2018 ᠣᠨ ᠤ ᠪᠦᠬᠦ ᠣᠷᠣᠨ ᠤ ︽ᠬᠠᠷᠠᠭ᠎ᠠ ᠰᠡᠷᠭᠦᠭᠡᠬᠦ ᠠᠶᠠᠯᠠᠯ︾᠎ ᠤᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠰᠢᠯᠢ ᠶᠢᠨ ᠭᠤᠤᠯ ᠠᠶᠢᠮᠠᠭ ᠲᠤ ᠬᠦᠷᠬᠦ ᠵᠢᠴᠢ︽ᠨᠢᠭᠡ ᠪᠦᠰᠡ ᠨᠢᠭᠡ ᠵᠠᠮ︾· ᠬᠠᠷᠠᠭ᠎ᠠ ᠰᠡᠷᠭᠦᠭᠡᠬᠦ ᠠᠶᠠᠯᠠᠯ ᠤᠨ ᠮᠤᠩᠭᠤᠯ ᠤᠯᠤᠰ ᠲᠠᠬᠢ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/9/21
     9 ᠳ᠋ᠦ᠋ᠭᠡᠷ ᠰᠠᠷ᠎ᠠ ᠶᠢᠨ 20᠎ ᠤ ᠡᠳᠦᠷ᠂ 2018 ᠣᠨ ᠤ ᠪᠦᠬᠦ ᠤᠷᠤᠨ ᠤ ︽ᠬᠠᠷᠠᠭ᠎ᠠ ᠰᠠᠷᠭᠦᠬᠡᠬᠦ ᠠᠶᠠᠯᠠᠯ︾᠎ ᠤᠨ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠰᠢᠯᠢ ᠶᠢᠨ ᠭᠤᠤᠯ ᠠᠶᠢᠮᠠᠭ ᠲᠤ ᠬᠦᠷᠬᠦ ᠵᠢᠴᠢ︽ᠨᠢᠭᠡ ᠪᠦᠰᠡ ᠨᠢᠭᠡ ᠵᠠᠮ︾ · ᠬᠠᠷᠠᠭ᠎ᠠ ᠰᠠᠷᠭᠦᠬᠡᠬᠦ ᠠᠶᠠᠯᠠᠯ ᠤᠨ ᠮᠤᠩᠭᠤᠯ ᠤᠯᠤᠰ ᠲᠠᠬᠢ ᠠᠵᠢᠯᠯᠠᠭ᠎ᠠ ᠶᠢ ᠠᠬᠢᠭᠤᠯᠬᠤ ᠬᠤᠷᠠᠯ ᠡᠷᠢᠶᠡᠨ ᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ᠂ ᠦᠪᠡᠷᠳᠡᠭᠡᠨ ᠵᠠᠰᠬᠠᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠨᠡᠷ᠎ᠠ ᠬᠦᠨᠳᠦᠳᠦ ᠲᠡᠷᠤᠭ᠎ᠠ ᠪᠦ᠋ ᠰᠢᠶᠤᠤ ᠯᠢᠨ ᠠᠵᠢᠯᠯᠠᠭ᠎ᠠ ᠡᠬᠢᠯᠡᠭᠰᠡᠨ ᠢ ᠵᠠᠷᠯᠠᠵᠤ᠂ ᠮᠦᠩᠭᠦ ᠬᠠᠨᠳᠢᠪᠯᠠᠬᠰᠠᠨ ᠠᠵᠤ ᠠᠬᠤᠶᠢᠯᠠᠯ ᠳᠤ ᠬᠦᠮᠦᠯᠢᠭ ᠦᠵᠡᠯ ᠤᠨ ᠢᠷᠠᠭᠤ ᠠᠯᠳᠠᠷ ᠤᠨ ᠭᠠᠪᠢᠶᠠᠨ ᠲᠡᠮᠳᠡᠭ ᠤᠯᠭᠤᠵᠠᠢ᠃ ᠮᠤᠩᠭᠤᠯ ᠤᠯᠤᠰ ᠤᠨ ᠤᠯᠤᠰ ᠤᠨ ᠶᠡᠭᠡ ᠬᠤᠷᠠᠯ ᠤᠨ ᠬᠡᠰᠢᠭᠦᠨ ᠭᠡ᠊ · ᠮᠦᠩᠭᠡᠴᠡᠴᠡᠭ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠨᠢᠭᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠸᠠᠩ ᠯᠢ ᠰᠢᠶᠠ᠂ ᠮᠤᠩᠭᠤᠯ ᠤᠯᠤᠰ ᠤᠨ ᠲᠤᠷᠤᠨᠠᠭᠤᠪᠢ ᠠᠶᠢᠮᠠᠬ ᠤᠨ ᠲᠠᠷᠤᠭ᠎ᠠ ᠡᠩᠬᠡᠳᠥ᠋ᠪᠰᠢᠨ ᠤᠷᠢᠳ ᠬᠤᠵᠢᠳ ᠪᠠᠶᠠᠷ ᠤᠨ ᠦᠭᠡ ᠬᠡᠯᠡᠪᠡ᠃      ᠭᠡ᠊ · ᠮᠦᠩᠭᠡᠴᠡᠴᠡᠭ ᠬᠡᠯᠡᠭᠰᠡᠨ ᠨᠢ ︽ᠨᠢᠭᠡ ᠪᠦᠰᠡ ᠨᠢᠭᠡ ᠵᠠᠮ︾ · ᠬᠠᠷᠠᠭ᠎ᠠ ᠰᠡᠷᠭᠦᠭᠡᠬᠦ ᠠᠶᠠᠯᠠᠯ ᠤᠨ ᠮᠤᠩᠭᠤᠯ ᠤᠯᠤᠰ ᠲᠠᠬᠢ ᠠᠵᠢᠯᠯᠠᠭ᠎ᠠ ᠪᠤᠯ ᠮᠤᠩᠭᠤᠯ ᠲᠤᠮᠳᠠᠳᠤ ᠶᠢᠨ ᠰᠤᠶᠤᠯ ᠢᠷᠭᠡᠨᠰᠢᠯ ᠤᠨ ᠬᠠᠮᠳᠤᠷᠠᠯᠴᠠᠭ᠎ᠠ ᠶᠢᠨ ᠴᠢᠬᠤᠯᠠ ᠲᠦᠷᠦᠯ ᠵᠦᠢᠯ ᠪᠤᠯᠤᠨ᠎ᠠ᠂ ︽ᠬᠠᠷᠠᠭ᠎ᠠ ᠰᠡᠷᠭᠦᠭᠡᠬᠦ ᠠᠶᠠᠯᠠᠯ︾᠎ ᠤᠨ ᠠᠵᠢᠯᠯᠠᠭ᠎ᠠ ᠪᠠᠷ ᠲᠠᠮᠵᠢᠨ ᠲᠤᠷᠤᠨᠠᠭᠤᠪᠢ ᠠᠶᠢᠮᠠᠬ ᠤᠨ ᠮᠡᠰᠡ ᠵᠠᠰᠠᠯ ᠬᠢᠯᠭᠡᠭᠰᠡᠨ ᠠᠷᠠᠳ ᠢᠷᠭᠡᠳ ᠡᠬᠦᠨ ᠳᠤ ᠲᠦᠢᠯ ᠢᠶᠠᠷ ᠲᠠᠯᠠᠷᠬᠠᠵᠤ ᠪᠤᠢ᠃ ᠲᠤᠮᠳᠠᠳᠤ ᠮᠤᠩᠭᠤᠯ ᠬᠤᠶᠠᠷ ᠲᠠᠯ᠎ᠠ ᠪᠠᠷ ᠢᠶᠠᠨ ᠡᠷᠡᠭᠦᠯ ᠬᠠᠮᠠᠭᠠᠯᠠᠯ ᠤᠨ ᠬᠦᠷᠢᠶᠡᠨ ᠳᠤ ᠠᠷᠠᠳ ᠲᠦᠮᠡᠨ ᠳᠤ ᠠᠰᠢᠭ ᠬᠦᠷᠳᠡᠭᠡᠭᠦ ᠨᠡᠩ ᠤᠯᠠᠨ ᠬᠠᠮᠳᠤᠷᠠᠯᠴᠠᠭᠠᠨ ᠤ ᠲᠦᠷᠦᠯ ᠵᠦᠢᠯ ᠦᠷᠨᠢᠭᠦᠯᠭᠦ ᠶᠢ ᠬᠦᠰᠡᠵᠤ ᠪᠠᠶᠢᠨ᠎ᠠ ᠬᠡᠵᠡᠢ᠃      ᠸᠠᠩ ᠯᠢ ᠰᠢᠶᠠ ᠬᠡᠯᠡᠭᠰᠡᠨ ᠨᠢ ︽ᠨᠢᠭᠡ ᠪᠦᠰᠡ ᠨᠢᠭᠡ ᠵᠠᠮ︾ · ᠬᠠᠷᠠᠭ᠎ᠠ ᠰᠡᠷᠭᠦᠭᠡᠬᠦ ᠠᠶᠠᠯᠠᠯ ᠤᠨ ᠮᠤᠩᠭᠤᠯ ᠤᠯᠤᠰ ᠲᠠᠬᠢ ᠠᠵᠢᠯᠯᠠᠭ᠎ᠠ ᠪᠤᠯ ᠲᠤᠮᠳᠠᠳᠤ ᠮᠤᠩᠭᠤᠯ ᠤᠨ ᠤᠯᠠᠮᠵᠢᠯᠠᠯᠳᠤ ᠨᠦᠭᠦᠷᠯᠡᠯ ᠢ ᠴᠢᠨᠠᠬᠰᠢᠳᠠ ᠵᠤᠵᠠᠭᠠᠳᠬᠠᠬᠤ ᠪᠠ ᠬᠤᠶᠠᠷ ᠲᠠᠯ᠎ᠠ ᠶᠢᠨ ᠬᠠᠮᠳᠤᠷᠠᠯᠴᠠᠭᠠᠨ ᠤ ᠦᠷᠭᠦᠯᠵᠢᠯᠡᠨ ᠬᠦᠨᠵᠡᠭᠡᠶᠢᠷᠡᠨ ᠬᠦᠭᠵᠢᠭᠦ ᠶᠢ ᠠᠬᠢᠭᠤᠯᠬᠤ ᠴᠢᠬᠤᠯᠠ ᠠᠷᠭ᠎ᠠ ᠪᠠᠷᠢᠯ ᠮᠦᠨ᠃ ᠲᠤᠰ ᠤᠳᠠᠭ᠎ᠠ ᠶᠢᠨ ᠠᠬᠢᠭᠤᠯᠬᠤ ᠬᠤᠷᠠᠯ ᠨᠢ ︽ᠬᠠᠷᠠᠭ᠎ᠠ ᠰᠠᠷᠭᠦᠬᠡᠬᠦ ᠠᠶᠠᠯᠠᠯ︾᠎ ᠢ ᠰᠢᠨ᠎ᠠ ᠱᠠᠳᠤᠨ ᠳᠤ ᠠᠬᠢᠭᠤᠯᠬᠤ ᠮᠦᠷᠳᠡᠭᠡᠨ ᠪᠠᠰᠠ ᠰᠢᠨ᠎ᠠ ᠠᠭᠤᠯᠤᠬᠳᠠᠬᠤᠨ ᠨᠠᠮᠠᠷᠢᠯᠡᠨ ᠰᠢᠨ᠎ᠠ ᠲᠡᠤᠭᠡᠳᠦ ᠡᠭᠦᠷᠭᠡ ᠤᠯᠭᠤᠵᠠᠢ᠃ ᠲᠤᠮᠳᠠᠳᠤ ᠮᠤᠩᠭᠤᠯ ᠬᠤᠶᠠᠷ ᠲᠠᠯ᠎ᠠ ᠶᠢᠨ ᠬᠢᠨ ᠬᠠᠮᠳᠤ ᠪᠠᠷ ᠴᠢᠷᠮᠠᠶᠢᠵᠤ᠂ ᠲᠤᠮᠳᠠᠳᠤ ᠮᠤᠩᠭᠤᠯ ᠬᠤᠶᠠᠷ ᠤᠯᠤᠰ ᠤᠨ ᠠᠷᠠᠳ ᠲᠦᠮᠡᠨ ᠤ ᠨᠦᠬᠦᠷᠰᠡᠭ ᠶᠠᠪᠤᠯᠴᠠᠭ᠎ᠠ ᠶᠢᠨ ᠤᠯᠠᠮᠵᠢᠯᠠᠯ ᠢ ᠦᠷᠭᠦᠯᠵᠢᠯᠡᠨ ᠪᠢᠴᠢᠭᠯᠡᠵᠤ᠂ ᠬᠠᠮᠳᠤ ᠪᠠᠷ ᠬᠤᠶᠠᠷ ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠭᠦ ᠶᠢ ᠬᠦᠰᠡᠵᠤ ᠪᠠᠶᠢᠨ᠎ᠠ ᠬᠡᠪᠡ᠃      ᠲᠠᠷᠠᠭ᠎ᠠ ᠨᠢ ᠪᠦ᠋ ᠰᠢᠶᠤᠤ ᠯᠢᠨ᠂ ᠭᠡ᠊ · ᠮᠦᠩᠭᠡᠴᠡᠴᠡᠭ ᠨᠠᠷ ᠡᠪᠡᠳᠴᠢᠳᠠᠨ ᠤ ᠦᠷᠦᠭᠡᠨ ᠳᠤ ᠬᠦᠷᠴᠦ᠂ ᠮᠠᠰᠠ ᠵᠠᠰᠠᠯ ᠬᠢᠯᠬᠡᠭᠰᠡᠨ ᠲᠤᠮᠳᠠᠳᠤ ᠮᠤᠩᠭᠤᠯ ᠬᠤᠶᠠᠷ ᠤᠯᠤᠰ ᠤᠨ ᠴᠠᠭᠠᠨ ᠬᠠᠷᠠᠩ ᠡᠪᠡᠳᠴᠢᠳᠠᠳ ᠢ ᠪᠤᠯᠭᠤᠭᠠᠨ ᠦᠵᠡᠵᠡᠢ᠃ ᠪᠦ᠋ ᠰᠢᠶᠤᠤ ᠯᠢᠨ ᠬᠡᠯᠡᠭᠰᠡᠨ ᠨᠢ᠂ ᠪᠢᠳᠡ ᠲᠡᠷᠢᠭᠦᠯᠡᠭᠴᠢ ᠰᠢ ᠶᠢᠨ ᠫᠢᠩ ᠤᠨ ︽ᠨᠢᠭᠡ ᠪᠦᠰᠡ ᠨᠢᠭᠡ ᠵᠠᠮ︾᠎ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠮᠤᠩᠭᠤᠯ ᠤᠯᠤᠰ ᠯᠤᠭ᠎ᠠ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠰᠤᠯᠢᠯᠴᠠᠭ᠎ᠠ ᠪᠠᠨ ᠬᠦᠨᠵᠡᠭᠡᠢ ᠦᠷᠨᠢᠭᠦᠯᠵᠤ᠂ ᠲᠤᠬᠠᠢ ᠶᠢᠨ ᠭᠠᠵᠠᠷ ᠤᠨ ᠠᠷᠠᠳ ᠢᠷᠭᠡᠳ ᠲᠤ ᠠᠰᠢᠭ ᠬᠦᠷᠳᠡᠭᠡᠭᠦ ᠠᠷᠠᠳ ᠤᠨ ᠠᠮᠢᠳᠤᠷᠠᠯ ᠤᠨ ᠢᠨᠵᠧᠨᠧᠷᠢᠩ ᠢ ᠨᠡᠩ ᠢᠯᠡᠭᠦᠦ ᠬᠡᠷᠡᠭᠵᠢᠭᠦᠯᠦᠨ᠎ᠠ ᠬᠡᠵᠡᠢ᠃ ᠪᠦ᠋ ᠰᠢᠶᠤᠤ ᠯᠢᠨ ᠨᠠᠷ ᠪᠠᠰᠠ ᠡᠷᠢᠶᠡᠨ ᠬᠤᠳᠠ ᠶᠢᠨ ᠮᠤᠩᠭᠤᠯ ᠦᠨᠳᠦᠰᠦᠳᠡᠨ ᠤ ᠲᠤᠮᠳᠠᠳᠤ ᠰᠤᠷᠭᠠᠭᠤᠯᠢ ᠳᠤ ᠬᠦᠷᠴᠤ᠂ ︽ᠬᠠᠷᠠᠭ᠎ᠠ ᠰᠠᠷᠭᠦᠬᠡᠬᠦ ᠠᠶᠠᠯᠠᠯ︾᠎ ᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ ᠵᠡᠷᠭᠡ ᠠᠵᠢᠯᠯᠠᠭ᠎ᠠ ᠶᠢ ᠬᠡᠷᠡᠭᠵᠢᠭᠦᠯᠵᠦ ᠪᠦᠬᠦᠢ ᠪᠠᠶᠢᠳᠠᠯ ᠢ ᠪᠠᠶᠢᠴᠠᠭᠠᠨ ᠰᠤᠳᠤᠯᠪᠠ᠃      ︽ᠨᠢᠭᠡ ᠪᠦᠰᠡ ᠨᠢᠭᠡ ᠵᠠᠮ︾ · ᠬᠠᠷᠠᠭ᠎ᠠ ᠰᠠᠷᠭᠦᠬᠡᠬᠦ ᠠᠶᠠᠯᠠᠯ ᠤᠨ ᠮᠤᠩᠭᠤᠯ ᠤᠯᠤᠰ ᠲᠠᠬᠢ ᠠᠵᠢᠯᠯᠠᠭ᠎ᠠ ᠎ ᠶᠢ ᠲᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠰᠠᠭᠤᠷᠢ ᠮᠦᠩᠭᠦᠨ ᠤ ᠨᠡᠶᠢᠭᠡᠮᠯᠢᠭ ᠪᠤᠯᠤᠨ ᠦᠪᠦᠷ ᠮᠤᠩᠭᠤᠯ ᠎ ᠤᠨ ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠠᠴᠠ ᠬᠠᠮᠳᠤᠷᠠᠵᠦ ᠵᠤᠬᠢᠶᠠᠠ ᠪᠠᠶᠢᠭᠤᠯᠦᠨ ᠬᠡᠷᠡᠭᠵᠢᠭᠦᠯᠵᠤ ᠪᠠᠶᠢᠨ᠎ᠠ᠂ 2018 ᠣᠨ ᠤ 5 ᠳ᠋ᠤᠭᠠᠷ ᠰᠠᠷ᠎ᠠ ᠶᠢᠨ 4᠎ ᠤ ᠡᠳᠦᠷ ᠵᠢᠩᠬᠢᠨᠢ ᠪᠠᠷ ᠡᠬᠢᠯᠡᠭᠦᠯᠵᠤ᠂ 5 ᠵᠢᠯ ᠤᠨ ᠬᠤᠭᠤᠴᠠᠭᠠᠨ ᠳᠤ ᠮᠤᠩᠭᠤᠯ ᠤᠯᠤᠰ ᠤᠨ 500 ᠴᠠᠭᠠᠨ ᠬᠠᠷᠠᠩ ᠡᠪᠡᠳᠴᠢᠳᠠᠨ ᠳᠤ ᠰᠦᠢᠳᠭᠡᠯ ᠠᠪᠬᠤ ᠦᠭᠡᠢ ᠪᠠᠷ ᠬᠠᠷᠠᠭ᠎ᠠ ᠤᠷᠤᠭᠤᠯᠬᠤ ᠮᠡᠰᠡ ᠵᠠᠰᠠᠯ ᠬᠢᠵᠤ ᠦᠭᠭᠦ ᠪᠠᠷ ᠲᠦᠯᠦᠪᠯᠡᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号