ᠬᠥᠯᠥᠨ ᠪᠤᠶᠢᠷ ᠬᠤᠲᠠ ᠬᠤᠲᠠ ᠬᠥᠳᠡᠭᠡ ᠶᠢᠨ ᠡᠮ ᠡᠮᠨᠡᠯᠭᠡ ᠶᠢᠨ ᠳᠠᠭᠠᠳᠬᠠᠯ ᠤᠨ ᠨᠥᠬᠦᠪᠥᠷᠢ ᠶᠢᠨ ᠤᠷᠤᠭᠤᠯᠤᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠪᠡ
ᠨᠡᠶᠢᠲᠡᠯᠡᠭᠰᠡᠨ ᠴᠠᠭ᠄
2018/9/20
     ︽2018 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠥᠷᠢ ᠪᠡᠯᠡ ᠮᠥᠩᠭᠦ ᠶᠢ ᠰᠠᠯᠭᠠᠨ ᠥᠭᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠮᠡᠳᠡᠭᠳᠡᠯ︾ ᠪᠣᠯᠤᠨ ︽ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠲᠥᠪ ᠤᠨ ᠡᠳ᠋ ᠤᠨ ᠵᠠᠰᠠᠭ ᠤᠨ ᠨᠦᠬᠦᠪᠦᠷᠢ ᠪᠠᠯᠠ ᠮᠥᠩᠭᠦ ᠶᠢ ᠰᠠᠯᠭᠠᠨ ᠦᠭᠬᠦ ᠠᠷᠭ᠎ᠠ ᠳᠤ ᠵᠠᠰᠠᠪᠤᠷᠢ ᠤᠷᠤᠭᠤᠯᠬᠤ ᠲᠤᠬᠠᠢ ᠡᠳ᠋ ᠤᠨ ᠵᠠᠰᠠᠭ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ ᠤᠨ ᠮᠡᠳᠡᠭᠳᠡᠯ ︾᠎ ᠤᠨ ᠱᠠᠭᠠᠷᠳᠠᠯᠭ᠎ᠠ ᠶᠣᠰᠣᠭᠠᠷ᠂ ᠬᠥᠯᠥᠨ ᠪᠤᠶᠢᠷ ᠬᠤᠲᠠ 2018 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠯ᠎ᠡ ᠱᠠᠲᠤᠨ ᠤ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠲᠦᠷᠦᠭᠦᠦ ᠵᠢᠯ ᠬᠦᠮᠦᠨ ᠪᠦᠷᠢ ᠵᠢᠯ ᠳᠤ 450 ᠲᠥᠭᠦᠷᠢᠭ ᠪᠠᠶᠢᠭᠰᠠᠨ ᠠᠴᠠ ᠨᠢ 490 ᠲᠥᠭᠦᠷᠢᠭ ᠪᠤᠯᠭᠠᠨ ᠨᠡᠮᠡᠭᠳᠡᠭᠦᠯᠵᠦ᠂ ᠨᠡᠮᠡᠭᠳᠡᠭᠰᠡᠨ ᠬᠡᠰᠡᠭ ᠤᠨ 80%᠎ ᠶᠢ ᠨᠢ ᠲᠥᠪ ᠤᠨ ᠡᠳ᠋ ᠤᠨ ᠵᠠᠰᠠᠭ ᠤᠨ ᠨᠥᠬᠦᠪᠥᠷᠢ ᠠᠴᠠ ᠨᠦᠬᠦᠪᠦᠷᠢᠯᠡᠬᠦ ᠪᠤᠯᠪᠠ᠂ ᠲᠤᠬᠠᠶᠢᠯᠠᠪᠠᠯ ᠲᠥᠪ ᠤᠨ ᠡᠳ᠋ ᠤᠨ ᠵᠠᠰᠠᠭ ᠠᠴᠠ 356 ᠲᠦᠬᠦᠷᠢᠭ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 67 ᠲᠥᠭᠦᠷᠢᠭ ᠢ ᠡᠭᠦᠷᠭᠡᠯᠡᠵᠦ᠂ ᠠᠶᠢᠮᠠᠭ ᠬᠤᠲᠠ ᠵᠢᠴᠢ ᠬᠤᠰᠢᠭᠤ ᠬᠤᠲᠠ ᠲᠤᠭᠤᠷᠢᠭ ᠲᠤᠰ ᠲᠤᠰ 33.5 ᠲᠥᠭᠦᠷᠢᠭ ᠡᠭᠦᠷᠭᠡᠯᠡᠬᠦ ᠪᠤᠯᠤᠨ᠎ᠠ᠃      ᠬᠥᠯᠥᠨ ᠪᠤᠶᠢᠷ ᠬᠤᠳᠠ ᠶᠢᠨ ᠡᠳ᠋ ᠤᠨ ᠵᠠᠰᠠᠭ ᠵᠡᠷᠭᠡ ᠰᠠᠯᠠᠭ᠎ᠠ ᠮᠦᠴᠢᠷ ᠤᠳ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠷᠣᠨ ᠨᠤᠲᠤᠭ ᠤᠨ ᠢᠵᠢ ᠪᠦᠷᠢᠳᠦᠭᠦᠯᠬᠦ ᠪᠡᠯᠡ ᠮᠦᠩᠭᠦ ᠶᠢ ᠲᠤᠭ᠎ᠠ ᠶᠣᠰᠣᠭᠠᠷ ᠨᠢ ᠨᠠᠶᠢᠳᠠᠪᠤᠷᠢᠵᠢᠭᠤᠯᠪᠠ᠃ ᠣᠳᠣᠬᠠᠨ ᠪᠣᠯᠲᠠᠯ᠎ᠠ᠂ ᠨᠢᠭᠡᠨᠲᠡ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠪ ᠤᠨ ᠡᠳ᠋ ᠤᠨ ᠵᠠᠰᠠᠭ ᠤᠨ ᠨᠥᠬᠦᠪᠥᠷᠢ ᠪᠡᠯᠡ ᠮᠥᠩᠭᠦ ᠶᠢ 50230 ᠲᠦᠮᠡᠨ ᠲᠦᠬᠦᠷᠢᠭ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠦᠬᠦᠪᠦᠷᠢ ᠪᠡᠯᠡ ᠮᠦᠩᠭᠦ ᠶᠢ 9460 ᠲᠦᠮᠡᠨ ᠲᠥᠭᠦᠷᠢᠭ᠂ ᠬᠤᠲᠠ ᠶᠢᠨ ᠲᠤᠰ ᠱᠠᠲᠤᠨ ᠤ ᠨᠥᠬᠦᠪᠥᠷᠢ ᠪᠡᠯᠡ ᠮᠥᠩᠭᠦ ᠶᠢ 4759.4 ᠲᠦᠮᠡᠨ ᠲᠥᠭᠦᠷᠢᠭ ᠰᠠᠯᠭᠠᠨ ᠦᠭᠴᠦ᠂ ᠪᠥᠬᠦ ᠬᠤᠲᠠ ᠶᠢᠨ 141.26 ᠲᠦᠮᠡᠨ ᠳᠠᠭᠠᠳᠬᠠᠯ ᠳᠤ ᠣᠷᠣᠯᠴᠠᠭᠰᠠᠨ ᠬᠥᠮᠦᠨ ᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠤᠳᠤᠯᠭ᠎ᠠ ᠶᠢᠨ ᠬᠠᠷᠠᠭᠠᠯᠵᠠᠯ ᠬᠦᠷᠲᠡᠬᠦ ᠪᠡᠯᠡ ᠮᠦᠩᠭᠦ ᠶᠢ ᠪᠠᠲᠤᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号