ᠲᠦᠷᠦᠬᠦᠦ 7 ᠰᠠᠷ᠎ᠠ ᠳᠤ ᠮᠠᠨ ᠤ ᠤᠷᠤᠨ ᠤ ᠭᠠᠳᠠᠭᠠᠳᠤ ᠠᠷᠠᠯᠵᠢᠶ᠎ᠠ ᠶᠢᠨ ᠣᠷᠣᠭᠤᠯᠤᠯᠲᠠ ᠭᠠᠷᠭᠠᠯᠲᠠ ᠎ ᠶᠢᠨ ᠶᠡᠷᠦᠩᠬᠡᠢ ᠦᠷᠲᠡᠭ 578.2 ᠳ᠋ᠦᠡᠭᠰᠢᠭᠤᠷ ᠲᠦᠬᠦᠷᠢᠭ ᠲᠤ ᠬᠦᠷᠪᠡ
ᠨᠡᠶᠢᠲᠡᠯᠡᠭᠰᠡᠨ ᠴᠠᠭ᠄
2018/9/25
     ᠬᠦᠬᠡᠬᠤᠳᠠ ᠪᠤᠭᠤᠮᠳᠠ ᠠᠴᠠ ᠤᠢᠢᠯᠠᠭᠠᠭᠰᠠᠨ ᠢᠶᠠᠷ᠂ ᠡᠨᠡ ᠵᠢᠯ ᠤᠨ ᠲᠦᠷᠦᠬᠦᠦ ᠳᠤᠯᠤᠭᠠᠨ ᠰᠠᠷ᠎ᠠ ᠳᠤ ᠮᠠᠨ ᠎ ᠤ ᠤᠷᠤᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠪᠠᠷᠠᠭᠠᠨ ᠤ ᠶᠡᠷᠦᠩᠬᠡᠢ ᠥᠷᠲᠡᠭ 578.2 ᠳ᠋ᠦᠡᠭᠰᠢᠭᠤᠷ ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.8%᠎ ᠪᠠᠷ ᠨᠡᠮᠡᠭᠳᠡᠵᠡᠢ᠃ ᠡᠬᠦᠨ ᠳᠤ᠂ ᠭᠠᠳᠠᠭᠠᠳᠤ ᠳᠤ ᠭᠠᠷᠭᠠᠯᠲᠠ ᠶᠢᠨ ᠬᠢ 214.5 ᠳ᠋ᠦᠡᠭᠰᠢᠭᠤᠷ ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 6.7%᠎ ᠪᠠᠷ ᠨᠡᠮᠡᠭᠳᠡᠵᠦ᠂ ᠭᠠᠳᠠᠭᠠᠳᠤ ᠣᠷᠣᠭᠤᠯᠤᠯᠲᠠ ᠶᠢᠨ ᠎ ᠬᠢ 363.7 ᠳ᠋ᠦᠡᠭᠰᠢᠭᠤᠷ ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.9%᠎ ᠪᠠᠷ ᠪᠠᠭᠤᠷᠠᠪᠠ᠃      ᠠᠷᠠᠯᠵᠢᠶᠠᠨ ᠤ ᠠᠷᠭ᠎ᠠ ᠬᠡᠯᠪᠡᠷᠢ ᠠᠴᠠ ᠦᠵᠡᠪᠡᠯ᠂ ᠡᠩ ᠤᠨ ᠠᠷᠠᠯᠵᠢᠶ᠎ᠠ ᠶᠢᠨ ᠡᠵᠡᠯᠡᠬᠦ ᠬᠠᠷᠢᠴᠠᠯ ᠪᠠᠭᠤᠷᠠᠵᠤ᠂ ᠬᠢᠯᠢ ᠶᠢᠨ ᠪᠠᠭ᠎ᠠ ᠠᠷᠠᠯᠵᠢᠶ᠎ᠠ᠂ ᠡᠳ᠋ᠰᠢᠬᠦᠯᠤᠨ ᠪᠤᠯᠪᠠᠰᠤᠷᠠᠭᠤᠯᠬᠤ ᠠᠷᠠᠯᠵᠢᠶ᠎ᠠ ᠪᠠ ᠭᠠᠶᠢᠯᠢ ᠪᠠᠲᠤᠯᠠᠬᠤ ᠬᠢᠨᠠᠨ ᠬᠠᠮᠢᠶᠠᠷᠤᠯᠳᠠ ᠶᠢᠨ ᠳᠠᠯᠠᠪᠤᠷ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠪᠠᠷᠠᠭᠠᠨ ᠤ ᠡᠵᠡᠯᠡᠬᠦ ᠬᠠᠷᠢᠴᠠᠯ ᠨᠢ ᠵᠤᠬᠢᠬᠤ ᠬᠡᠮᠵᠢᠶ᠎ᠡ ᠪᠠᠷ ᠳᠡᠭᠡᠭᠰᠢᠯᠡᠵᠦ᠂ ᠠᠷᠠᠯᠵᠢᠶ᠎ᠠ ᠶᠢᠨ ᠪᠦᠳᠦᠴᠡ ᠤᠯᠠᠨ ᠡᠰᠢᠴᠢᠯᠡᠭᠰᠡᠨ ᠬᠦᠭᠵᠢᠯᠳᠡ ᠶᠢᠨ ᠬᠠᠨᠳᠤᠰᠢ ᠲᠠᠢ ᠪᠣᠯᠵᠠᠢ᠃ ᠲᠦᠷᠦᠬᠦᠦ ᠳᠤᠯᠤᠭᠠᠨ ᠰᠠᠷ᠎ᠠ ᠳᠤ᠂ ᠮᠠᠨ ᠤ ᠣᠷᠣᠨ ᠤ ᠡᠩ ᠤᠨ ᠠᠷᠠᠯᠵᠢᠶ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠪᠠᠷᠠᠭᠠᠨ ᠤ ᠶᠡᠷᠦᠩᠬᠡᠢ ᠥᠷᠲᠡᠭ 318.5 ᠳ᠋ᠦᠡᠭᠰᠢᠭᠤᠷ ᠲᠦᠬᠦᠷᠢᠭ ᠎ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3.9%᠎ ᠪᠠᠷ ᠪᠠᠭᠤᠷᠠᠵᠤ᠂ ᠠᠳᠠᠯᠢ ᠬᠤᠭᠤᠴᠠᠭᠠᠨ ᠳᠠᠬᠢ ᠭᠠᠳᠠᠭᠠᠳᠤ ᠠᠷᠠᠯᠵᠢᠶ᠎ᠠ ᠶᠢᠨ ᠶᠡᠷᠦᠩᠬᠡᠢ ᠥᠷᠲᠡᠭ ᠤᠨ 55.1%᠎ ᠶᠢ ᠡᠵᠡᠯᠡᠪᠡ︔ ᠬᠢᠯᠢ ᠶᠢᠨ ᠪᠠᠭ᠎ᠠ ᠠᠷᠠᠯᠵᠢᠶ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠪᠠᠷᠠᠭᠠᠨ ᠤ ᠶᠡᠷᠦᠩᠬᠡᠢ ᠥᠷᠲᠡᠭ 183.4 ᠳ᠋ᠦᠡᠭᠰᠢᠭᠤᠷ ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3.7%᠎ ᠪᠠᠷ ᠨᠡᠮᠡᠭᠳᠡᠪᠡ︔ ᠭᠠᠶᠢᠯᠢ ᠪᠠᠲᠤᠯᠠᠬᠤ ᠬᠢᠨᠠᠨ ᠬᠠᠮᠢᠶᠠᠷᠤᠯᠳᠠ ᠶᠢᠨ ᠳᠠᠯᠠᠪᠤᠷ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠪᠠᠷᠠᠭᠠᠨ ᠤ ᠶᠡᠷᠦᠩᠬᠡᠢ ᠥᠷᠲᠡᠭ 48 ᠳ᠋ᠦᠡᠭᠰᠢᠭᠤᠷ ᠲᠦᠬᠦᠷᠢᠭ ᠲᠤ ᠬᠦᠷᠴᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 22.2%᠎ ᠢᠶᠠᠷ ᠨᠡᠮᠡᠭᠳᠡᠪᠡ︔ ᠡᠳ᠋ᠰᠢᠬᠦᠯᠤᠨ ᠪᠤᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠪᠠᠷᠠᠭᠠᠨ ᠤ ᠶᠡᠷᠦᠩᠬᠡᠢ ᠥᠷᠲᠡᠭ 25.2 ᠳ᠋ᠦᠡᠭᠰᠢᠭᠤᠷ ᠲᠦᠬᠦᠷᠢᠭ ᠎ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ1.1 ᠳᠠᠬᠢᠨ ᠢᠶᠠᠷ ᠨᠡᠮᠡᠭᠳᠡᠪᠡ᠃      ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠳᠠᠸᠠᠷ ᠳᠤᠳᠤᠷ᠎ᠠ᠂ ᠭᠠᠳᠠᠭᠠᠳᠤ ᠳᠤ ᠭᠠᠷᠭᠠᠭᠰᠠᠨ ᠲᠠᠷᠢᠶᠠᠯᠠᠩ ᠎ ᠤᠨ ᠪᠦᠳᠦᠭᠡᠭᠳᠡᠬᠦᠨ᠂ ᠪᠤᠯᠤᠳ ᠮᠠᠲ᠋ᠧᠷᠢᠶᠠᠯ ᠪᠠ ᠳᠡᠭᠡᠳᠤ ᠰᠢᠨ᠎ᠡ ᠮᠡᠷᠭᠡᠵᠢᠯ ᠤᠨ ᠦᠢᠯᠡᠳᠬᠦᠨ ᠶᠡᠭᠡ ᠬᠡᠮᠵᠢᠶ᠎ᠡ ᠪᠠᠷ ᠨᠡᠮᠡᠭᠳᠡᠪᠡ᠃ ᠲᠥᠷᠥᠭᠦᠦ ᠳᠣᠯᠣᠭᠠᠨ ᠰᠠᠷ᠎ᠠ ᠳᠤ᠂ ᠮᠠᠨ ᠤ ᠣᠷᠣᠨ ᠤ ᠭᠠᠳᠠᠭᠠᠳᠤ ᠳᠤ ᠭᠠᠷᠭᠠᠭᠰᠠᠨ ᠮᠧᠬᠠᠨᠢᠭ ᠴᠠᠬᠢᠯᠭᠠᠨ ᠤ ᠦᠢᠯᠡᠳᠬᠦᠨ42.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.2%᠎ ᠢᠶᠠᠷ ᠨᠡᠮᠡᠭᠳᠡᠵᠡᠢ︔ ᠭᠠᠳᠠᠭᠠᠳᠤ ᠳᠤ ᠭᠠᠷᠭᠠᠭᠰᠠᠨ ᠲᠠᠷᠢᠶᠠᠯᠠᠩ ᠤᠨ ᠪᠦᠲᠦᠭᠡᠭᠳᠡᠬᠦᠨ 37.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ19.4% ᠨᠡᠮᠡᠭᠳᠡᠪᠡ︔ ᠭᠠᠳᠠᠭᠠᠳᠤ ᠳᠤ ᠭᠠᠷᠭᠠᠭᠰᠠᠨ ᠪᠤᠯᠤᠳ ᠮᠠᠲ᠋ᠧᠷᠢᠶᠠᠯ 39.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.2% ᠨᠡᠮᠡᠭᠳᠡᠪᠡ︔ ᠭᠠᠳᠠᠭᠠᠳᠤ ᠳᠤ ᠭᠠᠷᠭᠠᠭᠰᠠᠨ ᠳᠡᠭᠡᠳᠦ ᠰᠢᠨ᠎ᠡ ᠮᠡᠷᠭᠡᠵᠢᠯ ᠤᠨ ᠪᠦᠲᠦᠭᠡᠭᠳᠡᠬᠦᠨ 36.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 60.2% ᠨᠡᠮᠡᠭᠳᠡᠪᠡ᠃ ᠭᠠᠳᠠᠭᠠᠳᠤ ᠠᠴᠠ ᠤᠷᠤᠭᠤᠯᠤᠬᠰᠠᠨ ᠲᠠᠸᠠᠷ ᠨᠢ ᠡᠬᠢ ᠪᠠᠶᠠᠯᠢᠭ ᠤᠨ ᠴᠢᠨᠠᠷᠳᠠᠢ ᠳᠠᠸᠠᠷ ᠢᠶᠠᠷ ᠭᠤᠤᠯᠯᠠᠵᠤ᠂ ᠵᠡᠰ ᠤᠨ ᠬᠦᠳᠡᠷ ᠪᠠᠭ᠎ᠠ ᠬᠡᠮᠵᠢᠶ᠎ᠡ ᠪᠠᠷ ᠨᠡᠮᠡᠭᠳᠡᠵᠤ᠂ ᠲᠡᠮᠦᠷ ᠤᠨ ᠬᠦᠳᠡᠷ ᠮᠡᠳᠡᠭᠳᠡᠮ᠎ᠡ ᠨᠡᠮᠡᠭᠳᠡᠪᠡ᠃ ᠲᠦᠷᠦᠬᠦᠤ ᠳᠤᠯᠤᠭᠠᠨ ᠰᠠᠷ᠎ᠠ ᠳᠤ᠂ ᠪᠦᠭᠦ ᠤᠷᠤᠨ ᠤ ᠭᠠᠳᠠᠭᠠᠳᠤ ᠠᠴᠠ ᠤᠷᠤᠭᠤᠯᠤᠭᠰᠠᠨ ᠨᠡᠬᠦᠷᠡᠰᠤᠨ ᠤ ᠶᠡᠷᠦᠩᠬᠡᠢ ᠥᠷᠲᠡᠭ 91.3 ᠳ᠋ᠦᠡᠭᠰᠢᠭᠤᠷ ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 4.5% ᠨᠡᠮᠡᠭᠳᠡᠪᠡ︔ ᠭᠠᠳᠠᠭᠠᠳᠤ ᠠᠴᠠ ᠤᠷᠤᠭᠤᠯᠤᠭᠰᠠᠨ ᠵᠡᠰ ᠤᠨ ᠬᠦᠳᠡᠷ ᠤᠨ ᠶᠡᠷᠦᠩᠬᠡᠢ ᠥᠷᠲᠡᠭ 50.7 ᠳ᠋ᠦᠡᠭᠰᠢᠭᠤᠷ ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 10.1% ᠨᠡᠮᠡᠭᠳᠡᠪᠡ︔ ᠭᠠᠳᠠᠭᠠᠳᠤ ᠠᠴᠠ ᠤᠷᠤᠭᠤᠯᠤᠭᠰᠠᠨ ᠲᠡᠮᠦᠷ ᠤᠨ ᠬᠦᠳᠡᠷ ᠤᠨ ᠶᠡᠷᠦᠩᠬᠡᠢ ᠥᠷᠲᠡᠭ 32.6 ᠳ᠋ᠦᠡᠭᠰᠢᠭᠤᠷ ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 35.3% ᠨᠡᠮᠡᠭᠳᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号