ᠡᠯᠧᠺᠲᠷᠤᠨ ᠬᠤᠳᠠᠯᠳᠤᠭᠠᠨ ᠤ ᠶᠠᠪᠤᠳᠠᠯ ᠬᠢᠭᠡᠳ ᠲᠥᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠵᠣᠬᠢᠴᠠᠯᠳᠤᠨ ᠬᠦᠭᠵᠢᠬᠦ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2018-09-20
                      ᠥᠪᠥᠷ ᠵᠠᠰᠠᠭ ᠠᠯᠪᠠᠨ ᠲᠠᠷᠬᠠᠭᠠᠭᠰᠠᠨ ﹇2018﹈ 38 ᠳ᠋ᠤᠭᠠᠷ ᠲᠤᠭᠠᠳᠤ                                       2018 ᠣᠨ ᠤ 6 ᠳ᠋ᠤᠭᠠᠷ ᠰᠠᠷ᠎ᠠ ᠶᠢᠨ 7᠎ ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠡᠯᠧᠺᠲᠷᠤᠨ ᠬᠤᠳᠠᠯᠳᠤᠭᠠᠨ ᠤ ᠶᠠᠪᠤᠳᠠᠯ ᠬᠢᠭᠡᠳ ᠲᠥᠷᠭᠡᠨ ᠢᠯᠡᠭᠡᠯᠲᠠ ᠶᠢᠨ ᠪᠠᠷᠠᠭᠠᠨ ᠤ ᠭᠦᠢᠯᠭᠡᠭᠡᠨ ᠤ ᠵᠣᠬᠢᠴᠠᠯᠳᠤᠨ ᠬᠦᠭᠵᠢᠬᠦ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2018﹈ 1 ᠳ᠋ᠤᠭᠡᠷ ᠲᠣᠭᠠᠲᠤ︶᠎ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠵᠣᠬᠢᠴᠠᠯᠳᠤᠨ ᠬᠦᠭᠵᠢᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠡᠳᠦᠭᠡ ᠳᠣᠣᠷᠠᠬᠢ ᠰᠠᠨᠠᠯ ᠢ ᠳᠤᠷᠠᠳᠪᠠ᠃      ᠨᠢᠭᠡ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠥᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠰᠠᠭᠤᠷᠢ ᠪᠠᠯᠡᠳᠭᠡᠮᠵᠢ ᠶᠢ ᠲᠡᠭᠦᠯᠳᠡᠷᠵᠢᠭᠦᠯᠦᠨ᠎ᠡ      ︵ᠨᠢᠭᠡ︶ ᠵᠣᠬᠢᠴᠠᠯᠳᠤᠭᠤᠯᠤᠨ ᠬᠦᠭᠵᠢᠭᠦᠯᠬᠦ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠡᠯᠧᠺᠲᠷᠤᠨ ᠬᠤᠳᠠᠯᠳᠤᠭᠠᠨ ᠤ ᠶᠠᠪᠤᠳᠠᠯ ᠬᠢᠭᠡᠳ ᠲᠥᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠢ ᠵᠣᠬᠢᠴᠠᠯᠳᠤᠭᠤᠯᠤᠨ ᠬᠦᠭᠵᠢᠭᠦᠯᠬᠦ ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠵᠢᠭᠦᠯᠦᠨ᠂ ᠨᠤᠲᠤᠭ ᠪᠦᠰᠡ ᠶᠢᠨ ᠣᠷᠣᠨ ᠤ ᠪᠠᠶᠢᠷᠢᠰᠢᠯ᠂ ᠴᠢᠳᠠᠪᠬᠢ ᠶᠢᠨ ᠪᠠᠶᠢᠷᠢ ᠲᠣᠭᠲᠠᠭᠠᠯᠲᠠ᠂ ᠬᠦᠭᠵᠢᠯᠲᠡ ᠶᠢᠨ ᠬᠢᠷᠢ ᠲᠦᠪᠰᠢᠨ ᠵᠡᠷᠭᠡ ᠬᠦᠴᠦᠨ ᠵᠦᠢᠯ ᠢ ᠶᠡᠷᠦᠩᠬᠡᠢ ᠳᠤᠨᠢ ᠪᠣᠳᠣᠯᠬᠢᠯᠠᠵᠤ᠂ ᠡᠯᠧᠺᠲᠷᠤᠨ ᠬᠤᠳᠠᠯᠳᠤᠭᠠᠨ ᠤ ᠶᠠᠪᠤᠳᠠᠯ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠬᠦᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠢ᠃ ᠲᠦᠷᠭᠡᠨ ᠢᠯᠡᠭᠡᠯᠲᠡ ᠶᠢᠨ ᠲᠡᠭᠦᠰᠭᠡᠯ ᠶᠡᠷᠦᠩᠬᠡᠶᠢᠯᠡᠭᠰᠡᠨ ᠦᠢᠯᠡᠴᠢᠯᠡᠭᠡ ᠶᠢᠨ ᠭᠠᠵᠠᠷ ᠲᠠᠯᠠᠪᠠᠢ᠂ ᠲᠥᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠯᠦᠭᠡ ᠬᠤᠯᠪᠣᠭᠳᠠᠭᠰᠠᠨ ᠬᠦᠮᠦᠷᠭᠡᠯᠡᠨ ᠬᠠᠳᠠᠭᠠᠯᠠᠬᠤ᠂ ᠬᠤᠪᠢᠶᠠᠨ ᠰᠠᠯᠭᠠᠵᠤ ᠦᠭᠬᠦ᠂ ᠲᠣᠬᠢᠷᠠᠭᠤᠯᠤᠨ ᠬᠦᠷᠭᠡᠬᠦ ᠵᠡᠷᠭᠡ ᠪᠡᠯᠡᠳᠭᠡᠮᠵᠢ ᠶᠢ ᠨᠠᠷᠢᠨ ᠲᠥᠯᠥᠪᠵᠢᠭᠦᠯᠭᠡ ᠳᠤ ᠣᠷᠤᠭᠤᠯᠵᠤ᠂ ᠤᠶᠤᠨᠴᠢ ᠲᠥᠷᠭᠡᠨ ᠢᠯᠡᠭᠡᠯᠲᠡ ᠶᠢᠨ ᠬᠠᠶᠢᠷᠴᠠᠭ ᠪᠣᠯᠣᠨ ᠲᠥᠷᠭᠡᠨ ᠢᠯᠡᠭᠡᠯᠲᠡ ᠶᠢᠨ ᠲᠡᠭᠦᠰᠭᠡᠯ ᠶᠡᠷᠦᠩᠬᠡᠶᠢᠯᠡᠭᠰᠡᠨ ᠦᠢᠯᠡᠴᠢᠯᠡᠭᠡ ᠶᠢᠨ ᠭᠠᠵᠠᠷ ᠲᠠᠯᠠᠪᠠᠢ ᠶᠢ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠭᠡᠮᠵᠢ ᠶᠢᠨ ᠬᠠᠮᠢᠶ᠎ᠠ ᠪᠦᠬᠦᠢ ᠲᠥᠯᠥᠪᠵᠢᠭᠦᠯᠭᠡ ᠳᠤ ᠣᠷᠤᠭᠤᠯᠵᠤ᠂ ᠵᠣᠬᠢᠴᠠᠭᠤᠯᠬᠤ ᠲᠣᠭᠲᠠᠴᠠ ᠪᠠᠶᠢᠭᠤᠯᠤᠨ᠂ ᠬᠠᠮᠢᠶ᠎ᠠ ᠪᠦᠬᠦᠢ ᠲᠥᠯᠥᠪᠵᠢᠭᠦᠯᠭᠡ ᠶᠢᠨ ᠬᠤᠭᠤᠷᠣᠨᠳᠤᠬᠢ ᠪᠦᠲᠦᠮᠵᠢᠲᠡᠢ ᠲᠠᠢ ᠵᠣᠯᠭᠠᠭᠤᠯᠲᠠ ᠪᠠ ᠨᠢᠭᠡᠳᠦᠯᠲᠡᠢ ᠬᠠᠮᠢᠶᠠᠷᠤᠯᠲᠠ ᠶᠢ ᠴᠢᠩᠭᠠᠳᠬᠠᠨ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠦᠭᠵᠢᠯᠲᠡ ᠳᠤ ᠵᠤᠬᠢᠴᠠᠭᠰᠠᠨ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠶᠢᠨ ᠰᠢᠰᠲ᠋ᠧᠮᠵᠢ ᠶᠢ ᠴᠣᠭᠴᠠᠯᠠᠨ ᠪᠠᠶᠢᠭᠤᠯᠬᠤ ᠬᠡᠷᠡᠭᠲᠡᠢ᠃ 2020 ᠣᠨ ᠪᠣᠯᠲᠠᠯ᠎ᠠ᠂ ᠠᠶᠢᠮᠠᠭ ᠬᠤᠲᠠ ᠳᠤ ᠬᠦᠷᠢᠶᠡᠯᠡᠩ ᠲᠣᠭᠤᠷᠢᠭ ᠲᠠᠢ᠂ ᠬᠤᠰᠢᠭᠤ ᠰᠢᠶᠠᠨ ︵ᠬᠤᠲᠠ᠂ ᠲᠣᠭᠤᠷᠢᠭ︶᠎ ᠳᠤ ᠬᠤᠪᠢᠶᠠᠨ ᠰᠠᠯᠭᠠᠵᠤ ᠥᠭᠬᠦ ᠭᠠᠵᠠᠷ ᠲᠠᠢ᠂ ᠰᠤᠮᠤ ᠰᠢᠶᠠᠩ ᠪᠠᠯᠭᠠᠰᠤ ᠳᠤ ᠲᠣᠣᠷ ᠴᠢᠬ ᠲᠠᠢ᠂ ᠭᠠᠴᠠᠭ᠎ᠠ ᠲᠤᠰᠬᠤᠨ ᠳᠤ ᠲᠦᠷᠭᠡᠨ ᠢᠯᠡᠭᠡᠯᠲᠡ ᠨᠡᠪᠲᠡᠷᠡᠭᠰᠡᠨ ᠪᠠᠶᠢᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠲᠢᠩᠬᠢᠮ ᠵᠡᠷᠭᠡ ᠰᠠᠯᠠᠭ᠎ᠠ ᠮᠦᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ︵ᠬᠤᠶᠠᠷ︶ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠪᠠᠲᠤᠯᠠᠨ᠎ᠠ᠃ ᠣᠳᠣ ᠶᠢᠨ ᠭᠠᠵᠠᠷ ᠬᠡᠷᠡᠭᠯᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠪᠠᠲᠤᠯᠠᠬᠤ ᠬᠡᠷᠡᠭᠲᠡᠢ᠃ ᠣᠳᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠤᠭᠠᠷ᠂ ᠬᠠᠮᠢᠶ᠎ᠠ ᠪᠦᠬᠦᠢ ᠠᠵᠤ ᠦᠢᠯᠡᠰ ᠨᠢ ᠤᠷᠲᠤ ᠬᠤᠭᠤᠴᠠᠭ᠎ᠠ ᠪᠠᠷ ᠲᠦᠷᠢᠶᠠᠰᠦᠯᠡᠬᠦ᠂ ᠤᠷᠢᠳᠠᠪᠠᠷ ᠲᠥᠷᠢᠶᠠᠰᠤᠯᠡᠨ ᠳᠠᠷᠠᠭ᠎ᠠ ᠨᠢ ᠰᠢᠯᠵᠢᠭᠦᠯᠬᠦ᠂ ᠲᠥᠷᠢᠶᠡᠰᠦᠯᠡᠬᠦ ᠪᠠ ᠰᠢᠯᠵᠢᠭᠦᠯᠬᠦ ᠶᠢ ᠤᠶᠠᠯᠳᠤᠭᠤᠯᠬᠤ᠂ ᠬᠠᠷᠢᠮᠠᠬᠠᠢ ᠴᠢᠨᠠᠷ ᠲᠠᠢ ᠪᠠᠷ ᠲᠥᠯᠥᠪᠦᠷᠢᠲᠠᠢ ᠰᠢᠯᠵᠢᠭᠦᠯᠬᠦ ᠵᠡᠷᠭᠡ ᠠᠷᠭ᠎ᠠ ᠮᠠᠶ᠋ᠢᠭ ᠢ ᠬᠡᠷᠡᠭᠯᠡᠵᠦ ᠪᠠᠶᠢᠭᠠᠳ ᠭᠠᠵᠠᠷ ᠰᠢᠷᠤᠢ ᠶᠢ ᠬᠡᠷᠡᠭᠯᠡᠵᠦ ᠪᠣᠯᠣᠨ᠎ᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠳ ᠤᠨ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ᠂ ᠰᠠᠩ ᠬᠦᠮᠦᠷᠭᠡ ᠪᠣᠯᠣᠨ ᠤᠭ ᠤᠨ ᠪᠠᠶᠢᠭᠰᠠᠨ ᠭᠠᠵᠠᠷ ᠰᠢᠷᠤᠢ ᠶᠢᠨ ᠡᠬᠢ ᠪᠠᠶᠠᠯᠢᠭ ᠢ ᠠᠰᠢᠭᠯᠠᠨ ᠪᠠᠷᠠᠭᠠᠨ ᠤ ᠭᠦᠢᠯᠭᠡᠭᠡᠨ ᠤ ᠪᠡᠯᠡᠳᠭᠡᠮᠵᠢ ᠪᠠᠶᠢᠭᠤᠯᠬᠤ ᠪᠣᠶᠤ ᠪᠠᠷᠠᠭᠠᠨ ᠤ ᠭᠦᠢᠯᠭᠡᠭᠡ ᠶᠢᠨ ᠦᠢᠯᠡᠴᠢᠯᠡᠭᠡ ᠬᠠᠩᠭᠠᠬᠤ ᠳᠤ᠂ ᠤᠭ ᠤᠨ ᠬᠤᠪᠢᠶᠠᠷᠢᠯᠠᠨ ᠰᠠᠯᠭᠠᠭᠰᠠᠨ ᠭᠠᠵᠠᠷ ᠰᠢᠷᠤᠢ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠦᠭᠬᠦ ᠪᠣᠶᠤ ᠲᠥᠷᠢᠶᠠᠰᠦᠯᠡᠬᠦ ᠳᠤ ᠬᠤᠯᠪᠣᠭᠳᠠᠭᠰᠠᠨ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠤᠭᠠᠷ ᠭᠠᠵᠠᠷ ᠰᠢᠷᠤᠢ ᠶᠢ ᠲᠥᠯᠥᠪᠦᠷᠢᠲᠡᠢ ᠬᠡᠷᠡᠭᠯᠡᠬᠦ ᠭᠠᠷᠳᠠᠮ ᠢ ᠭᠦᠢᠴᠡᠳᠭᠡᠨ᠂ ᠵᠦᠪᠰᠢᠶᠡᠷᠡᠭᠦᠯᠦᠭᠡᠳ ᠬᠡᠯᠡᠯᠴᠡᠭᠡᠷ ᠲᠣᠭᠲᠠᠭᠠᠬᠤ ᠠᠷᠭ᠎ᠠ ᠮᠠᠶ᠋ᠢᠭ ᠢ ᠬᠡᠷᠡᠭᠯᠡᠨ ᠲᠥᠯᠥᠪᠦᠷᠢᠲᠡᠢ ᠪᠠᠷ ᠰᠢᠯᠵᠢᠭᠦᠯᠵᠦ ᠪᠣᠯᠣᠨ᠎ᠠ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠨᠢ ᠤᠭ ᠤᠨ ᠪᠠᠶᠢᠭᠰᠠᠨ ᠭᠡᠷ ᠪᠠᠶᠢᠰᠢᠩ ᠪᠠ ᠭᠠᠵᠠᠷ ᠰᠢᠷᠤᠢ ᠶᠢᠨ ᠡᠬᠢ ᠪᠠᠶᠠᠯᠢᠭ ᠢ ᠠᠰᠢᠭᠯᠠᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠠᠷᠢᠯᠴᠠᠨ ᠦᠢᠯᠡᠳᠦᠯᠴᠡᠬᠦ ᠲᠤᠬᠠᠶᠢᠯᠠᠭᠰᠠᠨ ᠠᠵᠢᠯ ᠢ ᠬᠦᠭᠵᠢᠭᠦᠯᠬᠦ ᠳᠤ᠂ 5 ᠵᠢᠯ ᠤᠨ ᠳᠣᠲᠣᠷ᠎ᠠ ᠭᠠᠵᠠᠷ ᠰᠢᠷᠤᠢ ᠶᠢᠨ ᠤᠭ ᠤᠨ ᠬᠡᠷᠡᠭᠯᠡᠭᠡᠨ ᠪᠣᠯᠣᠨ ᠡᠷᠬᠡ ᠠᠰᠢᠭ ᠤᠨ ᠲᠥᠷᠥᠯ ᠬᠡᠯᠪᠡᠷᠢ ᠶᠢ ᠨᠢ ᠥᠯᠥ ᠬᠤᠪᠢᠷᠠᠭᠤᠯᠬᠤ ᠶᠢ ᠪᠠᠲᠤᠯᠠᠨ᠂ 5 ᠵᠢᠯ ᠤᠨ ᠬᠤᠭᠤᠴᠠᠭ᠎ᠠ ᠨᠢ ᠳᠠᠭᠤᠰᠤᠭᠰᠠᠨ ᠤ ᠳᠠᠷᠠᠭ᠎ᠠ ᠭᠠᠵᠠᠷ ᠬᠡᠷᠡᠭᠯᠡᠬᠦ ᠬᠠᠮᠢᠶ᠎ᠠ ᠪᠦᠬᠦᠢ ᠭᠠᠷᠳᠠᠮ ᠢ ᠵᠠᠪᠠᠯ ᠭᠦᠢᠴᠡᠳᠭᠡᠬᠦ ᠴᠢᠬᠤᠯᠠ ᠲᠠᠢ ᠪᠣᠯ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠤᠭᠠᠷ ᠭᠦᠢᠴᠡᠳᠭᠡᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ︵ᠭᠤᠷᠪᠠ︶ ᠰᠠᠭᠤᠷᠢ ᠪᠡᠯᠡᠳᠭᠡᠮᠵᠢ ᠶᠢᠨ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠢ ᠬᠦᠲᠦᠯᠦᠨ ᠵᠢᠯᠣᠭᠤᠳᠴᠦ ᠪᠠᠶᠢᠭᠠᠳ ᠪᠦᠬᠦ ᠤᠯᠤᠰ ᠤᠨ ᠴᠢᠨᠠᠷᠲᠠᠢ ᠵᠢᠴᠢ ᠤᠷᠤᠨ ᠪᠦᠰᠡ ᠶᠢᠨ ᠴᠢᠨᠠᠷᠲᠠᠢ ᠪᠠᠷᠠᠭᠠᠨ ᠤ ᠭᠦᠢᠯᠭᠡᠭᠡ ᠶᠢᠨ ᠵᠠᠩᠭᠢᠶᠠᠰᠤ ᠪᠣᠯᠬᠤ ᠬᠤᠲᠠ᠂ ᠤᠯᠤᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠬᠤᠲᠠ᠂ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠣᠨ ᠲᠦᠷᠭᠡᠨ ᠢᠯᠡᠭᠡᠯᠲᠡ ᠶᠢᠨ ᠵᠢᠱᠢᠶ᠎ᠡ ᠦᠵᠡᠭᠦᠯᠬᠦ ᠬᠤᠲᠠ ᠳᠤ ᠲᠦᠰᠢᠭᠯᠡᠨ᠂ ᠲᠥᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠲᠣᠣᠷ ᠰᠦᠯᠵᠢᠶ᠎ᠡ ᠶᠢᠨ ᠪᠠᠶᠢᠷᠢᠰᠢᠯ ᠢ ᠲᠡᠭᠦᠯᠳᠡᠷᠵᠢᠭᠦᠯᠵᠦ᠂ ᠲᠦᠷᠭᠡᠨ ᠢᠯᠡᠭᠡᠯᠲᠡ ᠶᠢᠨ ᠵᠦᠢᠯᠡᠰ ᠢ ᠰᠢᠢᠳᠪᠦᠷᠢᠯᠡᠬᠦ ᠲᠥᠪ᠂ ᠠᠭᠠᠷ ᠤᠨ ᠵᠢᠴᠢ ᠬᠠᠭᠤᠷᠠᠢ ᠵᠠᠮ ᠤᠨ ᠳᠡᠭᠡᠭᠡᠪᠦᠷᠢ ᠶᠢᠨ ᠲᠦᠪᠯᠡᠷᠡᠭᠦᠯᠵᠦ ᠬᠤᠪᠢᠶᠠᠷᠢᠯᠠᠬᠤ ᠲᠥᠪ ᠪᠣᠯᠣᠨ ᠦᠨᠳᠦᠰᠦᠨ ᠱᠠᠲᠤᠨ ᠤ ᠲᠣᠣᠷ ᠴᠢᠬ ᠵᠡᠷᠭᠡ ᠲᠣᠣᠷ ᠰᠦᠯᠵᠢᠶ᠎ᠡ ᠶᠢᠨ ᠵᠠᠩᠭᠢᠶᠠᠰᠤ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠳᠡᠰ ᠱᠠᠲᠤ ᠪᠠᠷ ᠵᠦᠢ ᠵᠣᠬᠢᠰᠲᠠᠢ᠂ ᠬᠡᠪᠴᠢᠶ᠎ᠡ ᠪᠠᠷ ᠲᠣᠬᠢᠷᠠᠮᠵᠢᠲᠠᠢ᠂ ᠬᠡᠷᠡᠭᠴᠡᠭᠡ ᠱᠠᠭᠠᠷᠳᠠᠯᠭ᠎ᠠ ᠯᠤᠭ᠎ᠠ ᠵᠣᠬᠢᠴᠠᠭᠰᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠲᠣᠣᠷ ᠰᠦᠯᠵᠢᠶ᠎ᠡ ᠶᠢ ᠴᠣᠭᠴᠠᠯᠠᠨ ᠪᠠᠶᠢᠭᠤᠯᠬᠤ ᠬᠡᠷᠡᠭᠲᠡᠢ᠃ ᠬᠦᠬᠡᠬᠤᠲᠠ ᠳᠤ ᠨᠢᠭᠡᠳᠦᠭᠡᠷ ᠳᠡᠰ ᠤᠨ ᠲᠦᠷᠭᠡᠨ ᠢᠯᠡᠭᠡᠯᠲᠡ ᠶᠢᠨ ᠲᠤᠰᠬᠠᠢ ᠲᠥᠷᠦᠯ ᠤᠨ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠢ ᠪᠠᠶᠢᠷᠢᠰᠢᠭᠤᠯᠤᠨ ᠪᠠᠶᠢᠭᠤᠯᠵᠤ᠂ ᠪᠣᠭᠤᠲᠤ ᠬᠤᠲᠠ᠂ ᠲᠥᠩᠯᠢᠶᠣᠣ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ ᠪᠣᠯᠣᠨ ᠦᠬᠠᠢ ᠬᠤᠲᠠ ᠳᠤ ᠬᠤᠶᠠᠳᠤᠭᠠᠷ ᠳᠡᠰ ᠤᠨ ᠲᠥᠷᠭᠡᠨ ᠢᠯᠡᠭᠡᠯᠲᠡ ᠶᠢᠨ ᠲᠤᠰᠬᠠᠢ ᠲᠥᠷᠥᠯ ᠤᠨ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠢ ᠪᠠᠶᠢᠷᠢᠰᠢᠭᠤᠯᠤᠨ ᠪᠠᠶᠢᠭᠤᠯᠤᠨ᠂ ᠪᠣᠰᠣᠳ ᠠᠶᠢᠮᠠᠭ ᠬᠤᠲᠠ ᠳᠤ ᠪᠣᠳᠠᠲᠠᠢ ᠲᠠᠢ ᠨᠢ ᠤᠶᠠᠯᠳᠤᠭᠤᠯᠤᠨ ᠭᠤᠷᠪᠠᠳᠤᠭᠠᠷ ᠳᠡᠰ ᠤᠨ ᠲᠦᠷᠭᠡᠨ ᠢᠯᠡᠭᠡᠯᠲᠡ ᠶᠢᠨ ᠲᠤᠰᠬᠠᠢ ᠲᠥᠷᠥᠯ ᠤᠨ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠢ ᠡᠳᠦᠢ ᠲᠡᠳᠦᠢ ᠪᠠᠶᠢᠷᠢᠰᠢᠭᠤᠯᠤᠨ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠲᠥᠷᠭᠡᠨ ᠢᠯᠡᠭᠡᠯᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠬᠤᠰᠢᠭᠤ ᠰᠢᠶᠠᠨ ︵ᠬᠤᠲᠠ᠂ ᠲᠣᠭᠤᠷᠢᠭ︶᠎ ᠳᠤ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠬᠤᠪᠢᠶᠠᠨ ᠰᠠᠯᠭᠠᠵᠤ ᠥᠭᠬᠦ ︵ᠲᠦᠪᠯᠡᠷᠡᠭᠦᠯᠵᠦ ᠬᠤᠪᠢᠶᠠᠷᠢᠯᠠᠬᠤ︶ ᠲᠥᠪ ᠪᠠᠶᠢᠭᠤᠯᠵᠤ᠂ 2018 ᠣᠨ ᠤ ᠡᠴᠦᠰ ᠪᠣᠯᠬᠤ ᠳᠤ ᠪᠦᠬᠦ ᠣᠷᠣᠨ ᠤ ᠡᠯ᠎ᠡ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠲᠥᠪᠯᠡᠷᠡᠭᠦᠯᠵᠦ ᠬᠤᠪᠢᠶᠠᠷᠢᠯᠠᠬᠤ ᠲᠥᠪ ᠢ ᠪᠦᠷᠢᠨ ᠪᠦᠷᠬᠦᠭᠦᠯᠬᠦ ᠶᠢ ᠪᠡᠶᠡᠯᠡᠭᠦᠯᠬᠦ ᠬᠡᠷᠡᠭᠲᠡᠢ᠃ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠪᠠᠷᠠᠭᠠᠨ ᠤ ᠭᠦᠢᠯᠭᠡᠭᠡ ᠶᠢᠨ ᠲᠣᠬᠢᠷᠠᠭᠤᠯᠤᠨ ᠬᠦᠷᠭᠡᠬᠦ ᠲᠥᠪ᠂ ᠰᠤᠮᠤ ᠰᠢᠶᠠᠩ ᠪᠠᠯᠭᠠᠰᠤ ᠶᠢᠨ ᠲᠣᠬᠢᠷᠠᠭᠤᠯᠤᠨ ᠬᠦᠷᠭᠡᠬᠦ ᠵᠠᠩᠭᠢᠶᠠᠰᠤ᠂ ᠭᠠᠴᠠᠭ᠎ᠠ ᠲᠤᠰᠬᠤᠨ ᠤ ᠣᠯᠠᠨ ᠨᠡᠶᠢᠲᠡ ᠶᠢᠨ ᠦᠢᠯᠡᠴᠢᠯᠡᠭᠡ ᠶᠢᠨ ᠴᠢᠬ ᠢᠶᠠᠷ ᠲᠤᠯᠭᠠᠭᠤᠷᠢᠯᠠᠯ ᠪᠣᠯᠭᠠᠭᠰᠠᠨ ᠮᠠᠯᠵᠢᠬᠤ ᠲᠠᠷᠢᠶᠠᠯᠠᠬᠤ ᠣᠷᠣᠨ ᠤ ᠲᠣᠬᠢᠷᠠᠭᠤᠯᠤᠨ ᠬᠦᠷᠭᠡᠬᠦ ᠲᠣᠣᠷ ᠰᠦᠯᠵᠢᠶ᠎ᠡ ᠶᠢ ᠪᠦᠷᠢᠨᠰᠢᠭᠦᠯᠦᠨ᠎ᠡ᠃ ᠰᠤᠮᠤ ᠰᠢᠶᠠᠩ ᠪᠠᠯᠭᠠᠰᠤ ᠶᠢᠨ ᠲᠦᠷᠭᠡᠨ ᠢᠯᠡᠭᠡᠯᠲᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 2018 ᠣᠨ ᠤ ᠡᠴᠦᠰ ᠪᠣᠯᠬᠤ ᠳᠤ ᠪᠦᠬᠦ ᠣᠷᠣᠨ ᠤ ᠰᠤᠮᠤ ᠰᠢᠶᠠᠩ ᠪᠠᠯᠭᠠᠰᠤ ᠶᠢᠨ ᠲᠦᠷᠭᠡᠨ ᠢᠯᠡᠭᠡᠯᠲᠡ ᠶᠢᠨ ᠲᠣᠣᠷ ᠴᠢᠬ ᠤᠨ ᠪᠦᠷᠢᠨ ᠪᠦᠷᠬᠦᠭᠦᠯᠬᠦ ᠨᠣᠷᠮ᠎ᠠ ᠶᠢ 95%᠎ ᠠᠴᠠ ᠳᠡᠭᠡᠭᠰᠢ ᠳᠤ ᠬᠦᠷᠦᠭᠦᠯᠦᠨ᠎ᠡ᠃ ᠭᠠᠴᠠᠭ᠎ᠠ ᠲᠤᠰᠬᠤᠨ ᠤ ᠲᠦᠷᠭᠡᠨ ᠢᠯᠡᠭᠡᠯᠲᠡ ᠶᠢᠨ ᠶᠡᠷᠦᠩᠬᠡᠶᠢᠯᠡᠭᠰᠡᠨ ᠦᠢᠯᠡᠴᠢᠯᠡᠭᠡ ᠶᠢᠨ ᠴᠢᠬ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠢᠯᠭᠡᠭᠡ ᠶᠢᠨ ᠲᠡᠭᠦᠰᠭᠡᠯ ᠦᠢᠯᠡᠴᠢᠯᠡᠭᠡ ᠶᠢᠨ ᠲᠣᠣᠷ ᠰᠦᠯᠵᠢᠶ᠎ᠡ ᠶᠢ ᠪᠦᠷᠢᠨᠰᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠥᠷ ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶      ︵ᠳᠥᠷᠪᠡ︶ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠢᠭᠡᠳ ᠳᠡᠰ ᠳᠡᠪᠰᠢᠭᠦᠯᠬᠦ ᠶᠢ ᠠᠬᠢᠭᠤᠯᠤᠨ᠎ᠠ᠃ ᠡᠯᠧᠺᠲᠷᠤᠨ ᠬᠤᠳᠠᠯᠳᠤᠭᠠᠨ ᠤ ᠶᠠᠪᠤᠳᠠᠯ ᠢ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠲᠥᠷᠥᠯ ᠵᠦᠢᠯ᠂ ᠪᠦᠬᠦ ᠤᠯᠤᠰ ᠤᠨ ᠬᠤᠲᠠ ᠶᠢᠨ ᠪᠠᠷᠠᠭᠠᠨ ᠤ ᠭᠦᠢᠯᠭᠡᠭᠡ ᠶᠢᠨ ᠤᠬᠠᠭᠠᠯᠢᠭ ᠲᠣᠬᠢᠷᠠᠭᠤᠯᠤᠨ ᠬᠦᠷᠭᠡᠬᠦ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠪᠠ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠳᠡᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠠᠵᠤ ᠠᠬᠤᠶᠢᠯᠠᠯ ᠳᠤ ᠣᠷᠣᠵᠤ ᠵᠢᠱᠢᠶ᠎ᠡ ᠦᠵᠡᠭᠦᠯᠦᠨ ᠬᠦᠳᠦᠯᠦᠨ ᠵᠢᠯᠣᠭᠤᠳᠬᠤ ᠦᠢᠯᠡᠳᠦᠯ ᠢ ᠨᠢ ᠭᠦᠢᠴᠡᠳ ᠪᠠᠳᠠᠷᠠᠭᠤᠯᠤᠨ᠂ ᠬᠤᠲᠠ ᠠᠴᠠ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠬᠦᠷᠲᠡᠯᠡᠬᠢ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠡᠵᠡᠩᠨᠡᠨ ᠪᠣᠷᠤᠯᠠᠭᠤᠯᠬᠤ ᠪᠠ ᠲᠣᠬᠢᠷᠠᠭᠤᠯᠤᠨ ᠬᠦᠷᠭᠡᠬᠦ ᠰᠢᠰᠲ᠋ᠧᠮᠵᠢ ᠳᠤ ᠢᠳᠡᠪᠬᠢᠲᠡᠢ ᠣᠷᠣᠯᠴᠠᠭᠤᠯᠵᠤ᠂ ᠠᠵᠤ ᠦᠢᠯᠡᠳᠪᠦᠷᠢ ᠶᠢᠨ ᠦᠢᠯᠡᠳᠬᠦᠨ ᠢ ᠬᠦᠳᠡᠭᠡ ᠲᠤᠰᠬᠤᠨ ᠳᠤ ᠪᠠᠭᠤᠯᠭᠠᠬᠤ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠥᠭᠰᠦᠬᠦ ᠶᠢᠨ ᠬᠤᠣᠰ ᠴᠢᠭᠯᠡᠯᠲᠦ ᠭᠦᠢᠯᠭᠡᠭᠡᠨ ᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠥᠷ ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠠᠢ ᠬᠠᠮᠲᠤᠷᠠᠯᠴᠠᠨ ᠬᠠᠷᠢᠭᠤᠴᠠᠨ᠎ᠠ︶      ᠬᠤᠶᠠᠷ᠂ ᠵᠣᠬᠢᠴᠠᠯᠳᠤᠭᠤᠯᠤᠨ ᠬᠦᠭᠵᠢᠭᠦᠯᠬᠦ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠣᠷᠴᠢᠨ ᠨᠦᠬᠦᠴᠡᠯ ᠢ ᠰᠢᠯᠢᠳᠡᠭᠵᠢᠭᠦᠯᠦᠨ᠎ᠡ      ︵ᠲᠠᠪᠤ︶ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠦᠷᠭᠡᠨ ᠢᠯᠡᠭᠡᠯᠲᠡ ᠶᠢᠨ ᠦᠢᠯᠡᠰ ᠤᠨ ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠳᠥᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠳᠤ ᠨᠢᠭᠡ ᠯᠡ ᠠᠵᠤ ᠦᠢᠯᠡᠳᠪᠦᠷᠢ ᠬᠤᠳᠠᠯᠳᠤᠭ᠎ᠠ ᠶᠢᠨ ᠳᠠᠩᠰᠠᠯᠠᠨ ᠲᠡᠮᠳᠡᠭᠯᠡᠬᠦ ᠪᠠᠶᠢᠭᠤᠯᠭ᠎ᠠ ᠶᠢᠨ ᠬᠠᠮᠢᠶᠠᠷᠬᠤ ᠬᠦᠷᠢᠶ᠎ᠡ ᠬᠡᠪᠴᠢᠶᠡᠨ ᠳᠠᠬᠢ ︽ᠨᠢᠭᠡ ᠦᠨᠡᠮᠯᠡᠯ ᠳᠤ ᠣᠯᠠᠨ ᠬᠠᠶ᠋ᠢᠭ ᠲᠠᠢ ᠪᠠᠶᠢᠯᠭᠠᠬᠤ︾ ᠵᠠᠭᠪᠤᠷ ᠢ ᠬᠡᠷᠡᠭᠵᠢᠭᠦᠯᠦᠨ᠎ᠡ᠃ ᠲᠦᠷᠭᠡᠨ ᠢᠯᠡᠭᠡᠯᠲᠡ ᠶᠢᠨ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠦᠪᠰᠢᠶᠡᠷᠡᠬᠦ ᠳᠡᠰ ᠳᠠᠷᠠᠭᠠᠯᠠᠯ ᠢ ᠴᠣᠮᠬᠠᠳᠬᠠᠨ᠂ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠶᠢᠨ ᠳᠥᠷᠢᠮ ᠢ ᠥᠭᠡᠷᠡᠴᠢᠯᠡᠵᠦ᠂ ᠲᠦᠷᠭᠡᠨ ᠢᠯᠡᠭᠡᠯᠲᠡ ᠶᠢᠨ ᠲᠤᠬᠠᠶᠢᠯᠠᠭᠰᠠᠨ ᠠᠵᠢᠯ ᠡᠵᠡᠩᠨᠡᠬᠦ ᠠᠵᠤ ᠠᠬᠤᠶᠢᠯᠠᠯ ᠵᠢᠴᠢ ᠬᠤᠪᠢᠶᠠᠷᠢ ᠰᠠᠯᠪᠤᠷᠢ ᠪᠠᠶᠢᠭᠤᠯᠤᠮᠵᠢ ᠶᠢ ᠨᠡᠶᠢᠭᠡᠮ ᠲᠣᠭᠤᠷᠢᠭ᠂ ᠬᠤᠳᠠᠯᠳᠤᠭᠠᠨ ᠤ ᠲᠣᠭᠤᠷᠢᠭ᠂ ᠰᠤᠷᠭᠠᠭᠤᠯᠢ᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠵᠡᠷᠭᠡ ᠣᠷᠣᠨ ᠪᠦᠰᠡ ᠳᠤ ᠰᠢᠭᠤᠳ ᠪᠠᠶᠢᠭᠤᠯᠬᠤ᠂ ᠪᠣᠶᠤ ᠡᠯ᠎ᠡ ᠲᠥᠷᠥᠯ ᠤᠨ ᠬᠤᠳᠠᠯᠳᠤᠭᠠᠨ ᠤ ᠪᠠᠶᠢᠭᠤᠯᠤᠮᠵᠢ᠂ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠬᠠᠮᠢᠶᠠᠷᠤᠯᠲᠠ ᠶᠢᠨ ᠰᠠᠯᠠᠭ᠎ᠠ ᠮᠦᠴᠢᠷ ᠵᠡᠷᠭᠡ ᠳᠤ ᠨᠠᠶᠢᠳᠠᠵᠤ ᠲᠦᠷᠭᠡᠨ ᠢᠯᠡᠭᠡᠯᠲᠡ ᠶᠢᠨ ᠲᠡᠭᠦᠰᠭᠡᠯ ᠦᠢᠯᠡᠴᠢᠯᠡᠭᠡ ᠬᠠᠩᠭᠠᠬᠤ ᠳᠤ᠂ ᠲᠣᠭᠲᠠᠭᠰᠠᠨ ᠭᠠᠵᠠᠷ ᠲᠠᠯᠠᠪᠠᠢ᠂ ᠪᠡᠯᠡᠳᠭᠡᠮᠵᠢ ᠶᠢᠨ ᠲᠣᠣᠷ ᠴᠢᠬ ᠲᠠᠢ ᠪᠦᠭᠡᠳ ᠪᠦᠷᠢᠳᠭᠡᠨ ᠳᠠᠩᠰᠠᠯᠠᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠲᠥᠷᠭᠡᠨ ᠢᠯᠡᠭᠡᠯᠲᠡ ᠶᠢᠨ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠦᠪᠰᠢᠶᠡᠷᠡᠬᠦ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠵᠦᠪᠰᠢᠶᠡᠷᠡᠯ ᠤᠨ ᠪᠦᠷᠢᠳᠭᠡᠨ ᠳᠠᠩᠰᠠᠯᠠᠭᠤᠯᠬᠤ ᠵᠦᠢᠯᠡᠰ ᠢ ᠰᠦᠯᠵᠢᠶ᠎ᠡ ᠪᠠᠷ ᠨᠢᠭᠡᠳᠦᠯᠲᠡᠢ ᠭᠦᠢᠴᠡᠳᠭᠡᠬᠦ ᠶᠢ ᠪᠡᠶᠡᠯᠡᠭᠦᠯᠦᠨ᠎ᠡ᠃ ᠠᠵᠢᠯ ᠬᠡᠷᠡᠭ ᠤᠨ ᠳᠤᠮᠳᠠ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ︽ᠬᠤᠶᠠᠷ ᠢ ᠰᠤᠭᠤᠴᠢᠬᠤ᠂ ᠨᠢᠭᠡ ᠶᠢ ᠢᠯᠡ ᠪᠠᠶᠢᠯᠭᠠᠬᠤ︾ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠶᠠᠪᠤᠭᠳᠠᠭᠤᠯᠤᠨ᠎ᠠ᠃ ︵ᠥᠪᠥᠷ ᠮᠣᠩᠭᠤᠯ ᠤᠨ ᠰᠢᠤᠲᠠᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶      ︵ᠵᠢᠷᠭᠤᠭ᠎ᠠ︶ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ᠃ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠬᠦᠳᠦᠯᠦᠨ ᠵᠢᠯᠣᠭᠤᠳᠴᠤ ᠪᠠᠶᠢᠭᠠᠳ ᠲᠠᠸᠠᠷ ᠲᠤ ᠦᠨ᠎ᠡ ᠲᠣᠭᠲᠠᠭᠠᠬᠤ ᠬᠢᠭᠡᠳ ᠲᠦᠷᠭᠡᠨ ᠢᠯᠡᠭᠡᠯᠲᠡ ᠶᠢᠨ ᠦᠢᠯᠡᠴᠢᠯᠡᠭᠡ ᠳᠤ ᠦᠨ᠎ᠡ ᠲᠣᠭᠲᠠᠭᠠᠬᠤ ᠶᠢ ᠠᠯᠬᠤᠮ ᠠᠯᠬᠤᠮ ᠢᠶᠠᠷ ᠰᠠᠯᠭᠠᠵᠦ᠂ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠠᠴᠠ ᠬᠡᠷᠡᠭᠯᠡᠭᠰᠡᠳ ᠤᠨ ᠬᠡᠷᠡᠭᠴᠡᠭᠡᠨ ᠤ ᠱᠠᠭᠠᠷᠳᠠᠯᠭ᠎ᠠ ᠶᠢ ᠦᠨᠳᠦᠰᠦᠯᠡᠨ ᠠᠳᠠᠯᠢ ᠪᠣᠰᠤ ᠬᠤᠭᠤᠴᠠᠭᠠᠲᠤ ᠦᠢᠯᠡᠳᠦᠯ᠂ ᠠᠳᠠᠯᠢ ᠪᠣᠰᠤ ᠦᠨ᠎ᠡ ᠬᠠᠩᠰᠢ ᠲᠠᠢ ᠦᠷᠲᠡᠭ ᠨᠡᠮᠡᠭᠳᠡᠭᠦᠯᠬᠦ ᠦᠢᠯᠡᠴᠢᠯᠡᠭᠡ ᠬᠠᠩᠭᠠᠬᠤ ᠶᠢ ᠠᠬᠢᠭᠤᠯᠵᠤ᠂ ᠬᠡᠷᠡᠭᠯᠡᠭᠰᠡᠳ ᠲᠦᠷᠭᠡᠨ ᠢᠯᠡᠭᠡᠯᠲᠡ ᠶᠢᠨ ᠦᠢᠯᠡᠴᠢᠯᠡᠭᠡ ᠶᠢ ᠥᠪᠡᠷ ᠢᠶᠠᠨ ᠰᠤᠩᠭᠤᠬᠤ ᠡᠷᠬᠡ ᠬᠢᠵᠠᠭᠠᠷ ᠢ ᠴᠢᠯᠦᠭᠡᠲᠡᠢ ᠪᠣᠯᠭᠠᠵᠤ᠂ ᠦᠨ᠎ᠡ ᠬᠠᠩᠰᠢ ᠬᠢᠭᠡᠳ ᠦᠢᠯᠡᠴᠢᠯᠡᠭᠡ ᠶᠢᠨ ᠬᠠᠷᠢᠯᠴᠠᠨ ᠵᠣᠬᠢᠴᠠᠯᠳᠤᠬᠤ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠᠬᠠᠷᠢᠭᠤᠴᠠᠨ᠎ᠠ︶      ︵ᠳᠣᠯᠤᠭ᠎ᠠ︶ ᠲᠦᠷᠭᠡᠨ ᠢᠯᠡᠭᠡᠯᠲᠡ ᠶᠢᠨ ᠲᠡᠭᠦᠰᠭᠡᠯ ᠦᠢᠯᠡᠴᠢᠯᠡᠭᠡ ᠶᠢᠨ ᠣᠯᠠᠨ ᠨᠡᠶᠢᠲᠡ ᠳᠤ ᠬᠠᠷᠢᠶᠠᠯᠠᠭᠳᠠᠬᠤ ᠴᠢᠨᠠᠷ ᠢ ᠲᠣᠳᠣᠷᠬᠠᠶᠢᠯᠠᠨ᠎ᠠ᠃ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠭᠡᠮᠵᠢ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠤᠳ ᠤᠨ ᠬᠠᠮᠲᠤᠷᠠᠯᠴᠠᠵᠤ ᠲᠡᠭᠦᠰᠭᠡᠯ ᠶᠡᠷᠦᠩᠬᠡᠶᠢᠯᠡᠭᠰᠡᠨ ᠦᠢᠯᠡᠴᠢᠯᠡᠭᠡ ᠶᠢᠨ ᠭᠠᠵᠠᠷ ᠲᠠᠯᠠᠪᠠᠢ ᠪᠠᠶᠢᠭᠤᠯᠬᠤ ᠶᠢ ᠳᠡᠮᠵᠢᠵᠦ᠂ ᠨᠡᠶᠢᠭᠡᠮ ᠨᠡᠶᠢᠲᠡ ᠶᠢᠨ ᠡᠬᠢ ᠪᠠᠶᠠᠯᠢᠭ ᠢ ᠲᠦᠷᠭᠡᠨ ᠢᠯᠡᠭᠡᠯᠲᠡ ᠶᠢᠨ ᠦᠢᠯᠡᠴᠢᠯᠡᠭᠡ ᠲᠡᠰᠢ ᠴᠢᠯᠦᠭᠡᠲᠡᠢ ᠪᠣᠯᠭᠠᠬᠤ ᠶᠢ ᠠᠬᠢᠭᠤᠯᠤᠨ᠂ ᠤᠶᠤᠨᠴᠢ ᠲᠦᠷᠭᠡᠨ ᠢᠯᠡᠭᠡᠯᠲᠡ ᠶᠢᠨ ᠬᠠᠶᠢᠷᠴᠠᠭ᠂ ᠲᠦᠷᠭᠡᠨ ᠢᠯᠡᠭᠡᠯᠲᠡ ᠶᠢᠨ ᠲᠡᠭᠦᠰᠭᠡᠯ ᠶᠡᠷᠦᠩᠬᠡᠶᠢᠯᠡᠭᠰᠡᠨ ᠦᠢᠯᠡᠴᠢᠯᠡᠭᠡᠨ ᠤ ᠭᠠᠵᠠᠷ ᠲᠠᠯᠠᠪᠠᠢ ᠶᠢᠨ ᠣᠯᠠᠨ ᠨᠡᠶᠢᠲᠡ ᠳᠤ ᠬᠠᠷᠢᠶᠠᠯᠠᠭᠳᠠᠬᠤ ᠴᠢᠨᠠᠷ ᠢ ᠲᠣᠳᠣᠷᠬᠠᠶᠢᠯᠠᠨ᠂ ᠲᠤᠰᠬᠠᠶᠢᠵᠢᠭᠰᠠᠨ᠂ ᠣᠯᠠᠨ ᠨᠡᠶᠢᠲᠡᠵᠢᠬᠰᠡᠨ᠂ ᠲᠠᠪᠴᠠᠩᠵᠢᠭᠰᠠᠨ ᠪᠠ ᠡᠷᠴᠢᠮᠵᠢᠭᠰᠡᠨ ᠲᠦᠷᠭᠡᠨ ᠢᠯᠡᠭᠡᠯᠲᠡ ᠶᠢᠨ ᠲᠡᠭᠦᠰᠭᠡᠯ ᠲᠣᠣᠷ ᠴᠢᠬ ᠤᠨ ᠬᠡᠷᠡᠭᠯᠡᠬᠦ ᠭᠠᠵᠠᠷ᠂ ᠤᠰᠤ ᠴᠠᠬᠢᠯᠭᠠᠨ ᠵᠡᠷᠭᠡ ᠶᠢᠨ ᠲᠥᠭᠦᠷ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠥᠪᠥᠷ ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶      ︵ᠨᠠᠢᠮᠠ︶ ᠳ᠋ᠠᠶᠢᠲ᠋ᠠ ᠶᠢ ᠬᠠᠮᠲᠤ ᠳᠠᠭᠠᠨ ᠬᠦᠷᠲᠡᠬᠦ ᠶᠢ ᠠᠬᠢᠭᠤᠯᠤᠨ᠎ᠠ᠃ ᠡᠯᠧᠺᠲᠷᠤᠨ ᠬᠤᠳᠠᠯᠳᠤᠭᠠᠨ ᠤ ᠶᠠᠪᠤᠳᠠᠯ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠡᠯ᠎ᠡ ᠭᠤᠭᠴᠣᠭᠠᠨ ᠳᠠᠬᠢ ᠳ᠋ᠠᠶᠢᠲ᠋ᠠ ᠶᠢᠨ ᠵᠠᠯᠭᠠᠭᠤᠯᠬᠤ ᠪᠠᠷᠢᠮᠵᠢᠶ᠎ᠠ ᠪᠠᠶᠢᠭᠤᠯᠬᠤ ᠶᠢ ᠠᠬᠢᠭᠤᠯᠵᠤ᠂ ᠪᠡᠯᠡᠳᠭᠡᠮᠵᠢ ᠲᠦᠬᠦᠭᠡᠷᠦᠮᠵᠢ᠂ ᠠᠵᠢᠯᠯᠠᠭᠠᠨ ᠤ ᠴᠣᠪᠣᠷᠠᠯ᠂ ᠮᠡᠳᠡᠭᠡ ᠵᠠᠩᠭᠢ ᠰᠣᠯᠢᠯᠴᠠᠭ᠎ᠠ ᠶᠢᠨ ᠨᠢᠭᠡ ᠴᠣᠭᠴᠠᠵᠢᠬᠤ ᠶᠢ ᠠᠬᠢᠭᠤᠯᠤᠨ᠎ᠠ᠃ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠮᠡᠳᠡᠭᠡ ᠵᠠᠩᠭᠢ ᠶᠢᠨ ᠶᠡᠷᠦᠩᠬᠡᠶᠢᠯᠡᠭᠰᠡᠨ ᠦᠢᠯᠡᠴᠢᠯᠡᠭᠡ ᠶᠢᠨ ᠲᠠᠪᠴᠠᠩ ᠪᠠᠶᠢᠭᠤᠯᠬᠤ ᠶᠢ ᠵᠣᠷᠢᠬᠵᠢᠭᠤᠯᠤᠨ᠂ ᠬᠡᠷᠡᠭᠯᠡᠭᠰᠡᠳ ᠤᠨ ᠬᠤᠪᠢ ᠬᠦᠮᠦᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ ᠤᠷᠢᠳᠠᠯ ᠳᠣᠣᠷ᠎ᠠ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠵᠣᠷᠢᠬᠵᠢᠭᠤᠯᠬᠤ ᠪᠠ ᠬᠦᠲᠦᠯᠦᠨ ᠵᠢᠯᠣᠭᠤᠳᠴᠤ ᠪᠠᠶᠢᠭᠠᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠤᠨ ᠬᠤᠭᠤᠷᠣᠨᠳᠤ ᠳ᠋ᠠᠶᠢᠲ᠋ᠠ ᠪᠠᠨ ᠰᠣᠯᠢᠯᠴᠠᠨ ᠬᠠᠮᠲᠤ ᠳᠠᠭᠠᠨ ᠬᠦᠷᠲᠡᠬᠦ ᠶᠢ ᠦᠷᠨᠢᠭᠦᠯᠵᠦ᠂ ᠲᠣᠬᠢᠷᠠᠭᠤᠯᠤᠨ ᠬᠦᠷᠭᠡᠬᠦ ᠠᠰᠢᠭᠯᠠᠮᠵᠢ ᠶᠢ ᠬᠠᠮᠲᠤ ᠪᠠᠷ ᠳᠡᠭᠡᠭᠰᠢᠯᠡᠭᠦᠯᠦᠨ᠎ᠡ᠃ ᠡᠯᠧᠺᠲᠷᠤᠨ ᠬᠤᠳᠠᠯᠳᠤᠭᠠᠨ ᠤ ᠶᠠᠪᠤᠳᠠᠯ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠳ᠋ᠠᠶᠢᠲ᠋ᠠ ᠶᠢ ᠬᠠᠮᠠᠭᠠᠯᠠᠬᠤ᠂ ᠴᠢᠯᠦᠭᠡᠲᠡᠢ ᠪᠠᠷ ᠬᠠᠮᠲᠤ ᠳᠠᠭᠠᠨ ᠬᠦᠷᠲᠡᠬᠦ ᠶᠣᠰᠤ ᠳᠥᠷᠢᠮ ᠢ ᠲᠡᠭᠦᠯᠳᠡᠷᠵᠢᠭᠦᠯᠦᠨ᠂ ᠳ᠋ᠠᠶᠢᠲ᠋ᠠ ᠲᠠᠰᠤᠯᠳᠠᠬᠤ ᠵᠡᠷᠭᠡ ᠲᠥᠭᠰᠢᠭᠦᠷᠢ ᠶᠢ ᠦᠨᠡᠯᠡᠨ ᠵᠢᠱᠢᠬᠦ᠂ ᠤᠷᠢᠳᠴᠢᠯᠠᠨ ᠮᠡᠳᠡᠭᠳᠡᠬᠦ ᠪᠠ ᠠᠵᠢᠯ ᠬᠡᠷᠡᠭ ᠤᠨ ᠡᠮᠦᠨ᠎ᠡ ᠮᠡᠳᠡᠭᠦᠯᠬᠦ ᠳᠥᠷᠢᠮ ᠢ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠠᠢ ᠬᠠᠮᠲᠤᠷᠠᠯᠴᠠᠨ ᠬᠠᠷᠢᠭᠤᠴᠠᠨ᠎ᠠ︶      ︵ᠶᠢᠰᠦ︶ ᠵᠤᠬᠢᠴᠠᠯᠳᠤᠭᠤᠯᠤᠨ ᠬᠠᠮᠲᠤ ᠪᠠᠷ ᠵᠠᠰᠠᠬᠤ ᠶᠢ ᠴᠢᠩᠭᠠᠳᠬᠠᠨ᠎ᠠ᠃ ᠠᠵᠢᠯ ᠲᠥᠷᠥᠯ ᠤᠨ ᠨᠡᠶᠢᠭᠡᠮᠯᠢᠭ ᠤᠨ ᠥᠪᠡᠷ ᠢ ᠪᠠᠨ ᠱᠠᠭᠠᠷᠳᠠᠬᠤ ᠦᠢᠯᠡᠳᠦᠯ ᠢ ᠨᠢ ᠪᠠᠳᠠᠷᠠᠭᠤᠯᠵᠤ᠂ ᠡᠯᠧᠺᠲᠷᠤᠨ ᠬᠤᠳᠠᠯᠳᠤᠭᠠᠨ ᠤ ᠶᠠᠪᠤᠳᠠᠯ᠂ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠵᠡᠷᠭᠡ ᠬᠠᠮᠢᠶ᠎ᠠ ᠪᠦᠬᠦᠢ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠤᠳ ᠢ ᠵᠣᠷᠢᠬᠵᠢᠭᠤᠯᠵᠤ ᠪᠠᠶᠢᠭᠠᠳ ᠬᠠᠮᠢᠶ᠎ᠠ ᠪᠦᠬᠦᠢ ᠠᠵᠢᠯ ᠲᠦᠷᠦᠯ ᠤᠨ ᠶᠣᠰᠤ ᠳᠥᠷᠢᠮ ᠢ ᠲᠣᠭᠲᠠᠭᠠᠨ ᠨᠡᠶᠢᠲᠡᠯᠡᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ᠂ ᠥᠪᠡᠷ ᠢ ᠪᠠᠨ ᠱᠠᠭᠠᠷᠳᠠᠬᠤ ᠠᠮᠠᠯᠳᠠᠭ᠎ᠠ ᠶᠢᠨ ᠪᠢᠴᠢᠭ ᠲᠣᠭᠲᠠᠭᠠᠬᠤ ᠶᠢ ᠵᠣᠷᠢᠬᠵᠢᠭᠤᠯᠤᠨ᠂ ᠠᠵᠢᠯ ᠲᠥᠷᠥᠯ ᠤᠨ ᠬᠢᠨ ᠤ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃ ᠡᠯᠧᠺᠲᠷᠤᠨ ᠬᠤᠳᠠᠯᠳᠤᠭᠠᠨ ᠤ ᠶᠠᠪᠤᠳᠠᠯ᠂ ᠪᠠᠷᠠᠭᠠᠨ ᠤ ᠭᠦᠢᠯᠭᠡᠭᠡ ᠪᠠ ᠲᠦᠷᠭᠡᠨ ᠢᠯᠡᠭᠡᠯᠲᠡ ᠵᠡᠷᠭᠡ ᠲᠠᠪᠴᠠᠩ ᠤᠨ ᠬᠡᠯᠪᠡᠷᠢ ᠶᠢᠨ ᠠᠵᠤ ᠠᠬᠤᠶᠢᠯᠠᠯ ᠤᠳ ᠢ ᠬᠦᠲᠦᠯᠦᠨ ᠵᠢᠯᠣᠭᠤᠳᠴᠤ ᠪᠠᠶᠢᠭᠠᠳ ᠲᠠᠪᠴᠠᠩ ᠢᠶᠠᠷ ᠦᠢᠯᠡᠴᠢᠯᠡᠬᠦ ᠵᠦᠪᠳᠡᠯᠴᠡᠭᠡᠷ᠂ ᠠᠷᠠᠯᠵᠢᠶᠠᠯᠠᠬᠤ ᠶᠣᠰᠤ ᠳᠥᠷᠢᠮ ᠪᠠ ᠢᠲᠡᠭᠡᠮᠵᠢ ᠶᠢᠨ ᠦᠨᠡᠯᠡᠬᠦ ᠳᠥᠷᠢᠮ ᠢ ᠪᠦᠷᠢᠨᠰᠢᠭᠦᠯᠦᠨ᠂ ᠭᠤᠣᠯᠴᠢ ᠪᠠᠷ ᠦᠷᠢᠰᠦᠯᠳᠦᠬᠦ ᠡᠮᠬᠢ ᠲᠢᠭᠯᠢᠮ ᠢ ᠦᠨᠡᠨᠬᠦ ᠬᠠᠮᠠᠭᠠᠯᠠᠵᠤ᠂ ᠬᠡᠷᠡᠭᠯᠡᠭᠰᠡᠳ ᠤᠨ ᠡᠷᠬᠡ ᠠᠰᠢᠭ ᠢ ᠬᠠᠮᠠᠭᠠᠯᠠᠨ᠎ᠠ᠃ ᠳ᠋ᠠᠶᠢᠲ᠋ᠠ ᠪᠣᠯᠣᠨ ᠮᠡᠷᠭᠡᠵᠢᠯ ᠵᠡᠷᠭᠡ ᠡᠬᠢ ᠪᠠᠶᠠᠯᠢᠭ ᠢ ᠴᠢᠯᠦᠭᠡᠲᠡᠢ ᠪᠠᠶᠢᠯᠭᠠᠬᠤ ᠶᠢ ᠵᠣᠷᠢᠬᠵᠢᠭᠤᠯᠤᠨ᠂ ᠳᠡᠭᠡᠲᠥ ᠳᠣᠣᠷᠠᠳᠤ ᠬᠡᠯᠬᠢᠶᠡᠨ ᠳᠠᠬᠢ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠦᠴᠦᠨ ᠴᠢᠳᠠᠪᠤᠷᠢ ᠶᠢ ᠡᠷᠴᠢᠯᠡᠵᠦ᠂ ᠠᠵᠢᠯ ᠲᠥᠷᠥᠯ ᠤᠨ ᠬᠢᠨ ᠪᠠ ᠠᠵᠤ ᠠᠬᠤᠶᠢᠯᠠᠯ ᠤᠳ ᠤᠨ ᠬᠤᠭᠤᠷᠣᠨᠳᠤ ᠪᠠᠨ ᠴᠢᠯᠦᠭᠡᠲᠡᠢ ᠪᠠᠷ ᠬᠠᠮᠵᠢᠯᠴᠠᠬᠤ᠂ ᠬᠠᠷᠢᠯᠴᠠᠨ ᠠᠰᠢᠭ ᠬᠦᠷᠲᠡᠨ ᠬᠠᠮᠳᠤ ᠳᠠᠭᠠᠨ ᠣᠯᠵᠠᠪᠤᠷᠢ ᠲᠠᠢ ᠪᠣᠯᠬᠤ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠲᠢᠩᠬᠢᠮ᠂ ᠥᠪᠥᠷ ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠠᠢ ᠬᠠᠮᠲᠤᠷᠠᠯᠴᠠᠨ ᠬᠠᠷᠢᠭᠤᠴᠠᠨ᠎ᠠ︶      ᠭᠤᠷᠪᠠ᠂ ᠲᠣᠬᠢᠷᠠᠭᠤᠯᠤᠨ ᠬᠦᠷᠭᠡᠬᠦ ᠲᠡᠷᠭᠡ ᠬᠦᠰᠭᠡ ᠶᠢᠨ ᠵᠢᠷᠤᠮᠵᠢᠯ ᠲᠠᠢ ᠲᠡᠭᠡᠭᠡᠪᠦᠷᠢᠯᠡᠨ ᠡᠵᠡᠩᠨᠡᠬᠦ ᠪᠠ ᠰᠠᠭᠠᠳ ᠦᠭᠡᠢ ᠨᠡᠪᠲᠡᠷᠡᠬᠦ ᠳᠤ ᠳᠦᠭᠦᠮ ᠦᠵᠡᠭᠦᠯᠬᠦ ᠶᠢ ᠠᠬᠢᠭᠤᠯᠤᠨ᠎ᠠ      ︵ᠠᠷᠪᠠ︶ ᠲᠣᠬᠢᠷᠠᠭᠤᠯᠤᠨ ᠬᠦᠷᠭᠡᠬᠦ ᠲᠡᠷᠭᠡ ᠬᠦᠰᠭᠡ ᠶᠢᠨ ᠵᠢᠷᠤᠮᠵᠢᠯ ᠲᠠᠢ ᠲᠡᠭᠡᠭᠡᠪᠦᠷᠢᠯᠡᠨ ᠡᠵᠡᠩᠨᠡᠬᠦ ᠶᠢ ᠠᠬᠢᠭᠤᠯᠤᠨ᠎ᠠ᠃ ᠲᠦᠷᠭᠡᠨ ᠢᠯᠡᠭᠡᠯᠲᠡ ᠶᠢᠨ ᠦᠢᠯᠡᠴᠢᠯᠡᠭᠡᠨ ᠤ ᠲᠡᠷᠭᠡ ᠬᠦᠰᠭᠡ ᠶᠢ ᠵᠢᠷᠤᠮᠵᠢᠭᠤᠯᠤᠨ ᠬᠠᠮᠢᠶᠠᠷᠬᠤ ᠠᠷᠭ᠎ᠠ ᠶᠢ ᠲᠣᠭᠲᠠᠭᠠᠵᠤ᠂ ᠲᠦᠷᠭᠡᠨ ᠢᠯᠡᠭᠡᠯᠲᠡ ᠶᠢᠨ ᠦᠢᠯᠡᠴᠢᠯᠡᠭᠡᠨ ᠤ ᠲᠡᠷᠭᠡ ᠬᠦᠰᠭᠡ ᠶᠢ ᠨᠢᠭᠡᠳᠦᠯᠲᠡᠢ ᠳ᠋ᠤᠭᠠᠷᠯᠠᠬᠤ ᠪᠠ ᠢᠯᠭᠠᠬᠤ ᠲᠡᠮᠳᠡᠭ ᠬᠠᠳᠠᠬᠤ ᠬᠠᠮᠢᠶᠠᠷᠤᠯᠲᠠ ᠶᠢ ᠬᠡᠷᠡᠭᠵᠢᠭᠦᠯᠥᠨ᠂ ᠲᠦᠷᠭᠡᠨ ᠢᠯᠡᠭᠡᠯᠲᠡ ᠶᠢᠨ ᠦᠢᠯᠡᠴᠢᠯᠡᠭᠡᠨ ᠤ ᠲᠡᠷᠭᠡ ᠬᠦᠰᠭᠡ ᠶᠢᠨ ᠵᠢᠯᠣᠭᠤᠴᠢ ᠳᠤ ᠵᠠᠮ ᠬᠠᠷᠢᠯᠴᠠᠭ᠎ᠠ ᠶᠢᠨ ᠠᠮᠤᠷ ᠲᠦᠪᠰᠢᠨ ᠤ ᠬᠦᠮᠦᠵᠢᠯ ᠢ ᠴᠢᠩᠭᠠᠳᠬᠠᠵᠤ᠂ ᠠᠵᠤ ᠠᠬᠤᠶᠢᠯᠠᠯ ᠢ ᠰᠢᠮᠳᠠᠭᠤᠯᠤᠨ ᠵᠢᠯᠣᠭᠤᠳᠴᠦ ᠪᠠᠶᠢᠭᠠᠳ ᠲᠦᠷᠭᠡᠨ ᠦᠢᠯᠡᠴᠢᠯᠡᠭᠡᠨ ᠤ ᠲᠡᠷᠭᠡ ᠬᠦᠰᠭᠡ ᠶᠢᠨ ᠵᠢᠯᠣᠭᠤᠴᠢᠳ ᠤᠨ ᠠᠮᠤᠷ ᠲᠦᠪᠰᠢᠨ ᠤ ᠬᠠᠮᠢᠶᠠᠷᠤᠯᠲᠠ ᠪᠠ ᠪᠣᠯᠪᠠᠰᠤᠷᠠᠭᠤᠯᠤᠯ ᠤᠨ ᠳᠦᠷᠢᠮ ᠢ ᠪᠠᠶᠢᠭᠤᠯᠤᠨ᠂ ᠠᠵᠤ ᠠᠬᠤᠶᠢᠯᠠᠯ ᠤᠳ ᠤᠨ ᠲᠦᠷᠭᠡᠨ ᠢᠯᠡᠭᠡᠯᠲᠡ ᠶᠢᠨ ᠦᠢᠯᠡᠴᠢᠯᠡᠭᠡᠨ ᠤ ᠲᠡᠷᠭᠡ ᠬᠦᠰᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠵᠢᠯᠣᠭᠤᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠰᠢᠭᠤᠳ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠤᠳ ᠤᠨ ᠲᠦᠷᠭᠡᠨ ᠢᠯᠡᠭᠡᠯᠲᠡ ᠶᠢᠨ ᠦᠢᠯᠡᠴᠢᠯᠡᠭᠡᠨ ᠤ ᠲᠡᠷᠭᠡ ᠬᠦᠰᠭᠡ ᠳᠤ ᠵᠠᠮ ᠬᠠᠷᠢᠯᠴᠠᠭ᠎ᠠ ᠶᠢᠨ ᠰᠠᠨᠠᠭᠠᠨ ᠳᠤ ᠦᠭᠡᠢ ᠭᠡᠨᠡᠳᠡᠯ ᠤᠨ ᠳᠠᠭᠠᠳᠬᠠᠯ ᠬᠤᠳᠠᠯᠳᠤᠨ ᠠᠪᠴᠤ ᠥᠭᠬᠦ ᠶᠢ ᠳᠡᠮᠵᠢᠨ᠎ᠡ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ ᠠᠵᠤ ᠠᠬᠤᠶᠢᠯᠠᠯ ᠢ ᠬᠦᠳᠦᠯᠦᠨ ᠵᠢᠯᠣᠭᠤᠳᠴᠦ ᠪᠠᠶᠢᠭᠠᠳ ᠪᠠᠷᠢᠮᠵᠢᠶ᠎ᠠ ᠳᠤ ᠨᠡᠶᠢᠴᠡᠭᠰᠡᠨ ᠲᠣᠬᠢᠷᠠᠭᠤᠯᠤᠨ ᠬᠦᠷᠭᠡᠬᠦ ᠮᠠᠰᠢᠨ ᠲᠡᠷᠭᠡ ᠶᠢ ᠬᠡᠷᠡᠭᠯᠡᠭᠦᠯᠵᠦ᠂ ᠲᠣᠬᠢᠷᠠᠭᠤᠯᠤᠨ ᠬᠦᠷᠭᠡᠬᠦ ᠮᠠᠰᠢᠨ ᠲᠡᠷᠭᠡᠨ ᠤ ᠪᠠᠷᠢᠮᠵᠢᠶᠠᠵᠢᠭᠤᠯᠬᠤ ᠪᠠ ᠬᠠᠶᠢᠷᠴᠠᠭᠵᠢᠭᠤᠯᠬᠤ ᠶᠢ ᠠᠬᠢᠭᠤᠯᠤᠨ᠎ᠠ᠃ ︵ᠥᠪᠥᠷ ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠵᠦᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ︵ᠠᠷᠪᠠᠨ ᠨᠢᠭᠡ︶ ᠲᠣᠬᠢᠷᠠᠭᠤᠯᠤᠨ ᠬᠦᠷᠭᠡᠬᠦ ᠲᠡᠷᠭᠡ ᠬᠦᠰᠭᠡ ᠶᠢᠨ ᠨᠡᠪᠲᠡᠷᠡᠬᠦ ᠳᠤ ᠳᠦᠭᠦᠮ ᠦᠵᠡᠭᠦᠯᠦᠨ᠎ᠡ᠃ ᠡᠯ᠎ᠡ ᠠᠶᠢᠮᠠᠭ ᠬᠤᠲᠠ ᠶᠢᠨ ᠬᠢᠨ ᠲᠤᠬᠠᠢ ᠶᠢᠨ ᠭᠠᠵᠠᠷ ᠲᠠᠭᠠᠨ ᠲᠣᠬᠢᠷᠠᠭᠤᠯᠵᠤ ᠪᠠᠶᠢᠭᠠᠳ ᠬᠤᠲᠠ ᠶᠢᠨ ᠲᠣᠬᠢᠷᠠᠭᠤᠯᠤᠨ ᠬᠦᠷᠭᠡᠬᠦ ᠲᠡᠷᠭᠡ ᠬᠦᠰᠭᠡ ᠶᠢᠨ ᠨᠡᠪᠲᠡᠷᠡᠬᠦ ᠶᠢ ᠬᠠᠮᠢᠶᠠᠷᠬᠤ ᠲᠥᠷᠥ ᠶᠢᠨ ᠪᠣᠳᠣᠯᠭ᠎ᠠ ᠲᠣᠭᠲᠠᠭᠠᠬᠤ ᠪᠦᠭᠡᠳ ᠲᠡᠭᠦᠯᠳᠡᠷᠵᠢᠭᠦᠯᠦᠨ᠂ ᠨᠡᠪᠲᠡᠷᠡᠬᠦ ᠣᠷᠣᠨ ᠪᠦᠰᠡ ᠪᠣᠯᠣᠨ ᠴᠠᠭ ᠢ ᠵᠦᠢ ᠵᠣᠬᠢᠰᠲᠠᠢ ᠲᠣᠭᠲᠠᠭᠠᠵᠤ᠂ ᠲᠦᠷᠭᠡᠨ ᠢᠯᠡᠭᠡᠯᠲᠡ ᠶᠢᠨ ᠦᠢᠯᠡᠴᠢᠯᠡᠭᠡᠨ ᠤ ᠲᠡᠷᠭᠡ ᠬᠦᠰᠭᠡ ᠵᠡᠷᠭᠡ ᠬᠤᠲᠠ ᠶᠢᠨ ᠲᠣᠬᠢᠷᠠᠭᠤᠯᠤᠨ ᠬᠦᠷᠭᠡᠬᠦ ᠲᠡᠷᠭᠡ ᠬᠦᠰᠭᠡ ᠶᠢᠨ ᠨᠡᠪᠲᠡᠷᠡᠬᠦ ᠳᠤ ᠳᠦᠭᠦᠮ ᠦᠵᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠤ ᠬᠤᠳᠠᠯᠳᠤᠭᠠᠨ ᠤ ᠲᠣᠭᠤᠷᠢᠭ᠂ ᠣᠷᠣᠨ ᠰᠠᠭᠤᠴᠠ ᠶᠢᠨ ᠲᠣᠭᠤᠷᠢᠭ᠂ ᠳᠡᠭᠡᠲᠥ ᠵᠡᠷᠭᠡ ᠶᠢᠨ ᠰᠤᠷᠭᠠᠭᠤᠯᠢ ᠵᠡᠷᠭᠡ ᠣᠷᠣᠨ ᠪᠦᠰᠡ ᠪᠠᠷ ᠵᠣᠭᠰᠣᠬᠤ᠂ ᠠᠴᠢᠶᠠᠯᠠᠬᠤ ᠪᠠᠭᠤᠯᠭᠠᠬᠤ᠂ ᠴᠠᠬᠢᠯᠭᠠᠨ ᠴᠡᠨᠡᠭᠯᠡᠬᠦ ᠵᠡᠷᠭᠡ ᠪᠡᠯᠡᠳᠭᠡᠮᠵᠢ ᠶᠢ ᠲᠡᠭᠦᠯᠳᠡᠷᠵᠢᠭᠦᠯᠬᠦ ᠶᠢ ᠨᠢ ᠠᠬᠢᠭᠤᠯᠤᠨ᠂ ᠴᠠᠭ ᠬᠤᠪᠢᠶᠠᠷᠢᠯᠠᠨ ᠲᠡᠷᠭᠡ ᠵᠣᠭᠰᠤᠭᠠᠬᠤ᠂ ᠵᠣᠭᠰᠣᠬᠤ ᠴᠠᠭ ᠢ ᠨᠢ ᠵᠦᠷᠢᠭᠦᠯᠵᠦ ᠲᠡᠷᠭᠡ ᠵᠣᠭᠰᠣᠭᠠᠬᠤ ᠶᠢ ᠳᠡᠯᠭᠡᠷᠡᠭᠦᠯᠵᠦ᠂ ᠲᠡᠷᠭᠡ ᠵᠣᠭᠰᠣᠭᠠᠬᠤ ᠪᠡᠯᠡᠳᠭᠡᠮᠵᠢ ᠶᠢᠨ ᠠᠰᠢᠭᠯᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠥᠷ ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠣᠷᠳᠣᠨ ᠬᠠᠷᠢᠭᠤᠴᠠᠨ᠎ᠠ︶      ᠳᠥᠷᠪᠡ᠂ ᠡᠯᠧᠺᠲᠷᠤᠨ ᠬᠤᠳᠠᠯᠳᠤᠭᠠᠨ ᠤ ᠲᠦᠷᠭᠡᠨ ᠢᠯᠡᠭᠡᠯᠲᠡ ᠶᠢᠨ ᠲᠡᠭᠦᠰᠭᠡᠯ ᠦᠢᠯᠡᠴᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ      ︵ᠠᠷᠪᠠᠨ ᠬᠤᠶᠠᠷ︶ ᠭᠤᠪᠢᠭᠤᠯᠵᠤ ᠢᠯᠡᠭᠡᠬᠦ ᠤᠶᠤᠨᠴᠢ ᠪᠡᠯᠡᠳᠭᠡᠮᠵᠢ ᠶᠢ ᠳᠡᠯᠭᠡᠷᠡᠭᠦᠯᠦᠨ᠎ᠡ᠃ ᠲᠦᠷᠭᠡᠨ ᠢᠯᠡᠭᠡᠭᠰᠡᠨ ᠵᠦᠢᠯᠡᠰ ᠤᠨ ᠤᠶᠤᠨᠴᠢ ᠬᠠᠶᠢᠷᠴᠠᠭ ᠢ ᠳᠡᠯᠭᠡᠷᠡᠭᠦᠯᠦᠨ ᠬᠡᠷᠡᠭᠯᠡᠬᠦ ᠶᠢ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡ᠂ ᠠᠷᠠᠳ ᠤᠨ ᠠᠮᠢᠳᠤᠷᠠᠯ ᠤᠨ ᠢᠨᠵᠧᠨᠧᠷᠢᠩ ᠵᠡᠷᠭᠡ ᠲᠥᠷᠥᠯ ᠵᠦᠢᠯ ᠳᠤ ᠣᠷᠤᠭᠤᠯᠬᠤ ᠶᠢ ᠵᠣᠷᠢᠬᠵᠢᠭᠤᠯᠵᠤ᠂ ᠨᠠᠮ ᠵᠠᠰᠠᠭ ᠤᠨ ᠪᠠᠶᠢᠭᠤᠯᠭ᠎ᠠ ︵ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ︶᠎ ᠶᠢᠨ ᠠᠵᠢᠯᠯᠠᠬᠤ ᠲᠣᠭᠤᠷᠢᠭ᠂ ᠨᠡᠶᠢᠭᠡᠮ ᠲᠣᠭᠤᠷᠢᠭ ︵ᠣᠷᠣᠨ ᠰᠠᠭᠤᠴᠠ ᠶᠢᠨ ᠲᠣᠭᠤᠷᠢᠭ︶᠂ ᠳᠡᠭᠡᠲᠦ ᠵᠡᠷᠭᠡ ᠶᠢᠨ ᠰᠤᠷᠭᠠᠭᠤᠯᠢ᠂ ᠬᠤᠳᠠᠯᠳᠤᠭᠠᠨ ᠤ ᠶᠠᠪᠤᠳᠠᠯ ᠤᠨ ᠲᠥᠪ ᠵᠢᠴᠢ ᠣᠶᠢᠷ᠎ᠠ ᠬᠠᠪᠢ ᠳᠠᠬᠢ ᠵᠡᠷᠭᠡ ᠲᠡᠭᠦᠰᠭᠡᠯ ᠪᠣᠯᠬᠤ ᠵᠠᠩᠭᠢᠶᠠᠰᠤ ᠶᠢᠨ ᠪᠠᠶᠢᠷᠢᠰᠢᠭᠤᠯᠤᠯᠲᠠ ᠶᠢ ᠲᠦᠷᠭᠡᠳᠭᠡᠬᠦ ᠬᠡᠷᠡᠭᠲᠡᠢ᠃ ᠵᠠᠬᠢᠳᠠᠯ ᠰᠣᠨᠢᠨ ᠬᠦᠷᠭᠡᠵᠦ ᠲᠠᠯᠪᠢᠬᠤ ᠤᠯᠠᠮᠵᠢᠯᠠᠯᠲᠤ ᠬᠠᠶᠢᠷᠴᠠᠭ ᠢ ᠳᠡᠰ ᠳᠡᠪᠰᠢᠭᠦᠯᠦᠨ ᠵᠠᠬᠢᠳᠠᠯ ᠰᠣᠨᠢᠨ ᠬᠦᠷᠭᠡᠵᠦ ᠲᠠᠯᠪᠢᠬᠤ ᠤᠶᠤᠨᠴᠢ ᠬᠠᠶᠢᠷᠴᠠᠭ ᠪᠣᠯᠭᠠᠬᠤ ᠢᠨᠵᠧᠨᠧᠷᠢᠩ ᠢ ᠡᠬᠢᠯᠡᠭᠦᠯᠦᠨ᠂ ᠵᠠᠬᠢᠳᠠᠯ ᠰᠣᠨᠢᠨ ᠬᠦᠷᠭᠡᠵᠦ ᠲᠠᠯᠪᠢᠬᠤ ᠤᠶᠤᠨᠴᠢ ᠬᠠᠶᠢᠷᠴᠠᠭ ᠢ ᠨᠡᠶᠢᠭᠡᠮ ᠳᠤ ᠴᠢᠯᠦᠭᠡᠲᠡᠢ ᠪᠣᠯᠭᠠᠬᠤ᠂ ᠬᠠᠮᠲᠤᠷᠠᠯᠴᠠᠬᠤ ᠪᠠ ᠬᠠᠮᠳᠤ ᠳᠠᠭᠠᠨ ᠬᠦᠷᠲᠡᠬᠦ ᠶᠢ ᠵᠣᠷᠢᠬᠵᠢᠭᠤᠯᠵᠤ᠂ ᠰᠢᠤᠲᠡᠨ ᠤ ᠨᠡᠶᠢᠳᠡᠮ ᠴᠢᠨᠠᠷᠲᠠᠢ ᠦᠢᠯᠡᠴᠢᠯᠡᠭᠡ ᠬᠢᠭᠡᠳ ᠲᠦᠷᠭᠡᠨ ᠢᠯᠡᠭᠡᠯᠲᠡ ᠶᠢᠨ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠪᠠ ᠤᠶᠤᠨᠴᠢᠯᠠᠬᠤ ᠶᠢ ᠠᠬᠢᠭᠤᠯᠤᠨ᠂ ᠬᠠᠶᠢᠷᠴᠠᠭ ᠲᠤ ᠢᠯᠡᠭᠡᠵᠦ ᠲᠠᠯᠪᠢᠬᠤ ᠨᠣᠷᠮ᠎ᠠ ᠶᠢ ᠳᠡᠭᠡᠭᠰᠢᠯᠡᠭᠦᠯᠦᠨ᠎ᠡ᠃ ︵ᠥᠪᠥᠷ ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ︵ᠠᠷᠪᠠᠨ ᠭᠤᠷᠪᠠ︶ ᠲᠦᠷᠭᠡᠨ ᠢᠯᠡᠭᠡᠯᠲᠡ ᠶᠢᠨ ᠲᠡᠭᠦᠰᠭᠡᠯ ᠳᠠᠬᠢ ᠡᠷᠴᠢᠮᠵᠢᠭᠦᠯᠦᠨ ᠦᠢᠯᠡᠴᠢᠯᠡᠬᠦ ᠶᠢ ᠵᠣᠷᠢᠬᠵᠢᠭᠤᠯᠤᠨ᠎ᠠ᠃ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠢ ᠵᠣᠷᠢᠬᠵᠢᠭᠤᠯᠵᠤ ᠪᠠᠶᠢᠭᠠᠳ ᠬᠠᠮᠳᠤᠪᠠᠷ ᠲᠣᠬᠢᠷᠠᠭᠤᠯᠤᠨ ᠬᠦᠷᠭᠡᠬᠦ᠂ ᠬᠤᠯᠪᠣᠭᠠᠯᠠᠨ ᠬᠦᠯᠢᠶᠡᠵᠦ ᠠᠪᠬᠤ ᠪᠠ ᠭᠤᠪᠢᠭᠤᠯᠵᠤ ᠢᠯᠡᠭᠡᠬᠦ ᠵᠡᠷᠭᠡ ᠭᠤᠪᠢᠭᠤᠯᠵᠤ ᠢᠯᠡᠭᠡᠬᠦ ᠦᠢᠯᠡᠴᠢᠯᠡᠭᠡ ᠶᠢᠨ ᠬᠠᠮᠳᠤᠷᠠᠯᠴᠠᠭ᠎ᠠ ᠶᠢ ᠦᠷᠨᠢᠭᠦᠯᠵᠦ᠂ ᠲᠦᠷᠭᠡᠨ ᠢᠯᠡᠭᠡᠯᠲᠡ ᠶᠢᠨ ᠲᠡᠭᠦᠰᠭᠡᠯ ᠳᠠᠬᠢ ᠶᠡᠷᠦᠩᠬᠡᠶᠢᠯᠡᠭᠰᠡᠨ ᠦᠢᠯᠡᠴᠢᠯᠡᠭᠡᠨ ᠤ ᠭᠠᠵᠠᠷ ᠲᠠᠯᠠᠪᠠᠢ ᠪᠠᠶᠢᠭᠤᠯᠬᠤ ᠬᠡᠷᠡᠭᠲᠡᠢ᠃ ᠲᠡᠭᠦᠰᠭᠡᠯ ᠤᠨ ᠲᠣᠬᠢᠷᠠᠭᠤᠯᠤᠨ ᠬᠦᠷᠭᠡᠬᠦ ᠳᠤ ᠲᠦᠯᠦᠬᠦ ᠲᠣᠭᠲᠠᠴᠠ ᠶᠢ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠢᠯᠭᠡᠭᠡ ᠶᠢᠨ ᠬᠦᠯᠢᠶᠡᠨ ᠠᠪᠴᠤ ᠢᠯᠡᠭᠡᠬᠦ ᠲᠠᠯ᠎ᠠ ᠪᠠᠷ ᠬᠢ ᠥᠪᠡᠷ ᠤᠨ ᠦᠷᠲᠡᠭ ᠢ ᠨᠢ ᠪᠠᠭᠤᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠲᠦᠷᠭᠡᠨ ᠢᠯᠡᠭᠡᠯᠲᠡ ᠶᠢᠨ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠦᠷᠭᠡᠨ ᠢᠯᠡᠭᠡᠯᠲᠡ ᠶᠢᠨ ᠲᠡᠭᠦᠰᠭᠡᠯ ᠤᠨ ᠲᠣᠬᠢᠷᠠᠭᠤᠯᠤᠨ ᠬᠦᠷᠭᠡᠬᠦ ᠪᠠ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠢ ᠲᠦᠯᠦᠪᠵᠢᠭᠦᠯᠦᠨ ᠠᠰᠢᠭᠯᠠᠵᠤ᠂ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠢ ᠵᠣᠷᠢᠬᠵᠢᠭᠤᠯᠵᠤ ᠪᠠᠶᠢᠭᠠᠳ ᠬᠡᠯᠬᠢᠶᠡᠲᠦ ᠬᠤᠳᠠᠯᠳᠤᠭᠠᠨ ᠤ ᠪᠠᠶᠢᠭᠤᠯᠤᠮᠵᠢ᠂ ᠳᠦᠭᠦᠮ ᠳᠡᠯᠭᠡᠭᠦᠷ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ᠂ ᠳᠡᠭᠡᠲᠦ ᠵᠡᠷᠭᠡ ᠶᠢᠨ ᠰᠤᠷᠭᠠᠭᠤᠯᠢ᠂ ᠡᠯ᠎ᠡ ᠲᠥᠷᠥᠯ ᠤᠨ ᠠᠩᠬ᠎ᠠ ᠵᠡᠷᠭᠡ ᠶᠢᠨ ᠪᠠ ᠦᠨᠳᠦᠷ ᠵᠡᠷᠭᠡ ᠶᠢᠨ ᠳᠤᠮᠳᠠᠲᠤ ᠰᠤᠷᠭᠠᠭᠤᠯᠢ ᠯᠤᠭ᠎ᠠ ᠬᠠᠮᠲᠤᠷᠠᠯᠴᠠᠬᠤ ᠶᠢ ᠦᠷᠨᠢᠭᠦᠯᠦᠨ᠂ ᠲᠦᠷᠭᠡᠨ ᠢᠯᠡᠭᠡᠯᠲᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠦᠷᠲᠡᠭᠡ ᠪᠠᠶᠢᠭᠤᠯᠵᠤ᠂ ᠡᠷᠴᠢᠮᠵᠢᠭᠦᠯᠦᠭᠰᠡᠨ ᠲᠣᠬᠢᠷᠠᠭᠤᠯᠤᠨ ᠬᠦᠷᠭᠡᠬᠦ ᠪᠠ ᠰᠦᠯᠵᠢᠶ᠎ᠡ ᠪᠠᠷ ᠵᠠᠬᠢᠶᠠᠯᠠᠵᠤ ᠳᠡᠯᠭᠡᠭᠦᠷ ᠠᠴᠠ ᠭᠠᠷᠳᠠᠨ ᠠᠪᠬᠤ ᠵᠡᠷᠭᠡ ᠣᠯᠠᠨ ᠶᠠᠩᠵᠤᠲᠤ᠂ ᠦᠪᠡᠷᠮᠢᠴᠡ ᠣᠨᠴᠠᠯᠢᠭ ᠲᠠᠢ ᠦᠢᠯᠡᠴᠢᠯᠡᠭᠡ ᠬᠠᠩᠭᠠᠬᠤ ᠬᠡᠷᠡᠭᠲᠡᠢ᠃ ᠤᠤᠯ ᠤᠨ ᠠᠶᠠᠨᠴᠢᠳ ᠤᠨ ᠲᠡᠭᠡᠭᠡᠪᠦᠷᠢ ᠶᠢᠨ ᠦᠷᠲᠡᠭᠡ᠂ ᠲᠤᠰᠬᠤᠨ ᠤ ᠰᠢᠤᠲᠡᠨ ᠤ ᠦᠷᠲᠡᠭᠡ᠂ ᠰᠢᠤᠲᠡᠨ ᠤ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡ ᠶᠢᠨ ᠦᠷᠲᠡᠭᠡ᠂ ᠲᠦᠷᠭᠡᠨ ᠢᠯᠡᠭᠡᠯᠲᠡ ᠶᠢᠨ ᠲᠣᠣᠷ ᠴᠢᠬ ᠵᠡᠷᠭᠡ ᠪᠡᠯᠡᠳᠭᠡᠮᠵᠢ ᠨᠦᠭᠦᠳ ᠲᠤ ᠲᠦᠰᠢᠭᠯᠡᠨ ︽ᠵᠠᠮ ᠬᠠᠷᠢᠯᠴᠠᠭ᠎ᠠ ᠰᠢᠤᠲᠡᠨ ᠤ ᠶᠡᠷᠦᠩᠬᠡᠶᠢᠯᠡᠭᠰᠡᠨ ᠦᠢᠯᠡᠴᠢᠯᠡᠭᠡ ᠶᠢᠨ ᠦᠷᠲᠡᠭᠡ︾᠎ ᠶᠢ ᠪᠠᠶᠢᠭᠤᠯᠤᠨ᠎ᠠ᠃ 2018 ᠣᠨ ᠤ ᠰᠡᠭᠦᠯᠴᠢ ᠪᠣᠯᠬᠤ ᠳᠤ ᠲᠦᠷᠭᠡᠨ ᠢᠯᠡᠭᠡᠯᠲᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠦᠷᠲᠡᠭᠡ ᠶᠢ 1000 ᠪᠣᠯᠭᠠᠨ᠎ᠠ᠃ ︵ᠥᠪᠥᠷ ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠠᠢ ᠬᠠᠮᠳᠤᠷᠠᠯᠴᠠᠨ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ᠲᠠᠪᠤ᠂ ᠵᠣᠬᠢᠴᠠᠯᠳᠤᠭᠤᠯᠤᠨ ᠬᠦᠭᠵᠢᠭᠦᠯᠬᠦ ᠪᠠᠨ ᠪᠠᠷᠢᠮᠵᠢᠶᠠᠵᠢᠭᠤᠯᠬᠤ ᠪᠠ ᠤᠶᠤᠨᠴᠢᠯᠠᠬᠤ ᠶᠢ ᠠᠬᠢᠭᠤᠯᠤᠨ᠎ᠠ      ︵ᠠᠷᠪᠠᠨ ᠳᠥᠷᠪᠡ︶ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠢ ᠵᠣᠷᠢᠬᠵᠢᠭᠤᠯᠵᠤ ᠪᠠᠶᠢᠭᠠᠳ ᠲᠡᠷᠢᠭᠦᠨ ᠤ ᠪᠦᠭᠡᠳ ᠬᠡᠷᠡᠭᠯᠡᠭᠡᠨ ᠳᠤ ᠲᠣᠬᠢᠷᠠᠬᠤ ᠮᠡᠷᠭᠡᠵᠢᠯ ᠪᠠ ᠲᠣᠨᠤᠭ ᠲᠦᠬᠦᠭᠡᠷᠦᠮᠵᠢ ᠶᠢ ᠠᠰᠢᠭᠯᠠᠵᠤ᠂ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠲᠣᠨᠤᠭ ᠲᠥᠬᠦᠭᠡᠷᠦᠮᠵᠢ ᠶᠢᠨ ᠠᠦ᠋ᠲ᠋ᠤᠴᠢᠯᠠᠬᠤ ᠪᠠ ᠲᠤᠰᠬᠠᠶᠢᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠵᠦᠪᠯᠡᠯ᠂ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠥᠪᠥᠷ ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ ᠡᠯᠧᠺᠲᠷᠤᠨ ᠬᠤᠳᠠᠯᠳᠤᠭᠠᠨ ᠤ ᠶᠠᠪᠤᠳᠠᠯ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠬᠦᠷᠢᠶ᠎ᠡ ᠴᠠᠷᠠᠭ᠎ᠠ ᠳᠤ ᠲᠣᠮᠤ ᠳ᠋ᠠᠶᠢᠲ᠋ᠠ᠂ ᠡᠭᠦᠯᠡᠨ ᠪᠣᠳᠣᠯᠲᠠ᠂ ᠮᠠᠰᠢᠨ ᠬᠦᠮᠦᠨ ᠵᠡᠷᠭᠡ ᠣᠳᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠪᠠ ᠲᠣᠨᠤᠭ ᠲᠦᠬᠦᠭᠡᠷᠦᠮᠵᠢ ᠬᠡᠷᠡᠭᠯᠡᠬᠦ ᠶᠢ ᠴᠢᠩᠭᠠᠳᠬᠠᠨ᠂ ᠤᠷᠢᠳᠤᠭᠤᠷᠬᠢ ᠪᠠᠶᠢᠷᠢ ᠪᠠᠷ ᠬᠦᠮᠦᠷᠭᠡᠯᠡᠨ ᠬᠠᠳᠠᠭᠠᠯᠠᠬᠤ᠂ ᠤᠶᠤᠨᠴᠢ ᠪᠠᠷ ᠬᠤᠪᠢᠶᠠᠷᠢᠯᠠᠨ ᠬᠦᠮᠦᠷᠭᠡᠯᠡᠬᠦ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠠᠴᠢᠶᠠᠯᠠᠬᠤ᠂ ᠵᠠᠮ ᠱᠣᠭᠤᠮ ᠢ ᠰᠢᠯᠢᠳᠡᠭᠵᠢᠭᠦᠯᠬᠦ ᠶᠢ ᠬᠦᠴᠦᠲᠡᠢ ᠠᠬᠢᠭᠤᠯᠤᠨ᠂ ᠮᠡᠳᠡᠭᠡ ᠵᠠᠩᠭᠢ ᠪᠠᠨ ᠵᠣᠬᠢᠴᠠᠯᠳᠤᠵᠢᠭᠤᠯᠬᠤ ᠪᠠ ᠦᠢᠯᠡᠴᠢᠯᠡᠭᠡᠨ ᠢᠶᠠᠨ ᠤᠶᠤᠨᠵᠢᠭᠤᠯᠬᠤ ᠶᠢ ᠴᠢᠷᠮᠠᠶᠢᠨ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠠᠢ ᠬᠠᠮᠲᠤᠷᠠᠯᠴᠠᠨ ᠬᠠᠷᠢᠭᠤᠴᠠᠨ᠎ᠠ︶      ︵ᠠᠷᠪᠠᠨ ᠲᠠᠪᠤ︶ ᠬᠠᠩᠭᠠᠯᠭ᠎ᠠ ᠶᠢᠨ ᠬᠡᠯᠬᠢᠶᠡᠨ ᠤ ᠵᠣᠬᠢᠴᠠᠯᠳᠤᠬᠤ ᠶᠢ ᠠᠬᠢᠭᠤᠯᠤᠨ᠎ᠠ᠃ ᠤᠶᠤᠨᠴᠢ ᠪᠠᠷ ᠬᠦᠮᠦᠷᠭᠡᠯᠡᠨ ᠬᠠᠳᠠᠭᠠᠯᠠᠬᠤ ᠪᠠ ᠬᠦᠮᠦᠷᠭᠡᠯᠡᠨ ᠲᠣᠬᠢᠷᠠᠭᠤᠯᠬᠤ ᠶᠢ ᠨᠢᠭᠡ ᠴᠣᠭᠴᠠᠵᠢᠭᠤᠯᠬᠤ ᠦᠢᠯᠡᠴᠢᠯᠡᠭᠡ ᠶᠢ ᠵᠣᠷᠢᠬᠵᠢᠭᠤᠯᠤᠨ ᠬᠦᠭᠵᠢᠭᠦᠯᠵᠦ᠂ ᠠᠵᠤ ᠠᠬᠤᠶᠢᠯᠠᠯ ᠤᠳ ᠤᠨ ᠡᠯ᠎ᠡ ᠲᠥᠷᠥᠯ ᠤᠨ ᠮᠡᠳᠡᠭᠡ ᠵᠠᠩᠭᠢ ᠶᠢᠨ ᠮᠡᠷᠭᠡᠵᠢᠯ ᠢ ᠨᠢᠭᠡᠳᠭᠡᠨ ᠬᠡᠷᠡᠭᠯᠡᠬᠦ ᠶᠢ ᠵᠣᠷᠢᠬᠵᠢᠭᠤᠯᠵᠤ᠂ ᠳᠡᠭᠡᠲᠦ ᠳᠣᠣᠷᠠᠳᠤ ᠬᠡᠯᠬᠢᠶᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠳᠠᠭᠠᠨ ᠬᠦᠷᠲᠡᠵᠦ᠂ ᠲᠠᠸᠠᠷ ᠤᠨ ᠭᠦᠢᠯᠭᠡᠭᠡ᠂ ᠪᠠᠷᠠᠭᠠᠨ ᠤ ᠭᠦᠢᠯᠭᠡᠭᠡ᠂ ᠮᠡᠳᠡᠭᠡ ᠵᠠᠩᠭᠢ ᠶᠢᠨ ᠭᠦᠢᠯᠭᠡᠭᠡ ᠪᠣᠯᠣᠨ ᠪᠡᠯᠡ ᠮᠦᠩᠭᠦ ᠶᠢᠨ ᠭᠦᠢᠯᠭᠡᠭᠡ ᠵᠡᠷᠭᠡ ᠶᠢ ᠨᠢᠭᠲᠠ ᠵᠣᠯᠭᠠᠭᠤᠯᠬᠤ ᠪᠠ ᠦᠨᠳᠦᠷ ᠦᠷ᠎ᠡ ᠠᠰᠢᠭ ᠲᠠᠢ ᠭᠦᠢᠯᠭᠡᠭᠡᠬᠦ ᠶᠢ ᠠᠬᠢᠭᠤᠯᠤᠨ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠵᠣᠬᠢᠴᠠᠯᠳᠤᠭᠰᠠᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶      ᠵᠢᠷᠭᠤᠭ᠎ᠠ᠂ ᠵᠣᠬᠢᠴᠠᠯᠳᠤᠨ ᠠᠵᠢᠯᠯᠠᠵᠤ ᠪᠣᠬᠢᠷᠳᠣᠯ ᠦᠭᠡᠢ ᠪᠠᠷ ᠬᠦᠭᠵᠢᠭᠦᠯᠬᠦ ᠶᠢ ᠠᠬᠢᠭᠤᠯᠤᠨ᠎ᠠ      ︵ᠠᠷᠪᠠᠨ ᠵᠢᠷᠭᠤᠭ᠎ᠠ︶ ᠡᠬᠢ ᠪᠠᠶᠠᠯᠢᠭ ᠤᠨ ᠡᠷᠴᠢᠮᠵᠢᠭᠦᠯᠦᠨ ᠠᠰᠢᠭᠯᠠᠬᠤ ᠶᠢ ᠠᠬᠢᠭᠤᠯᠤᠨ᠎ᠠ᠃ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠢ ᠵᠣᠷᠢᠬᠵᠢᠭᠤᠯᠵᠤ ᠪᠠᠶᠢᠭᠠᠳ ᠬᠠᠩᠭᠠᠯᠭ᠎ᠠ ᠶᠢᠨ ᠬᠡᠯᠬᠢᠶᠡᠨ ᠳᠠᠬᠢ ᠪᠣᠬᠢᠷᠳᠤᠯ ᠦᠭᠡᠢ ᠴᠣᠪᠤᠷᠠᠯ ᠢ ᠳᠠᠬᠢᠨ ᠪᠠᠶᠢᠭᠤᠯᠵᠤ᠂ ᠡᠬᠢ ᠪᠠᠶᠠᠯᠢᠭ ᠢ ᠳᠠᠪᠲᠠᠨ ᠠᠰᠢᠬᠯᠡᠬᠤ ᠨᠣᠷᠮ᠎ᠠ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃ ᠠᠵᠤ ᠠᠬᠤᠶᠢᠯᠠᠯ ᠢ ᠬᠦᠳᠦᠯᠦᠨ ᠵᠢᠯᠣᠭᠤᠳᠴᠦ ᠪᠠᠶᠢᠭᠠᠳ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠡᠷᠡᠭᠯᠡᠭᠡᠨ ᠢ ᠢᠳᠡᠪᠬᠢᠲᠡᠢ ᠳᠡᠯᠭᠡᠷᠡᠭᠦᠯᠦᠨ ᠬᠡᠷᠡᠭᠵᠢᠭᠦᠯᠵᠦ᠂ ᠲᠦᠷᠭᠡᠨ ᠢᠯᠡᠭᠡᠯᠲᠡ ᠶᠢᠨ ᠵᠦᠢᠯᠡᠰ ᠤᠨ ᠪᠣᠭᠤᠳᠠᠯ ᠤᠨ ᠬᠡᠮᠵᠢᠶ᠎ᠡ ᠶᠢ ᠨᠢ ᠪᠠᠭᠠᠰᠬᠠᠵᠢᠭᠤᠯᠬᠤ᠂ ᠪᠣᠬᠢᠷᠳᠤᠯ ᠦᠭᠡᠶᠢᠳᠡᠭᠦᠯᠬᠦ ᠪᠠ ᠳᠠᠬᠢᠨᠲᠠ ᠠᠰᠢᠭᠯᠠᠬᠤ ᠶᠢ ᠠᠬᠢᠭᠤᠯᠤᠨ᠎ᠠ︔ ᠲᠡᠭᠡᠭᠡᠪᠦᠷᠢ ᠶᠢᠨ ᠡᠯᠧᠺᠲᠷᠤᠨ ᠬᠠᠭᠤᠳᠠᠰᠤ ᠬᠡᠷᠡᠭᠯᠡᠬᠦ ᠶᠢ ᠵᠣᠷᠢᠬᠵᠢᠭᠤᠯᠤᠨ᠂ ᠭᠤᠣᠯ ᠪᠣᠯᠬᠤ ᠨᠡᠷᠡᠲᠦ ᠲᠥᠷᠥᠯ ᠲᠡᠮᠳᠡᠭ ᠲᠠᠢ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠤᠨ ᠲᠡᠭᠡᠭᠡᠪᠦᠷᠢ ᠶᠢᠨ ᠡᠯᠧᠺᠲᠷᠤᠨ ᠬᠠᠭᠤᠳᠠᠰᠤ ᠬᠡᠷᠡᠭᠯᠡᠭᠰᠡᠨ ᠨᠣᠷᠮ᠎ᠠ ᠶᠢ 85%᠎ ᠠᠴᠠ ᠳᠡᠭᠡᠭᠰᠢ ᠪᠣᠯᠭᠠᠨ᠎ᠠ᠃ ᠭᠤᠣᠯ ᠪᠣᠯᠬᠤ ᠵᠠᠮ ᠱᠣᠭᠤᠮ ᠤᠨ ᠳᠡᠭᠡᠭᠡᠪᠦᠷᠢ ᠶᠢᠨ ᠭᠤᠭᠴᠤᠭᠠᠨ ᠳᠤ ᠠᠵᠤ ᠠᠬᠤᠶᠢᠯᠠᠯ ᠢ ᠬᠦᠲᠦᠯᠦᠨ ᠵᠢᠯᠣᠭᠤᠳᠴᠦ ᠪᠠᠶᠢᠭᠠᠳ ᠲᠡᠮᠦᠷ ᠵᠠᠮ᠂ ᠵᠠᠰᠠᠮᠠᠯ ᠵᠠᠮ ᠪᠠ ᠠᠭᠠᠷ ᠤᠨ ᠳᠡᠭᠡᠭᠡᠪᠦᠷᠢ ᠵᠡᠷᠭᠡ ᠣᠯᠠᠨ ᠵᠦᠢᠯ ᠤᠨ ᠳᠡᠭᠡᠭᠡᠪᠦᠷᠢ ᠶᠢᠨ ᠠᠷᠭ᠎ᠠ ᠮᠠᠶ᠋ᠢᠭ ᠢ ᠨᠢᠭᠡᠳᠦᠯᠲᠡᠢ ᠲᠥᠯᠥᠪᠵᠢᠭᠦᠯᠦᠨ ᠬᠡᠷᠡᠭᠯᠡᠵᠦ᠂ ᠪᠦᠲᠦᠴᠡ ᠶᠢᠨ ᠴᠢᠨᠠᠷᠲᠠᠢ ᠪᠠᠷ ᠪᠣᠬᠢᠷ ᠪᠣᠳᠠᠰ ᠭᠠᠳᠠᠭᠰᠢᠯᠠᠭᠤᠯᠬᠤ ᠪᠠᠨ ᠪᠠᠭᠠᠰᠬᠠᠬᠤ ᠶᠢ ᠠᠬᠢᠭᠤᠯᠤᠨ᠎ᠠ︔ ᠳᠠᠮᠵᠢᠭᠤᠯᠤᠨ ᠲᠡᠭᠡᠭᠡᠪᠦᠷᠢᠯᠡᠬᠦ ᠪᠠ ᠲᠡᠭᠦᠰᠭᠡᠯ ᠤᠨ ᠲᠣᠬᠢᠷᠠᠭᠤᠯᠤᠨ ᠬᠦᠷᠭᠡᠬᠦ ᠭᠤᠭᠴᠤᠭ᠎ᠠ ᠳᠤ ᠰᠢᠨ᠎ᠡ ᠡᠨᠧᠷᠭᠢᠲᠦ ᠲᠡᠷᠭᠡ ᠬᠦᠰᠭᠡ ᠬᠡᠷᠡᠭᠯᠡᠬᠦ ᠶᠢ ᠳᠡᠯᠭᠡᠷᠡᠭᠦᠯᠦᠨ᠎ᠡ᠃ ᠠᠵᠤ ᠠᠬᠤᠶᠢᠯᠠᠯ ᠢ ᠵᠣᠷᠢᠬᠵᠢᠭᠤᠯᠵᠤ ᠪᠠᠶᠢᠭᠠᠳ ᠦᠢᠯᠡᠳᠪᠦᠷᠢᠯᠡᠬᠦ ᠠᠵᠢᠯᠯᠠᠭᠠᠨ ᠤ ᠴᠣᠪᠣᠷᠠᠯ ᠢᠶᠠᠨ ᠰᠢᠯᠢᠳᠡᠭᠵᠢᠭᠦᠯᠦᠨ᠂ ᠳᠠᠮᠵᠢᠭᠤᠯᠤᠨ ᠲᠡᠭᠡᠭᠡᠪᠦᠷᠢᠯᠡᠬᠦ ᠬᠠᠶᠢᠷᠴᠠᠭ᠂ ᠰᠢᠩᠭᠡᠯᠢᠭ ᠣᠩᠭᠤᠴᠠᠲᠤ ᠮᠠᠰᠢᠨ ᠲᠡᠷᠭᠡ ᠵᠡᠷᠭᠡ ᠲᠦᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ᠂ ᠠᠵᠢᠯᠯᠠᠭᠠᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠵᠣᠷᠢᠬᠵᠢᠭᠤᠯᠤᠨ᠎ᠠ᠃ ᠡᠨᠧᠷᠭᠢ ᠶᠢᠨ ᠬᠠᠮᠢᠶᠠᠷᠤᠯᠲᠠ ᠶᠢ ᠴᠢᠩᠭᠠᠳᠬᠠᠨ᠂ ᠪᠣᠬᠢᠷᠳᠤᠯ ᠦᠭᠡᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠲᠠᠢ ᠲᠡᠭᠡᠭᠡᠪᠦᠷᠢᠯᠡᠨ ᠡᠵᠡᠩᠨᠡᠬᠦ ᠬᠠᠮᠢᠶᠠᠷᠤᠯᠲᠠ ᠶᠢᠨ ᠴᠣᠪᠣᠷᠠᠯ ᠪᠠ ᠲᠣᠭᠲᠠᠴᠠ ᠶᠢ ᠪᠠᠶᠢᠭᠤᠯᠵᠤ᠂ ᠰᠠᠩ ᠬᠦᠮᠦᠷᠭᠡ᠂ ᠬᠤᠪᠢᠶᠠᠨ ᠰᠠᠯᠭᠠᠬᠤ ᠲᠥᠪ᠂ ᠳ᠋ᠠᠶᠢᠲ᠋ᠠ ᠶᠢᠨ ᠲᠥᠪ ᠪᠣᠯᠣᠨ ᠬᠠᠮᠢᠶᠠᠷᠤᠯᠲᠠ ᠶᠢᠨ ᠲᠥᠪ ᠵᠡᠷᠭᠡ ᠲᠠᠯᠠᠪᠠᠢ ᠭᠠᠵᠠᠷ ᠲᠤ ᠤᠰᠤ ᠠᠷᠪᠢᠯᠠᠬᠤ᠂ ᠴᠠᠬᠢᠯᠭᠠᠨ ᠠᠷᠪᠢᠯᠠᠬᠤ᠂ ᠡᠨᠧᠷᠭᠢ ᠠᠷᠪᠢᠯᠠᠬᠤ ᠵᠡᠷᠭᠡ ᠰᠢᠨ᠎ᠡ ᠮᠡᠷᠭᠡᠵᠢᠯ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ᠂ ᠡᠨᠧᠷᠭᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠵᠦᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠬᠠᠷᠢᠭᠤᠴᠠᠨ᠎ᠠ︶      ︵ᠠᠷᠪᠠᠨ ᠳᠣᠯᠤᠭ᠎ᠠ︶ ᠪᠣᠬᠢᠷᠳᠤᠯ ᠦᠭᠡᠢ ᠪᠣᠭᠤᠳᠠᠯ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠦᠨ᠎ᠡ᠃ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠪᠣᠬᠢᠷᠳᠤᠯ ᠦᠭᠡᠢ ᠪᠣᠭᠤᠳᠠᠯ᠂ ᠬᠡᠮᠵᠢᠶ᠎ᠡ ᠶᠢ ᠨᠢ ᠪᠠᠭᠠᠰᠬᠠᠵᠢᠭᠤᠯᠬᠤ ᠪᠣᠭᠤᠳᠠᠯ ᠤᠨ ᠪᠠᠷᠢᠮᠵᠢᠶ᠎ᠠ ᠶᠢ ᠬᠡᠷᠡᠭᠵᠢᠭᠦᠯᠵᠦ᠂ ᠪᠣᠬᠢᠷᠳᠤᠯ ᠦᠭᠡᠢ ᠪᠣᠭᠤᠳᠠᠯ ᠤᠨ ᠮᠡᠷᠭᠡᠵᠢᠯ ᠪᠠ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠵᠦ᠂ ᠲᠥᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠪᠣᠭᠤᠳᠠᠯ ᠲᠠᠢ ᠡᠳ᠋ ᠤᠨ ᠬᠡᠮᠵᠢᠶ᠎ᠡ ᠶᠢ ᠨᠢ ᠪᠠᠭᠠᠰᠬᠠᠵᠢᠭᠤᠯᠬᠤ ᠶᠢ ᠠᠬᠢᠭᠤᠯᠤᠨ᠎ᠠ᠃ ︵ᠥᠪᠡᠷᠲᠡᠭᠡᠡ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠥᠪᠥᠷ ᠮᠣᠩᠭᠤᠯ ᠤᠨ ᠰᠢᠤᠲᠠᠨ ᠤ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ ᠪᠣᠬᠢᠷᠳᠤᠯ ᠦᠭᠡᠢ ᠪᠣᠭᠤᠳᠠᠯ ᠤᠨ ᠲᠤᠷᠰᠢᠯᠲᠠ ᠶᠢᠨ ᠴᠢᠬ ᠤᠨ ᠵᠢᠱᠢᠶ᠎ᠡ ᠦᠵᠡᠭᠦᠯᠬᠦ ᠶᠢ ᠦᠷᠨᠢᠭᠦᠯᠵᠦ᠂ ᠪᠣᠬᠢᠷᠳᠤᠯ ᠦᠭᠡᠢ ᠬᠦᠭᠵᠢᠯᠲᠡ ᠲᠠᠢ ᠨᠡᠶᠢᠲᠡᠯᠢᠭ ᠠᠵᠤ ᠠᠬᠤᠶᠢᠯᠠᠯ ᠢ ᠪᠤᠶᠢᠵᠢᠭᠤᠯᠤᠨ᠂ ᠲᠥᠷᠥ ᠶᠢᠨ ᠪᠣᠳᠣᠯᠭ᠎ᠠ ᠪᠠᠷ ᠳᠡᠮᠵᠢᠬᠦ ᠪᠠ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠠᠢ ᠬᠠᠮᠳᠤᠷᠠᠯᠴᠠᠨ ᠬᠠᠷᠢᠭᠤᠴᠠᠨ᠎ᠠ︶ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠵᠣᠷᠢᠬᠵᠢᠭᠤᠯᠤᠨ ᠪᠣᠬᠢᠷᠳᠤᠯ ᠦᠭᠡᠢ ᠬᠡᠷᠡᠭᠯᠡᠭᠡ ᠶᠢᠨ ᠠᠵᠢᠯᠯᠠᠭ᠎ᠠ ᠦᠷᠨᠢᠭᠦᠯᠦᠨ᠂ ᠪᠣᠬᠢᠷᠳᠤᠯ ᠦᠭᠡᠢ ᠪᠣᠭᠤᠳᠠᠯ ᠲᠠᠢ ᠡᠳ᠋ ᠢ ᠰᠤᠩᠭᠤᠠ ᠬᠡᠷᠡᠭᠯᠡᠬᠦ ᠪᠣᠯᠭᠠᠵᠤ᠂ ᠠᠳᠠᠯᠢ ᠪᠣᠰᠤ ᠪᠣᠭᠤᠳᠠᠯ ᠲᠠᠢ ᠡᠳ᠋ ᠢᠶᠠᠷ ᠠᠩᠭᠢᠯᠠᠨ ᠬᠤᠪᠢᠶᠠᠵᠤ ᠦᠨ᠎ᠡ ᠲᠣᠭᠲᠠᠭᠠᠵᠤ᠂ ᠨᠡᠶᠢᠲᠡ ᠬᠤᠪᠢ ᠪᠠᠷ ᠲᠤᠰᠬᠠᠬᠤ᠂ ᠵᠦᠢ ᠶᠣᠰᠤᠨ ᠤ ᠢᠲᠡᠭᠡᠮᠵᠢ ᠵᠡᠷᠭᠡ ᠲᠣᠭᠲᠠᠴᠠ ᠪᠠᠶᠢᠭᠤᠯᠵᠤ ᠬᠡᠷᠡᠭᠯᠡᠭᠰᠡᠳ ᠢ ᠪᠣᠬᠢᠷᠳᠤᠯ ᠦᠭᠡᠢ ᠪᠣᠭᠤᠳᠠᠯ ᠬᠡᠷᠡᠭᠯᠡᠬᠦ ᠪᠣᠶᠤ ᠬᠡᠮᠵᠢᠶ᠎ᠡ ᠶᠢ ᠨᠢ ᠪᠠᠭᠠᠰᠬᠠᠨ ᠪᠣᠭᠤᠳᠠᠯᠯᠠᠬᠤ ᠶᠢ ᠬᠦᠲᠦᠯᠦᠨ ᠵᠢᠯᠣᠭᠤᠳᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠠᠢ ᠬᠠᠮᠳᠤᠷᠠᠯᠴᠠᠨ ᠬᠠᠷᠢᠭᠤᠴᠠᠨ᠎ᠠ︶ ᠪᠣᠭᠤᠳᠠᠯ ᠬᠠᠶᠢᠷᠴᠠᠭ ᠢ ᠪᠣᠴᠠᠭᠠᠨ ᠬᠤᠷᠢᠶᠠᠵᠤ ᠠᠪᠬᠤ ᠪᠠ ᠡᠷᠭᠢᠯᠳᠦᠭᠦᠯᠦᠨ ᠠᠰᠢᠭᠯᠠᠬᠤ ᠶᠢ ᠰᠦᠪᠡᠭᠴᠢᠯᠡᠵᠦ᠂ ᠠᠵᠢᠯᠯᠠᠬᠤ ᠲᠣᠣᠷ ᠴᠢᠬ ᠲᠤ ᠲᠥᠷᠭᠡᠨ ᠢᠯᠡᠭᠡᠯᠲᠡ ᠶᠢᠨ ᠪᠣᠭᠤᠳᠠᠯ ᠬᠠᠶᠢᠷᠴᠠᠭ ᠢ ᠪᠣᠴᠠᠭᠠᠨ ᠬᠤᠷᠢᠶᠠᠵᠦ ᠠᠪᠬᠤ ᠢᠯᠡ ᠲᠣᠳᠣ ᠲᠡᠮᠳᠡᠭ ᠲᠠᠢ ᠰᠠᠪᠠ ᠲᠣᠬᠢᠷᠠᠭᠤᠯᠬᠤ ᠶᠢ ᠠᠬᠢᠭᠤᠯᠤᠨ᠂ ᠭᠤᠣᠯ ᠪᠣᠯᠬᠤ ᠨᠡᠷᠡᠲᠦ ᠲᠥᠷᠥᠯ ᠲᠡᠮᠳᠡᠭᠲᠦ ᠪᠠᠷᠢᠮᠵᠢᠶᠠᠯᠠᠭᠰᠠᠨ ᠲᠣᠣᠷ ᠴᠢᠬ ᠪᠦᠭᠦᠠ ᠳᠤ ᠪᠣᠴᠠᠭᠠᠨ ᠬᠤᠷᠢᠶᠠᠨ ᠠᠪᠴᠤ ᠠᠰᠢᠭᠯᠠᠵᠤ ᠪᠣᠯᠬᠤ ᠪᠣᠭᠤᠳᠠᠯ ᠬᠠᠶᠢᠷᠴᠠᠭ ᠲᠣᠬᠢᠷᠠᠭᠤᠯᠬᠤ ᠲᠤᠰᠬᠠᠢ ᠠᠵᠢᠯᠯᠠᠭ᠎ᠠ ᠦᠷᠨᠢᠭᠦᠯᠵᠦ᠂ ᠪᠣᠭᠤᠳᠠᠯ ᠬᠠᠶᠢᠷᠴᠠᠭ ᠦᠢᠯᠡᠳᠪᠦᠷᠢᠯᠡᠭᠴᠢᠳ᠂ ᠬᠡᠷᠡᠭᠯᠡᠭᠴᠢᠳ ᠪᠠ ᠬᠡᠷᠡᠭᠯᠡᠭᠰᠡᠳ ᠵᠡᠷᠭᠡ ᠣᠯᠠᠨ ᠲᠠᠯ᠎ᠠ ᠪᠠᠷ ᠬᠠᠮᠵᠢᠯᠴᠠᠭᠰᠠᠨ ᠪᠣᠴᠠᠭᠠᠨ ᠬᠤᠷᠢᠶᠠᠨ ᠠᠪᠴᠤ ᠠᠰᠢᠭᠯᠠᠬᠤ ᠰᠢᠰᠲ᠋ᠧᠮᠵᠢ ᠶᠢ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ ᠲᠦᠷᠭᠡᠨ ᠢᠯᠡᠭᠡᠯᠲᠡ ᠶᠢᠨ ᠪᠣᠭᠤᠳᠠᠯ ᠦᠢᠯᠡᠳᠪᠦᠷᠢᠯᠡᠭᠴᠢᠳ ᠤᠨ ᠬᠠᠷᠢᠭᠤᠴᠠᠯᠭ᠎ᠠ ᠶᠢ ᠤᠷᠳᠤᠳᠬᠠᠬᠤ ᠳᠥᠷᠢᠮ ᠢ ᠪᠠᠶᠢᠭᠤᠯᠤᠨ ᠪᠦᠷᠢᠨᠰᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠥᠪᠥᠷ ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶      ︵ᠠᠷᠪᠠᠨ ᠨᠠᠢᠮᠠ︶ ᠪᠣᠬᠢᠷᠳᠤᠯ ᠦᠭᠡᠢ ᠪᠠᠷ ᠲᠡᠭᠡᠭᠡᠪᠦᠷᠢᠯᠡᠬᠦ ᠪᠠ ᠲᠣᠬᠢᠷᠠᠭᠤᠯᠤᠨ ᠬᠦᠷᠭᠡᠬᠦ ᠶᠢ ᠠᠬᠢᠭᠤᠯᠤᠨ᠎ᠠ᠃ ᠲᠡᠭᠡᠭᠡᠪᠦᠷᠢᠯᠡᠬᠦ ᠪᠦᠲᠦᠴᠡ ᠶᠢ ᠲᠦᠷᠭᠡᠳᠭᠡᠨ ᠲᠣᠬᠢᠷᠠᠭᠤᠯᠵᠤ᠂ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠬᠦᠷᠢᠶ᠎ᠡ ᠴᠠᠷᠠᠭ᠎ᠠ ᠳᠠᠬᠢ ᠲᠡᠮᠦᠷ ᠵᠠᠮ ᠵᠡᠷᠭᠡ ᠴᠡᠪᠡᠷ ᠲᠡᠭᠡᠭᠡᠪᠦᠷᠢᠯᠡᠬᠦ ᠠᠷᠭ᠎ᠠ ᠮᠠᠶ᠋ᠢᠭ ᠤᠨ ᠬᠡᠷᠡᠭᠯᠡᠬᠦ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠢ ᠵᠣᠷᠢᠬᠵᠢᠭᠤᠯᠵᠤ ᠪᠠᠶᠢᠭᠠᠳ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠷᠠᠯᠵᠢᠶ᠎ᠠ᠂ ᠪᠠᠷᠠᠭᠠᠨ ᠤ ᠭᠦᠢᠯᠭᠡᠭᠡ ᠶᠢᠨ ᠲᠣᠬᠢᠷᠠᠭᠤᠯᠤᠨ ᠬᠦᠷᠭᠡᠬᠦ ᠵᠡᠷᠭᠡ ᠮᠡᠳᠡᠭᠡ ᠵᠠᠩᠭᠢ ᠶᠢ ᠶᠡᠷᠦᠩᠬᠡᠶᠢᠯᠡᠨ ᠬᠡᠷᠡᠭᠯᠡᠵᠦ᠂ ᠲᠣᠬᠢᠷᠠᠭᠤᠯᠤᠯᠲᠠ ᠪᠠᠨ ᠰᠢᠯᠢᠳᠡᠭᠵᠢᠭᠦᠯᠦᠨ᠂ ᠲᠡᠷᠭᠡ ᠬᠦᠰᠭᠡ ᠶᠢᠨ ᠬᠤᠭᠤᠰᠤᠨ ᠭᠦᠶᠦᠬᠦ ᠪᠠ ᠠᠶᠠᠨ ᠵᠠᠮ ᠤᠨ ᠴᠠᠭ ᠢ ᠨᠢ ᠪᠠᠭᠠᠰᠬᠠᠨ᠎ᠠ᠃ ︵ᠥᠪᠥᠷ ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠬᠠᠷᠢᠭᠤᠴᠠᠨ᠎ᠠ︶ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠬᠦᠷᠢᠶ᠎ᠡ ᠴᠠᠷᠠᠭ᠎ᠠ ᠶᠢᠨ ᠬᠢᠨ ᠢ ᠵᠣᠷᠢᠬᠵᠢᠭᠤᠯᠵᠤ ᠪᠠᠶᠢᠭᠠᠳ ᠰᠢᠨ᠎ᠡ ᠡᠨᠧᠷᠭᠢᠲᠦ ᠮᠠᠰᠢᠨ ᠲᠡᠷᠭᠡ ᠪᠠ ᠨᠡᠩ ᠦᠨᠳᠦᠷ ᠭᠠᠳᠠᠭᠰᠢᠯᠠᠭᠤᠯᠬᠤ ᠪᠠᠷᠢᠮᠵᠢᠶ᠎ᠠ ᠶᠢ ᠬᠠᠩᠭᠠᠵᠤ ᠴᠢᠳᠠᠭᠰᠠᠨ ᠲᠣᠰᠤ ᠰᠢᠲᠠᠭᠠᠬᠤ ᠮᠠᠰᠢᠨ ᠲᠡᠷᠭᠡ ᠬᠡᠷᠡᠭᠯᠡᠬᠦ ᠶᠢ ᠲᠦᠷᠭᠡᠳᠭᠡᠨ ᠳᠡᠯᠭᠡᠷᠡᠭᠦᠯᠵᠤ᠂ ᠰᠢᠨ᠎ᠡ ᠡᠨᠧᠷᠭᠢᠲᠦ ᠮᠠᠰᠢᠨ ᠲᠡᠷᠭᠡ ᠶᠢᠨ ᠬᠡᠷᠡᠭᠯᠡᠬᠦ ᠬᠠᠷᠢᠴᠠᠯ ᠢ ᠨᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠡᠯᠧᠺᠲᠷᠤᠨ ᠬᠤᠳᠠᠯᠳᠤᠭᠠᠨ ᠤ ᠶᠠᠪᠤᠳᠠᠯ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠵᠣᠬᠢᠴᠠᠯᠳᠤᠨ ᠬᠦᠭᠵᠢᠬᠦ ᠶᠢ ᠠᠬᠢᠭᠤᠯᠬᠤ ᠴᠢᠬᠤᠯᠠ ᠴᠢᠨᠠᠷ ᠤᠨ ᠲᠠᠨᠢᠯᠲᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠠ ᠤᠳᠤᠷᠢᠳᠬᠤ ᠪᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠷᠠᠭᠤᠯᠤᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠪᠠᠷ ᠬᠦᠭᠵᠢᠭᠰᠡᠨ ᠦᠢᠯᠡᠴᠢᠯᠡᠭᠡᠨ ᠤ ᠡᠵᠡᠩᠨᠡᠯᠲᠡ ᠶᠢᠨ ᠪᠠᠶᠢᠳᠠᠯ ᠢ ᠰᠣᠳᠣᠯᠬᠤ ᠪᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠦᠬᠡᠴᠡᠯᠡᠬᠦ ᠪᠠᠨ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠨᠢ ᠪᠣᠳᠠᠲᠠᠢ ᠬᠡᠷᠡᠭᠵᠢᠭᠦᠯᠬᠦ ᠠᠷᠭ᠎ᠠ ᠬᠡᠮᠵᠢᠶ᠎ᠡ ᠲᠣᠭᠲᠠᠭᠠᠵᠤ᠂ ᠡᠭᠦᠷᠭᠡ ᠪᠣᠯᠣᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠰᠢᠤᠲᠠᠨ ᠤ ᠬᠠᠮᠢᠶᠠᠷᠤᠯᠲᠠ ᠶᠢᠨ ᠲᠣᠪᠴᠢᠶ᠎ᠠ ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠲᠠᠢ ᠬᠠᠮᠲᠤᠷᠠᠯᠴᠠᠨ ᠠᠵᠢᠯ ᠤᠨ ᠵᠢᠯᠣᠭᠤᠳᠤᠯᠭ᠎ᠠ ᠪᠠ ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠵᠤ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃                                          ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号