ᠰᠢᠯᠢ ᠶᠢᠨ ᠭᠤᠤᠯ ᠠᠶᠢᠮᠠᠭ ᠠᠴᠠ ᠱᠠᠨᠳᠦ᠋ᠩ ᠬᠥᠷᠬᠦ ᠣᠨᠴᠠ ᠥᠨᠳᠥᠷ ᠳᠠᠷᠤᠯᠲᠠᠲᠤ ᠨᠡᠪᠳᠡᠷᠡᠯ ᠤᠨ ᠵᠠᠮ ᠤᠨ ᠮᠠᠰᠢᠨ ᠴᠣᠭᠴᠠᠯᠠᠪᠤᠷᠢ ᠴᠠᠬᠢᠯᠭᠠᠨ ᠲᠣᠣᠷ ᠲᠤ ᠠᠮᠵᠢᠯᠲᠠᠲᠠᠢ ᠵᠠᠯᠭᠠᠪᠠ
ᠨᠡᠶᠢᠲᠡᠯᠡᠭᠰᠡᠨ ᠴᠠᠭ᠄
2018/9/20
     9 ᠳ᠋ᠦ᠋ᠭᠡᠷ ᠰᠠᠷ᠎ᠠ ᠶᠢᠨ 18᠎ ᠤ ᠡᠳᠦᠷ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠰᠢᠯᠢ ᠶᠢᠨ ᠭᠤᠣᠯ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠥᠷᠭᠡᠳᠬᠡᠨ ᠪᠠᠶᠢᠭᠤᠯᠤᠭᠰᠠᠨ ᠲᠥᠷᠥᠯ ᠵᠦᠢᠯ ᠤᠨ 3 ᠳ᠋ᠤᠭᠠᠷ ᠮᠠᠰᠢᠨ ᠴᠣᠭᠴᠠᠯᠠᠪᠤᠷᠢ ᠨᠢ ᠴᠠᠬᠢᠯᠭᠠᠨ ᠲᠣᠣᠷ ᠲᠤ ᠨᠢᠭᠡ ᠯᠠ ᠤᠳᠠᠭ᠎ᠠ ᠳᠤ ᠠᠮᠵᠢᠯᠲᠠᠲᠠᠢ ᠵᠠᠯᠭᠠᠵᠤ᠂ ᠰᠢᠯᠢ ᠶᠢᠨ ᠭᠤᠣᠯ ᠤᠨ ᠴᠡᠪᠡᠷ ᠡᠨᠧᠷᠭᠢ ᠭᠠᠷᠭᠠᠬᠤ ᠰᠠᠭᠤᠷᠢᠨ ᠭᠠᠵᠠᠷ ᠤᠨ ᠰᠢᠯᠢ ᠶᠢᠨ ᠭᠤᠣᠯ ᠠᠶᠢᠮᠠᠭ ᠠᠴᠠ ᠱᠠᠨᠳᠦ᠋ᠩ ᠬᠥᠷᠬᠦ ᠣᠨᠴᠠ ᠥᠨᠳᠥᠷ ᠳᠠᠷᠤᠯᠲᠠᠲᠤ ᠨᠡᠪᠳᠡᠷᠡᠯ ᠤᠨ ᠵᠠᠮ ᠤᠨ ᠳᠣᠲᠣᠷᠠᠬᠢ ᠬᠠᠮᠤᠭ ᠠᠩᠬᠠᠨ ᠤ ᠴᠠᠬᠢᠯᠭᠠᠨ ᠲᠣᠣᠷ ᠲᠤ ᠵᠠᠯᠭᠠᠯᠳᠤᠵᠤ ᠴᠠᠬᠢᠯᠭᠠᠨ ᠬᠦᠷᠭᠡᠭᠰᠡᠨ ᠮᠠᠰᠢᠨ ᠴᠣᠭᠴᠠᠯᠠᠪᠤᠷᠢ ᠪᠣᠯᠪᠠ᠂ ᠢᠩᠭᠢᠭᠡᠳ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠨᠢ ᠲᠤᠰ ᠨᠡᠪᠲᠡᠷᠡᠯ ᠤᠨ ᠵᠠᠮ ᠤᠨ 7 ᠢᠵᠢ ᠪᠦᠷᠢᠳᠦᠭᠦᠯᠬᠦ ᠴᠠᠬᠢᠯᠭᠠᠨ ᠡᠭᠦᠰᠭᠡᠯ ᠤᠨ ᠭᠠᠵᠠᠷ ᠤᠨ ᠲᠥᠷᠥᠯ ᠵᠦᠢᠯ ᠤᠨ ᠬᠠᠮᠤᠭ ᠠᠩᠬᠠᠨ ᠤ ᠴᠠᠬᠢᠯᠭᠠᠨ ᠭᠠᠷᠭᠠᠭᠰᠠᠨ ᠪᠦᠲᠦᠭᠡᠨ ᠪᠠᠶᠢᠭᠤᠯᠬᠤ ᠨᠢᠭᠡᠴᠢ ᠪᠣᠯᠵᠤ᠂ ᠲᠤᠰ ᠡᠨᠧᠷᠭᠢ ᠶᠢᠨ ᠰᠠᠭᠤᠷᠢᠨ ᠭᠠᠵᠠᠷ ᠨᠢ ᠭᠠᠳᠠᠭᠰᠢ ᠴᠠᠬᠢᠯᠭᠠᠨ ᠬᠦᠷᠭᠡᠬᠦ ᠲᠡᠦᠬᠡ ᠶᠢᠨ ᠰᠢᠨ᠎ᠡ ᠲᠣᠣᠯᠢᠰ ᠢ ᠪᠢᠴᠢᠭᠯᠡᠪᠡ᠃ 9 ᠳ᠋ᠦ᠋ᠭᠡᠷ ᠰᠠᠷ᠎ᠠ ᠶᠢᠨ 15᠎ ᠤ ᠡᠳᠦᠷ 3 ᠳ᠋ᠤᠭᠠᠷ ᠮᠠᠰᠢᠨ ᠴᠣᠭᠴᠠᠯᠠᠪᠤᠷᠢ ᠨᠢ ᠨᠢᠭᠡ ᠤᠳᠠᠭ᠎ᠠ ᠳᠤ ᠠᠮᠵᠢᠯᠲᠠᠲᠠᠢ ᠵᠠᠯᠭᠠᠯᠳᠤᠭᠰᠠᠨ ᠤ ᠳᠠᠷᠠᠭ᠎ᠠ᠂ ᠰᠢᠯᠢ ᠶᠢᠨ ᠭᠤᠣᠯ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠪᠥᠬᠦ ᠠᠵᠢᠯᠲᠠᠳ ᠤᠯᠤᠰ ᠤᠨ ᠴᠠᠬᠢᠯᠭᠠᠨ ᠲᠣᠣᠷ ᠤᠨ ᠤᠮᠠᠷᠠᠲᠤ ᠶᠢᠨ ᠴᠠᠬᠢᠯᠭᠠᠨ ᠬᠦᠴᠦᠨ ᠤ ᠲᠣᠬᠢᠷᠠᠭᠤᠯᠤᠨ ᠡᠵᠡᠮᠳᠡᠬᠦ ᠬᠤᠪᠢᠶᠠᠷᠢ ᠲᠥᠪ ᠯᠦᠭᠡ ᠢᠳᠡᠪᠬᠢᠯᠡᠨ ᠨᠢᠭᠲᠠᠷᠠᠯᠴᠠᠵᠤ᠂ ᠡᠳᠦᠷ ᠰᠥᠨᠢ ᠢᠯᠭᠠᠯ ᠦᠭᠡᠢ ᠪᠠᠷ ᠨᠠᠷᠢᠨ ᠬᠢᠨᠠᠮᠠᠭᠠᠢ ᠠᠵᠢᠯᠯᠠᠭᠤᠯᠤᠨ ᠲᠤᠷᠰᠢᠵᠤ᠂ ᠴᠠᠬᠢᠯᠭᠠᠨ ᠭᠠᠷᠭᠠᠭᠤᠷ ᠤᠨ ᠡᠵᠡᠮᠰᠢᠯ ᠬᠢᠭᠡᠳ ᠳᠠᠮᠵᠢᠭᠤᠯᠭ᠎ᠠ ᠶᠢ ᠬᠠᠮᠠᠭᠠᠯᠠᠬᠤ ᠲᠤᠷᠰᠢᠯᠲᠠ᠂ ᠳᠥᠲᠡᠯᠡᠯ ᠣᠨᠴᠠᠯᠢᠭᠲᠤ ᠲᠤᠷᠰᠢᠯᠲᠠ᠂ ᠬᠠᠩᠬᠠᠶ ᠣᠨᠴᠠᠯᠢᠭᠲᠤ ᠲᠤᠷᠰᠢᠯᠲᠠ᠂ ᠬᠠᠭᠤᠷᠮᠠᠭ ᠠᠳᠠᠯᠢ ᠬᠤᠭᠤᠴᠠᠭᠠᠨ ᠤ ᠲᠤᠷᠰᠢᠯᠲᠠ ᠵᠡᠷᠭᠡ ᠴᠠᠬᠢᠯᠭᠠᠨ ᠲᠣᠣᠷ ᠲᠤ ᠵᠠᠯᠭᠠᠬᠤ ᠠᠴᠠ ᠡᠮᠦᠨᠡᠬᠢ ᠴᠢᠬᠤᠯᠠ ᠲᠤᠷᠰᠢᠯᠲᠠ ᠶᠢ ᠲᠣᠭᠲᠠᠭᠠᠯ ᠶᠣᠰᠣᠭᠠᠷ ᠪᠡᠶᠡᠯᠡᠭᠦᠯᠵᠦ᠂ ᠡᠯ᠎ᠡ ᠵᠦᠢᠯ ᠤᠨ ᠭᠦᠢᠴᠡᠳᠬᠡᠯ ᠲᠣᠭᠠᠨ ᠤ ᠬᠢᠷᠢ ᠲᠡᠩᠴᠡᠯᠲᠡ ᠶᠢ ᠦᠨᠡᠨ ᠬᠦ ᠪᠠᠲᠤᠯᠠᠨ᠂ ᠮᠠᠰᠢᠨ ᠴᠣᠭᠴᠠᠯᠠᠪᠤᠷᠢ ᠶᠢᠨ ᠴᠠᠬᠢᠯᠭᠠᠨ ᠲᠣᠣᠷ ᠲᠤ ᠠᠮᠵᠢᠯᠲᠠᠲᠠᠢ ᠵᠠᠯᠭᠠᠨ ᠴᠠᠬᠢᠯᠭᠠᠨ ᠭᠠᠷᠭᠠᠬᠤ ᠵᠠᠩᠭᠢᠯᠠᠭ᠎ᠠ ᠶᠢᠨ ᠰᠢᠯᠭᠠᠯᠲᠠ ᠶᠢ ᠤᠷᠤᠭᠰᠢᠲᠠᠢ ᠦᠩᠭᠡᠷᠡᠭᠦᠯᠬᠦ ᠶᠢ ᠪᠠᠲᠤᠯᠠᠭᠰᠠᠨ ᠪᠠᠶᠢᠨ᠎ᠠ᠃      ᠡᠨᠡ ᠬᠦ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠮᠠᠰᠢᠨ ᠴᠣᠭᠴᠠᠯᠠᠪᠤᠷᠢ ᠶᠢᠨ ᠬᠡᠷᠡᠭᠯᠡᠭᠡᠨ ᠳᠤ ᠣᠷᠤᠬᠤ ᠶᠢ ᠳᠠᠭᠠᠯᠳᠤᠨ᠂ ᠦᠨᠳᠦᠷ ᠬᠦᠴᠦᠳᠡᠯᠲᠦ ᠴᠡᠪᠡᠷ ᠴᠠᠬᠢᠯᠭᠠᠨ ᠡᠨᠧᠷᠭᠢ ᠨᠢ ᠬᠤᠯᠠ ᠵᠠᠶᠢᠲᠤ ᠣᠨᠴᠠ ᠥᠨᠳᠥᠷ ᠬᠦᠴᠦᠳᠡᠯᠲᠦ ᠴᠠᠬᠢᠯᠭᠠᠨ ᠳᠠᠮᠵᠢᠭᠤᠯᠬᠤ ᠨᠡᠪᠲᠡᠷᠡᠯ ᠵᠠᠮ ᠢᠶᠠᠷ ᠳᠠᠮᠵᠢᠨ ᠪᠡᠭᠡᠵᠢᠩ ᠾᠧᠪᠸᠢ ᠱᠠᠨᠳᠦ᠋ᠩ ᠵᠢᠶᠠᠩᠰᠤ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠣᠯᠭᠤᠬᠤ ᠪᠥᠭᠡᠳ ᠤᠳᠠᠯ ᠦᠭᠡᠢ ᠲᠠᠯᠠᠢ ᠳᠠᠭᠠᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠨᠠᠮᠳᠠᠭᠤᠯᠤᠨ᠂ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠴᠢᠬᠤᠯᠠ ᠦᠢᠯᠡᠳᠦᠯ ᠦᠵᠡᠭᠦᠯᠬᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号