1 —8 ᠳ᠋ᠤᠭᠠᠷ ᠰᠠᠷ᠎ᠠ ᠳᠤ ᠮᠠᠨ ᠤ ᠣᠷᠣᠨ ᠤ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠶᠡᠷᠦᠩᠬᠡᠢ ᠥᠷᠲᠡᠭ 665 ᠳ᠋ᠥᠩᠰᠢᠭᠤᠷ ᠲᠥᠭᠦᠷᠢᠭ ᠲᠤ ᠬᠦᠷᠴᠦ ᠠᠳᠠᠯᠢ ᠬᠤᠭᠤᠴᠠᠭᠠᠨ ᠤ ᠬᠢ ᠠᠴᠠ 3.1%᠎ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2018/9/20
     ᠡᠨᠡ ᠵᠢᠯ ᠤᠨ ᠲᠦᠷᠦᠭᠦᠦ 8 ᠰᠠᠷ᠎ᠠ ᠳᠤ᠂ ᠮᠠᠨ ᠤ ᠣᠷᠣᠨ ᠤ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠶᠡᠷᠦᠩᠬᠡᠢ ᠥᠷᠲᠡᠭ 665 ᠳ᠋ᠥᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3.1%᠎ ᠪᠠᠷ ᠨᠡᠮᠡᠭᠳᠡᠪᠡ᠃ ᠡᠭᠦᠨ ᠳᠤ ᠭᠠᠳᠠᠭᠠᠳᠤ ᠣᠷᠤᠭᠤᠯᠤᠯᠲᠠ ᠨᠢ 419.1 ᠳ᠋ᠥᠩᠰᠢᠭᠤᠷ ᠲᠥᠭᠦᠷᠢᠭ ᠲᠤ ᠬᠦᠷᠴᠦ᠂ 0.3%᠎ ᠪᠠᠷ ᠨᠡᠮᠡᠭᠳᠡᠪᠡ︔ ᠭᠠᠳᠠᠭᠠᠳᠤ ᠭᠠᠷᠭᠠᠯᠲᠠ ᠨᠢ 246.5 ᠳ᠋ᠥᠩᠰᠢᠭᠤᠷ ᠲᠥᠭᠦᠷᠢᠭ ᠲᠤ ᠬᠦᠷᠴᠦ᠂ 8.4%᠎ ᠪᠠᠷ ᠨᠡᠮᠡᠭᠳᠡᠪᠡ᠃      ᠲᠠᠨᠢᠯᠴᠠᠭᠤᠯᠤᠭᠰᠠᠨ ᠢᠶᠠᠷ᠂ ᠡᠨᠡ ᠵᠢᠯ ᠤᠨ ᠲᠦᠷᠦᠭᠦᠦ 8 ᠰᠠᠷ᠎ᠠ ᠳᠤ᠂ ᠮᠠᠨ ᠤ ᠣᠷᠣᠨ ᠤ ᠭᠠᠳᠠᠭᠠᠳᠤ ᠠᠷᠠᠯᠵᠢᠶ᠎ᠠ ᠶᠢᠨ ᠡᠩ ᠤᠨ ᠠᠷᠠᠯᠵᠢᠶ᠎ᠠ ᠭᠤᠣᠯᠯᠠᠭᠴᠢ ᠪᠠᠶᠢᠷᠢ ᠶᠢ ᠡᠵᠡᠯᠡᠵᠦ᠂ ᠬᠢᠯᠢ ᠬᠢᠵᠠᠭᠠᠷ ᠤᠨ ᠪᠠᠭ᠎ᠠ ᠲᠣᠭᠠᠨ ᠤ ᠠᠷᠠᠯᠵᠢᠶ᠎ᠠ᠂ ᠭᠠᠶᠢᠯᠢ ᠪᠠᠲᠤᠯᠠᠬᠤ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠭᠠᠵᠠᠷ ᠤᠨ ᠬᠢᠯᠢ ᠪᠠᠷ ᠣᠷᠣᠭᠤᠯᠵᠤ ᠭᠠᠷᠭᠠᠬᠤ ᠪᠠᠷᠠᠭ᠎ᠠ᠂ ᠡᠳ᠋ᠰᠢᠭᠦᠯᠬᠦ ᠠᠷᠠᠯᠵᠢᠶ᠎ᠠ ᠶᠢᠨ ᠡᠵᠡᠯᠡᠬᠦ ᠬᠠᠷᠢᠴᠠᠯ ᠳᠡᠭᠡᠭᠰᠢᠯᠡᠪᠡ︔ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠡᠩ ᠤᠨ ᠠᠷᠠᠯᠵᠢᠶ᠎ᠠ 371.9 ᠳ᠋ᠥᠩᠰᠢᠭᠤᠷ ᠲᠥᠭᠦᠷᠢᠭ ᠲᠤ ᠬᠦᠷᠴᠦ᠂ 0.8%᠎ ᠪᠠᠷ ᠪᠠᠭᠤᠷᠠᠵᠤ᠂ ᠠᠳᠠᠯᠢ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠶᠡᠷᠦᠩᠬᠡᠢ ᠦᠷᠳᠡᠭ ︵ᠳᠣᠷᠣᠭᠰᠢ ᠠᠳᠠᠯᠢ︶᠎ ᠤᠨ 55.9%᠎ ᠶᠢ ᠡᠵᠡᠯᠡᠨ᠂ ᠡᠵᠡᠯᠡᠬᠦ ᠬᠠᠷᠢᠴᠠᠯ ᠨᠢ 2017 ᠣᠨ ᠤ ᠲᠦᠷᠦᠭᠦᠦ 8 ᠰᠠᠷ᠎ᠠ ᠶᠢᠨ ᠬᠢ ᠠᠴᠠ 2 ᠵᠠᠭᠤᠨ ᠤ ᠴᠡᠭ ᠪᠠᠭᠤᠷᠠᠪᠠ᠃      ᠡᠨᠡ ᠵᠢᠯ ᠤᠨ ᠲᠦᠷᠦᠭᠦᠦ 8 ᠰᠠᠷ᠎ᠠ ᠳᠤ᠂ ᠮᠣᠩᠭᠤᠯ ᠣᠷᠣᠰ ᠬᠤᠶᠠᠷ ᠤᠯᠤᠰ ᠢᠶᠠᠷ ᠭᠤᠣᠯ ᠪᠣᠯᠭᠠᠨ᠂ ᠠᠮᠧᠷᠢᠺᠠ ᠯᠦᠭᠡ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠠᠷᠠᠯᠵᠢᠶ᠎ᠠ ᠲᠣᠭᠲᠠᠭᠤᠨ ᠢᠶᠠᠷ ᠨᠡᠮᠡᠭᠳᠡᠵᠡᠶ᠃ ᠲᠦᠷᠦᠭᠦᠦ 8 ᠰᠠᠷ᠎ᠠ ᠳᠤ᠂ ᠮᠠᠨ ᠤ ᠣᠷᠣᠨ ᠤ ᠮᠣᠩᠭᠤᠯ ᠤᠯᠤᠰ ᠲᠠᠬᠢ ᠭᠠᠳᠠᠭᠠᠳᠤ ᠣᠷᠤᠭᠤᠯᠤᠯᠲᠠ ᠭᠠᠷᠭᠠᠯᠲᠠ 200.6 ᠳ᠋ᠥᠩᠰᠢᠭᠤᠷ ᠲᠥᠭᠦᠷᠢᠭ ᠲᠤ ᠬᠦᠷᠴᠦ᠂ 13.5%᠎ ᠪᠠᠷ ᠨᠡᠮᠡᠭᠳᠡᠨ᠂ 30.1%᠎ ᠶᠢ ᠡᠵᠡᠯᠡᠪᠡ︔ ᠣᠷᠣᠰ ᠲᠠᠬᠢ ᠭᠠᠳᠠᠭᠠᠳᠤ ᠣᠷᠤᠭᠤᠯᠤᠯᠲᠠ ᠭᠠᠷᠭᠠᠯᠲᠠ 130.3 ᠳ᠋ᠥᠩᠰᠢᠭᠤᠷ ᠲᠥᠭᠦᠷᠢᠭ ᠲᠤ ᠬᠦᠷᠴᠦ᠂ 10%᠎ ᠪᠠᠷ ᠪᠠᠭᠤᠷᠠᠵᠤ᠂ 19.6%᠎ ᠶᠢ ᠡᠵᠡᠯᠡᠪᠡ᠃ ᠥᠪᠡᠷᠲᠡᠭᠡᠨ ᠵᠠᠰᠠᠬᠤ ᠣᠷᠣᠨ ᠬᠢᠭᠡᠳ ᠮᠣᠩᠭᠤᠯ ᠣᠷᠣᠰ ᠬᠤᠶᠠᠷ ᠤᠯᠤᠰ ᠯᠦᠭᠡ ᠶᠢᠨ ᠠᠷᠠᠯᠵᠢᠶᠠᠨ ᠤ ᠶᠡᠷᠦᠩᠬᠡᠶ ᠥᠷᠳᠡᠭ ᠤᠨ ᠨᠡᠶᠢᠯᠡᠪᠦᠷᠢ ᠨᠢ 330.9% ᠳ᠋ᠥᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠶᠡᠷᠦᠩᠬᠡᠢ ᠦᠷᠳᠡᠭ ︵ᠳᠣᠷᠣᠭᠰᠢ ᠠᠳᠠᠯᠢ︶᠎ ᠤᠨ 49.7%᠎ ᠶᠢ ᠡᠵᠡᠯᠡᠪᠡ᠃ ᠡᠭᠦᠨ ᠠᠴᠠ ᠭᠠᠳᠠᠨ᠎ᠠ᠂ ᠮᠠᠨ ᠤ ᠣᠷᠣᠨ ᠤ ᠠᠮᠧᠷᠢᠺᠠ ᠳᠠᠬᠢ ᠭᠠᠳᠠᠭᠠᠳᠤ ᠣᠷᠤᠭᠤᠯᠤᠯᠲᠠ ᠭᠠᠷᠭᠠᠯᠲᠠ 25.8 ᠳ᠋ᠥᠩᠰᠢᠭᠤᠷ ᠲᠥᠭᠦᠷᠢᠭ ᠲᠤ ᠬᠦᠷᠴᠦ᠂ 7.8%᠎ ᠪᠠᠷ ᠨᠡᠮᠡᠭᠳᠡᠨ᠂ 39%᠎ ᠶᠢ ᠡᠵᠡᠯᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号