨ ᠭᠦᠨ ᠠᠭᠤᠰᠤᠯᠴᠠᠯ ᠤᠨ ᠠᠵᠢᠯᠯᠠᠭᠠᠨ ᠤ ᠲᠥᠯᠥᠪᠯᠡᠭᠡ ᠪᠠ ᠳᠦᠬᠦᠷ ᠠᠷᠭ᠎ᠠ ᠬᠡᠮᠵᠢᠶ᠎ᠡ ᠪᠠᠨ ᠬᠠᠷᠢᠭᠤᠴᠠᠨ ᠲᠣᠭᠲᠠᠭᠠᠵᠤ᠂ ᠲᠤᠰ ᠭᠠᠵᠠᠷ ᠣᠷᠣᠨ ᠤ ᠪᠠᠨ ᠵᠢᠱᠢᠶ᠎ᠡ ᠦᠵᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠰ ᠭᠠᠵᠠᠷ ᠣᠷᠣᠨ ᠤ ᠪᠠᠨ ᠨᠡᠶᠢᠲᠡᠯᠢᠭ ᠵᠢᠱᠢᠶ᠎ᠡ ᠦᠵᠡᠭᠦᠯᠦᠭᠰᠡᠨ ᠲᠤᠷᠰᠢᠯᠭ᠎ᠠ ᠪᠣᠯᠣᠨ ᠠᠰᠠᠭᠤᠳᠠᠯ ᠢ ᠰᠢᠢᠳᠪᠦᠷᠢᠯᠡᠭᠰᠡᠨ ᠰᠢᠯᠢᠳᠡᠭ ᠲᠦᠰᠦᠯ ᠢ ᠳ᠋ᠦᠩᠨᠡᠨ ᠳᠡᠯᠭᠡᠷᠡᠭᠦᠯᠦᠨ᠎ᠡ᠃      ︵ᠬᠤᠶᠠᠷ︶ ᠲᠤᠰᠬᠠᠶ ᠮᠡᠷᠭᠡᠵᠢᠯᠲᠡᠨ ᠤ ᠦᠢᠯᠡᠴᠢᠯᠡᠭᠡᠨ ᠤ ᠠᠩᠬᠢ ᠪᠠᠶᠢᠭᠤᠯᠤᠨ᠎ᠠ᠃ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠲᠤᠰᠬᠠᠶ ᠮᠡᠷᠭᠡᠵᠢᠯᠲᠡᠨ ᠤ ᠦᠢᠯᠡᠴᠢᠯᠡᠭᠡᠨ ᠤ ᠠᠩᠬᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠤᠨ ᠲᠤᠬᠠᠶ ᠶᠢᠨ ᠭᠠᠵᠠᠷ ᠲᠤᠨᠢ ᠬᠦᠷᠴᠦ ᠬᠠᠮᠲᠤᠷᠠᠨ ᠣᠨᠣᠰᠢᠯᠠᠬᠤ᠂ ᠭᠡᠷ ᠲᠤᠨᠢ ᠬᠦᠷᠴᠦ ᠦᠢᠯᠡᠴᠢᠯᠡᠨ᠂ ᠠᠵᠤ ᠠᠬᠤᠶᠢᠯᠠᠯ ᠢ ᠬᠠᠪᠰᠤᠷᠤᠨ ᠵᠢᠯᠣᠭᠤᠳᠴᠦ ᠪᠠᠶᠢᠭᠠᠳ ᠲᠤᠮᠤ ᠳ᠋ᠠᠶᠢᠲ᠋ᠠ ᠶᠢᠨ ᠠᠭᠤᠰᠤᠯᠴᠠᠯ ᠤᠨ ᠬᠡᠷᠡᠭᠯᠡᠭᠡᠨ ᠤ ᠰᠢᠢᠳᠪᠦᠷᠢᠯᠡᠬᠦ ᠲᠥᠰᠦᠯ ᠢ ᠲᠣᠭᠲᠠᠭᠠᠨ᠎ᠠ᠃ ᠥᠪᠥᠷ ᠮᠣᠩᠭᠤᠯ ᠤᠨ ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠤᠯᠪᠣᠭᠠᠲᠤ ᠬᠤᠷᠠᠯ ᠤᠨ ᠦᠢᠯᠡᠳᠦᠯ ᠢ ᠪᠠᠳᠠᠷᠠᠭᠤᠯᠵᠤ᠂ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠲᠤᠰᠬᠠᠶ ᠮᠡᠷᠭᠡᠵᠢᠯᠲᠡᠨ ᠤ ᠤᠶᠤᠨ ᠤ ᠬᠥᠮᠥᠷᠭᠡ ᠪᠠᠶᠢᠭᠤᠯᠤᠨ᠂ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠪᠣᠯᠪᠠᠰᠤᠷᠠᠭᠤᠯᠤᠯ ᠪᠠ ᠵᠢᠱᠢᠶ᠎ᠡ ᠦᠵᠡᠭᠦᠯᠬᠦ ᠲᠦᠷᠦᠯ ᠵᠦᠢᠯ ᠢ ᠰᠢᠭᠰᠢᠬᠦ᠂ ᠰᠢᠯᠭᠠᠷᠠᠭᠤᠯᠬᠤ᠂ ᠰᠢᠯᠭᠠᠨ ᠠᠪᠬᠤ᠂ ᠳ᠋ᠦᠩᠨᠡᠬᠦ᠂ ᠳᠡᠯᠭᠡᠷᠡᠭᠦᠯᠬᠦ ᠵᠡᠷᠭᠡ ᠠᠵᠢᠯ ᠢ ᠬᠠᠮᠵᠢᠯᠴᠠᠨ ᠦᠷᠨᠢᠭᠦᠯᠦᠨ᠎ᠡ᠃      ︵ᠭᠤᠷᠪᠠ︶ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠬᠥᠭᠵᠢᠯᠲᠡ ᠶᠢᠨ ᠲᠤᠰᠬᠠᠶ ᠪᠡᠯᠡ ᠮᠥᠩᠭᠦ ᠶᠢ ᠠᠰᠢᠭᠯᠠᠨ᠂ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠪᠣᠯᠪᠠᠰᠤᠷᠠᠭᠤᠯᠤᠯ ᠢ ᠤᠬᠠᠭᠤᠯᠤᠨ ᠲᠠᠶᠢᠯᠪᠤᠷᠢᠯᠠᠬᠤ᠂ ᠲᠦᠷᠦᠯ ᠵᠦᠢᠯ ᠢ ᠳᠡᠯᠭᠡᠷᠡᠭᠦᠯᠬᠦ᠂ ᠲᠠᠪᠴᠠᠩ ᠢ ᠪᠦᠲᠦᠭᠡᠨ ᠪᠠᠶᠢᠭᠤᠯᠬᠤ᠂ ᠰᠢᠯᠢᠳᠡᠭ ᠬᠡᠷᠡᠭ ᠤᠨ ᠵᠢᠱᠢᠶ᠎ᠡ᠂ ᠪᠠᠷᠢᠮᠵᠢᠶ᠎ᠠ ᠲᠣᠭᠲᠠᠭᠠᠬᠤ ᠵᠡᠷᠭᠡ ᠳᠤ ᠳᠡᠮᠵᠢᠯᠭᠡ ᠦᠵᠡᠭᠦᠯᠦᠨ᠎ᠡ᠃ ᠤᠳᠤ ᠶᠢᠨ ᠪᠠᠶᠢᠭ᠎ᠠ ᠡᠯ᠎ᠡ ᠠᠵᠢᠯ ᠲᠦᠷᠦᠯ ᠤᠨ ᠲᠤᠰᠬᠠᠶ ᠪᠡᠯᠡ ᠮᠥᠩᠭᠦ ᠶᠢ ᠠᠰᠢᠭᠯᠠᠨ᠂ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠦᠳᠦᠭᠡᠨ ᠪᠠᠶᠢᠭᠤᠯᠤᠯᠲᠠ ᠶᠢ ᠳᠡᠮᠵᠢᠬᠦ ᠶᠢ ᠵᠣᠷᠢᠬᠵᠢᠭᠤᠯᠤᠨ᠎ᠠ᠃ ᠲᠤᠮᠤ ᠳ᠋ᠠᠶᠢᠲ᠋ᠠ ᠶᠢᠨ ᠠᠵᠤ ᠦᠢᠯᠡᠰ ᠢ ᠬᠥᠭᠵᠢᠭᠦᠯᠬᠦ ᠰᠠᠭᠤᠷᠢ ᠮᠥᠩᠭᠦ ᠪᠠᠶᠢᠭᠤᠯᠬᠤ ᠳᠤ ᠤᠯᠤᠰ ᠤᠨ ᠦᠮᠴᠢᠯᠠᠯᠲᠦ ᠬᠦᠷᠦᠩᠭᠡ᠂ ᠠᠵᠤ ᠦᠢᠯᠡᠰ ᠤᠨ ᠬᠦ᠋ᠷᠥᠩᠭᠡ᠂ ᠨᠡᠶᠢᠭᠡᠮ ᠤᠨ ᠬᠥᠷᠥᠩᠭᠡ ᠬᠠᠮᠲᠤᠷᠠᠨ ᠣᠷᠣᠯᠴᠠᠵᠤ᠂ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠳᠡᠮᠵᠢᠬᠦ ᠶᠢ ᠵᠣᠷᠢᠬᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠤᠬᠰᠠᠨ ᠵᠢᠱᠢᠶ᠎ᠡ ᠦᠵᠡᠭᠦᠯᠬᠦ ᠲᠥᠷᠥᠯ ᠵᠦᠢᠯ ᠳᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠡᠯᠡ ᠮᠥᠩᠭᠦ ᠶᠢᠨ ᠳᠡᠮᠵᠢᠯᠭᠡ ᠶᠢ ᠡᠩ ᠲᠡᠷᠢᠭᠦᠨ ᠳᠤ ᠭᠤᠶᠤᠴᠢᠯᠡᠵᠦ ᠥᠭᠭᠦᠨ᠎ᠡ᠃      ︵ᠲᠦᠷᠪᠡ︶ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠡᠯ᠎ᠡ ᠵᠦᠢᠯ ᠤᠨ ᠰᠣᠨᠢᠨ ᠮᠡᠳᠡᠭᠡ ᠵᠠᠭᠤᠴᠢᠯᠠᠭᠤᠷ ᠢ ᠭᠦᠢᠴᠡᠳ ᠠᠰᠢᠭᠯᠠᠨ᠂ ᠲᠤᠰ ᠠᠵᠢᠯᠯᠠᠭ᠎ᠠ ᠶᠢᠨ ᠲᠥᠯᠥᠪᠯᠡᠭᠡ ᠶᠢᠨ ᠤᠬᠠᠭᠤᠯᠭ᠎ᠠ ᠶᠢᠨ ᠡᠷᠴᠢᠮ ᠢ ᠨᠡᠮᠡᠭᠳᠡᠭᠦᠯᠵᠦ᠂ ᠠᠵᠢᠯ ᠤᠨ ᠦᠷ᠎ᠡ ᠪᠦᠲᠦᠮᠵᠢ᠂ ᠨᠡᠶᠢᠲᠡᠯᠢᠭ ᠵᠢᠱᠢᠶ᠎ᠡ ᠦᠵᠡᠭᠦᠯᠦᠭᠰᠡᠨ ᠲᠤᠷᠰᠢᠯᠭ᠎ᠠ᠂ ᠠᠰᠠᠭᠤᠳᠠᠯ ᠢ ᠰᠢᠢᠳᠪᠦᠷᠢᠯᠡᠭᠰᠡᠨ ᠰᠢᠯᠢᠳᠡᠭ ᠲᠥᠰᠦᠯ ᠢ ᠭᠤᠣᠯᠳᠠᠯᠭ᠎ᠠ ᠲᠠᠢ ᠪᠠᠷ ᠤᠬᠠᠭᠤᠯᠤᠨ᠂ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠨᠡᠶᠢᠲᠡᠯᠢᠭ ᠵᠢᠱᠢᠶ᠎ᠡ ᠦᠵᠡᠭᠦᠯᠬᠦ ᠲᠥᠷᠥᠯ ᠵᠦᠢᠯ ᠤᠨ ᠦᠵᠡᠭᠦᠯᠦᠯᠭᠡ ᠶᠢᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠠᠮᠵᠢᠯᠲᠠ ᠲᠠᠢ ᠲᠤᠷᠰᠢᠯᠭ᠎ᠠ ᠶᠢ ᠰᠣᠯᠢᠯᠴᠠᠵᠤ ᠳᠡᠯᠭᠡᠷᠡᠭᠦᠯᠦᠨ᠎ᠡ᠃                                   ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号