ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/9/21
     9 ᠳ᠋ᠦ᠋ᠭᠡᠷ ᠰᠠᠷ᠎ᠠ ᠶᠢᠨ 19᠎ ᠤ ᠡᠳᠦᠷ᠂ ᠪᠥᠬᠦ ᠣᠷᠣᠨ ᠤ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠲᠦᠩᠯᠢᠶᠣᠤ ᠬᠤᠲᠠ ᠶᠢᠨ ᠨᠠᠢᠮᠠᠨ ᠬᠤᠰᠢᠭᠤᠨ ᠎ ᠳᠤ ᠬᠤᠷᠠᠯᠳᠤᠪᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠤᠶᠤᠨ ᠤ ᠪᠣᠯᠪᠠᠰᠤᠨ ᠤ ᠠᠯᠪᠠᠨ ᠬᠡᠷ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠤᠳᠤᠷᠢᠳᠤᠯᠭ᠎ᠠ ᠵᠢᠴᠢ ᠡᠯ᠎ᠡ ᠠᠶᠢᠮᠠᠭ ᠬᠤᠲᠠ ᠶᠢᠨ ᠬᠠᠮᠢᠶ᠎ᠠ ᠪᠥᠬᠦᠶ ᠠᠵᠢᠯᠲᠠᠳ ᠬᠤᠷᠠᠯ ᠳᠤ ᠣᠷᠣᠯᠴᠠᠭᠰᠠᠨ ᠪᠠᠶᠢᠨ᠎ᠠ᠃      ᠬᠤᠷᠠᠯ ᠠᠴᠠ ᠵᠢᠭᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠪᠠᠶᠢᠳᠠᠯ  ᠳᠣᠣᠷ᠎ᠠ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠲᠠᠭᠤᠳᠠᠯ ᠢ ᠨᠥᠬᠦᠪᠥᠷᠢᠯᠡᠵᠦ᠂ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢᠨ ᠬᠠᠨᠳᠤᠯᠭᠠᠲᠤ ᠴᠢᠨᠠᠷ ᠪᠠ ᠪᠦᠳᠦᠮᠵᠢᠳᠤ ᠴᠢᠨᠠᠷ ᠢ ᠦᠨᠡᠨ ᠬᠦ ᠴᠢᠩᠭᠠᠳᠬᠠᠵᠤ᠂ ᠮᠠᠯᠴᠢᠨ ᠲᠠᠷᠢᠶᠠᠴᠢᠨ ᠤ ᠶᠡᠷᠦᠩᠬᠡᠶ ᠬᠡᠪ ᠴᠢᠨᠠᠷ ᠪᠠ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠬᠢᠷᠢ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠩ ᠳᠠᠳᠬᠠᠯ ᠢ ᠥᠭᠡᠷᠡᠴᠢᠯᠡᠬᠦ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ︽ᠵᠣᠷᠢᠭ ᠤᠬᠠᠭᠠᠨ ᠬᠤᠶᠠᠷ ᠢᠶᠠᠷ ᠲᠡᠳᠬᠦᠬᠦ︾ ᠶᠠᠪᠤᠳᠠᠯ ᠢᠶᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠬᠦᠴᠦ ᠨᠡᠮᠡᠷᠢᠯᠡᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠᠨ ᠴᠢᠩᠭᠠᠳᠬᠠᠵᠤ᠂ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠪᠠ ᠤᠬᠠᠭᠤᠯᠤᠨ ᠬᠥᠲᠥᠯᠦᠨ ᠵᠢᠯᠣᠭᠤᠳᠬᠤ ᠪᠠᠨ ᠴᠢᠩᠭᠠᠳᠬᠠᠵᠤ᠂ ᠴᠢᠩᠭ᠎ᠠ ᠠᠳᠬᠤᠵᠤ ᠰᠢᠷᠭᠠᠭᠤ ᠠᠵᠢᠯᠯᠠᠨ᠂ ᠤᠷᠲᠤ ᠬᠤᠭᠤᠴᠠᠭ᠎ᠠ ᠪᠠᠷ ᠴᠢᠷᠮᠠᠶᠢᠨ ᠭᠠᠪᠢᠶ᠎ᠠ ᠵᠢᠳᠬᠦᠯ ᠭᠠᠷᠭᠠᠵᠤ᠂ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠬᠠᠮᠲᠤᠪᠠᠷ ᠠᠬᠢᠭᠤᠯᠬᠤ ᠬᠦᠴᠦᠨ ᠲᠡᠭᠦᠯᠳᠡᠷ ᠠᠵᠢᠯ ᠤᠨ ᠪᠠᠶᠢᠳᠠᠯ ᠢ ᠪᠣᠢ ᠪᠣᠯᠭᠠᠬᠤ ᠬᠡᠷᠡᠭᠲᠡᠢ ᠭᠡᠵᠡᠢ᠃      ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠲᠦᠩᠯᠢᠶᠣᠤ ᠬᠤᠳᠠ ᠶᠢᠨ ᠨᠠᠢᠮᠠᠨ ᠬᠤᠰᠢᠭᠤᠨ ᠤ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠲᠣᠭᠤᠷᠢᠨ ᠦᠵᠡᠵᠦ᠂ ᠲᠦᠩᠯᠢᠶᠣᠤ ᠬᠤᠳᠠ᠂ ᠨᠠᠢᠮᠠᠨ ᠬᠤᠰᠢᠭᠤ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠵᠢᠴᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠶᠢᠨ ᠠᠯᠪᠠᠨ ᠭᠡᠷ᠂ ᠰᠣᠶᠣᠯ ᠤᠨ ᠲᠢᠩᠬᠢᠮ᠂ ᠶᠠᠳᠠᠭᠤ ᠶᠢ ᠲᠡᠳᠬᠦᠬᠦ ᠠᠯᠪᠠᠨ ᠬᠡᠷ ᠵᠡᠷᠭᠡ ᠨᠢᠭᠡᠴᠢ ᠨᠦᠭᠦᠳ ᠲᠤᠷᠰᠢᠯᠭ᠎ᠠ ᠰᠣᠯᠢᠯᠴᠠᠬᠤ ᠶᠠᠷᠢᠶ᠎ᠠ ᠢᠯᠡᠳᠬᠡᠯ ᠬᠢᠵᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号