2018 ᠣᠨ ᠤ 1 — 8 ᠳ᠋ᠤᠭᠠᠷ ᠰᠠᠷ᠎ᠠ ᠳᠤ ᠪᠥᠬᠦ ᠣᠷᠣᠨ ᠤ ᠵᠠᠰᠠᠮᠠᠯ ᠵᠠᠮ ᠤᠨ ᠠᠵᠢᠯ ᠲᠥᠷᠥᠯ ᠤᠨ ᠪᠥᠲᠦᠭᠡᠨ ᠪᠠᠶᠢᠭᠤᠯᠤᠯᠲᠠ ᠪᠣᠯᠣᠨ ᠡᠵᠡᠩᠨᠡᠯᠲᠡ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠣᠯᠪᠠ
ᠨᠡᠶᠢᠲᠡᠯᠡᠭᠰᠡᠨ ᠴᠠᠭ᠄
2018/9/21
      8 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠳ᠋ᠠᠨ ᠳ᠋ᠦᠩ ᠠᠴᠠ ᠰᠢᠯᠢᠩᠬᠤᠲᠠ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠤᠨ ᠳ᠋ᠠᠪᠠᠨ ᠠᠴᠠ ᠪᠢᠷᠠᠭᠤ ᠬᠦᠷᠬᠦ ᠬᠡᠰᠡᠭ᠂ ᠳ᠋ᠠᠯᠢᠶᠠᠨ ᠠᠴᠠ ᠭᠤᠸᠠᠩᠵᠧᠦ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠤᠨ ᠨᠠᠢᠮᠠᠨ ᠬᠤᠰᠢᠭᠤ ᠠᠴᠠ ᠪᠠᠶ ᠵᠢᠶᠠ ᠸᠠᠨ ᠽᠢ ᠬᠦᠷᠬᠦ ᠬᠡᠰᠡᠭ᠂ S31 ᠳ᠋ᠠ ᠹᠠᠨ ᠫᠦ᠋ ᠠᠴᠠ ᠯᠦᠩ ᠺᠸᠦ ︵ᠥᠪᠥᠷ ᠮᠣᠩᠭᠤᠯ ᠱᠠᠨ ᠰᠢ ᠶᠢᠨ ᠵᠠᠭᠠᠭ︶ ᠬᠦᠷᠬᠦ ᠬᠡᠰᠡᠭ ᠵᠡᠷᠭᠡ ᠥᠨᠳᠥᠷ ᠬᠤᠷᠳᠤᠴᠠᠲᠤ ᠵᠠᠰᠠᠮᠠᠯ ᠵᠠᠮ ᠤᠨ ᠲᠥᠷᠥᠯ ᠵᠦᠢᠯ ᠵᠢᠴᠢ ᠤᠯᠤᠰ ᠤᠨ ᠵᠠᠮ ᠤᠨ 242 ᠱᠤᠭᠤᠮ ᠤᠨ ᠭᠠᠭᠴᠠ ᠮᠣᠳᠣ ᠪᠣᠭᠤᠮᠲᠠ ᠠᠴᠠ ᠯᠢᠨ ᠾᠧ ᠬᠦᠷᠬᠦ᠂ ᠤᠯᠤᠰ ᠤᠨ ᠵᠠᠮ ᠤᠨ 303 ᠱᠤᠭᠤᠮ ᠤᠨ ᠹᠧᠩ ᠬᠤᠸᠠᠩ ᠯᠢᠩ ᠠᠴᠠ ᠴᠢᠪᠠᠭ᠎ᠠ ᠬᠦᠷᠬᠦ᠂ ᠮᠤᠵᠢ ᠶᠢᠨ ᠵᠡᠮ ᠤᠨ 316 ᠱᠤᠭᠤᠮ ᠤᠨ ᠳᠤᠮᠳᠠ ᠪᠠ ᠪᠠᠷᠠᠭᠤᠨ ᠬᠡᠰᠡᠭ ᠠᠴᠠ ᠪᠠᠯᠭᠤᠨ᠎ᠠ ᠬᠦᠷᠬᠦ ᠵᠡᠷᠭᠡ ᠨᠢᠭᠡ ᠪᠦᠯᠦᠭ ᠤᠯᠤᠰ ᠪᠠ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠤᠨ ᠲᠥᠷᠥᠯ ᠵᠦᠢᠯ ᠤᠨ ᠠᠬᠢᠴᠠ ᠤᠷᠤᠭᠰᠢᠲᠠᠶ ᠪᠠᠶᠢᠵᠤ᠂ ᠬᠠᠰᠤᠵᠤ ᠨᠡᠶᠢᠯᠡᠭᠦᠯᠦᠭᠰᠡᠨ ᠲᠣᠰᠬᠤᠨ ᠤ ᠬᠠᠲᠠᠭᠤᠷᠠᠭᠤᠯᠤᠭᠰᠠᠨ ᠵᠠᠮ᠂ ᠵᠠᠰᠠᠮᠠᠯ ᠵᠠᠮ ᠤᠨ ᠲᠣᠤᠷ ᠢ ᠰᠠᠶᠢᠵᠢᠷᠠᠭᠤᠯᠬᠤ ᠵᠡᠷᠭᠡ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠨᠢ ᠶᠠᠭ ᠰᠠᠶᠢᠬᠠᠨ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ 1 — 8 ᠳ᠋ᠤᠭᠠᠷ ᠰᠠᠷ᠎ᠠ ᠳᠤ ᠪᠥᠬᠦ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ 178.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠵᠠᠰᠠᠮᠠᠯ ᠵᠠᠮ ᠤᠨ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ 10517 ᠺᠢᠯᠣᠮᠧᠲᠷ ᠰᠡᠷᠭᠦᠭᠡᠠ ᠪᠥᠳᠥᠭᠡᠨ ᠪᠠᠶᠢᠭᠤᠯᠪᠠ  ᠂ ᠡᠭᠦᠨ ᠳᠤ ᠥᠨᠳᠥᠷ ᠬᠤᠷᠳᠤᠴᠠᠲᠤ ᠵᠠᠰᠠᠮᠠᠯ ᠵᠠᠮ 825 ᠺᠢᠯᠣᠮᠧᠲᠷ᠂ ᠨᠢᠭᠡᠳᠦᠭᠡᠷ ᠳᠡᠰ ᠤᠨ ᠵᠠᠰᠠᠮᠠᠯ ᠵᠠᠮ 1747 ᠺᠢᠯᠣᠮᠧᠲᠷ ᠪᠠᠶᠢᠨ᠎ᠠ᠃ ᠪᠦᠬᠦ ᠣᠷᠣᠨ ᠤ ᠵᠠᠰᠠᠮᠠᠯ ᠵᠠᠮ ᠎ ᠤᠨ ᠪᠠᠷᠠᠭ᠎ᠠ ᠶᠢᠨ ᠲᠡᠭᠡᠭᠡᠪᠦᠷᠢ ᠶᠢ 10.3 ᠳ᠋ᠦᠩᠰᠢᠭᠤᠷ ᠲᠣᠨ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.6%᠎ ᠪᠠᠷ ᠨᠡᠮᠡᠭᠳᠡᠪᠡ︔ ᠵᠠᠰᠠᠮᠠᠯ ᠵᠠᠮ ᠤᠨ ᠠᠶᠠᠨᠴᠢᠨ ᠤ ᠵᠥᠭᠡᠭᠡᠪᠦᠷᠢ ᠶᠢ 5405 ᠲᠦᠮᠡᠨ ᠬᠥᠮᠦᠨ ᠤᠳᠠᠭ᠎ᠠ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 16.1%᠎ ᠪᠠᠷ ᠪᠠᠭᠤᠷᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号