ᠲᠦᠩᠯᠢᠶᠣᠤ ᠬᠤᠲᠠ ︽ᠭᠤᠷᠪᠠ ᠶᠢ ᠠᠭᠤᠵᠢᠭᠤ ᠲᠠᠯᠪᠢᠬᠤ︾᠎ ᠪᠠᠷ ᠦᠨᠳᠦᠰᠦᠨ ᠱᠠᠲᠤᠨ ᠤ ᠨᠢᠭᠡᠴᠢ ᠶᠢᠨ ᠠᠵᠢᠯᠲᠠᠨ ᠤᠷᠢᠵᠤ ᠡᠯᠰᠡᠬᠦ ᠬᠦᠴᠢᠷᠲᠡᠢ ᠠᠰᠠᠭᠤᠳᠠᠯ ᠢ ᠰᠢᠢᠳᠪᠦᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2018/9/26
     ᠶᠡᠭᠡ ᠰᠤᠷᠭᠠᠭᠤᠯᠢ ᠶᠢᠨ ᠣᠶᠤᠲᠠᠨ ᠵᠡᠷᠭᠡ ᠰᠢᠯᠢᠳᠡᠭ ᠴᠢᠳᠠᠪᠤᠷᠢᠲᠠᠨ ᠤ ᠦᠨᠳᠦᠰᠦᠨ ᠱᠠᠲᠤᠨ ᠳᠤ ᠣᠴᠢᠵᠤ ᠠᠵᠢᠯᠯᠠᠬᠤ ᠶᠢ ᠵᠣᠷᠢᠭᠵᠢᠭᠤᠯᠤᠨ᠂ ᠠᠵᠢᠯ ᠲᠥᠷᠥᠯ ᠠᠵᠢᠯ ᠮᠡᠷᠭᠡᠵᠢᠯ ᠤᠨ ᠵᠥᠪᠰᠢᠶᠡᠷᠡᠨ ᠣᠷᠣᠭᠤᠯᠬᠤ ᠬᠢᠷᠢ ᠬᠡᠮ ᠢ ᠪᠦᠷᠢᠯᠳᠦᠭᠦᠯᠦᠭᠰᠡᠨ ᠤᠷᠢᠲᠠᠯ ᠳᠣᠣᠷ᠎ᠠ᠂ ᠲᠦᠩᠯᠢᠶᠣᠤ ᠬᠤᠲᠠ ︽ᠭᠤᠷᠪᠠ ᠶᠢ ᠠᠭᠤᠵᠢᠭᠤ ᠲᠠᠯᠪᠢᠬᠤ︾᠎ ᠪᠠᠷ ᠳᠠᠮᠵᠢᠭᠤᠯᠤᠨ᠂ ᠨᠦᠭᠦᠴᠡᠯ ᠱᠠᠭᠠᠷᠳᠠᠯᠭ᠎ᠠ ᠶᠢ ᠪᠠᠭᠤᠷᠠᠭᠤᠯᠵᠤ᠂ ᠦᠨᠳᠦᠰᠦᠨ ᠱᠠᠲᠤᠨ ᠤ ᠴᠢᠳᠠᠪᠤᠷᠢᠲᠠᠨ ᠢ ᠲᠠᠲᠠᠵᠤ ᠦᠯᠡᠳᠡᠭᠡᠬᠦ ᠬᠦᠴᠢᠷᠲᠡᠶ ᠪᠠᠶᠢᠬᠤ ᠠᠰᠠᠭᠤᠳᠠᠯ ᠢ ᠰᠢᠶᠳᠪᠦᠷᠢᠯᠡᠵᠦ᠂ ᠡᠯ᠎ᠡ ᠲᠦᠷᠦᠯ ᠤᠨ ᠴᠢᠳᠠᠪᠤᠷᠢᠲᠠᠨ ᠢ ︽ᠡᠯᠰᠡᠨ ᠠᠪᠴᠢᠷᠠᠵᠤ ᠴᠢᠳᠠᠬᠤ᠂ ᠦᠯᠡᠳᠡᠭᠡᠵᠦ ᠳᠡᠶᠢᠯᠬᠦ᠂ ᠰᠠᠶᠢᠲᠤᠷ ᠬᠡᠷᠡᠭᠯᠡᠵᠦ ᠴᠢᠳᠠᠬᠤ︾᠎ ᠶᠢ ᠦᠨᠡᠨ ᠬᠦ ᠪᠠᠲᠤᠯᠠᠵᠤ᠂ ᠬᠥᠮᠦᠨ ᠪᠦᠬᠦᠨ ᠤ ᠴᠢᠳᠠᠪᠤᠷᠢ ᠶᠢ ᠪᠠᠳᠠᠷᠠᠭᠤᠯᠵᠤ᠂ ᠴᠢᠳᠠᠪᠤᠷᠢᠲᠠᠨ ᠪᠦᠬᠦᠨ ᠢ ᠭᠦᠢᠴᠡᠳ ᠬᠡᠷᠡᠭᠯᠡᠬᠦ ᠶᠢ ᠦᠨᠡᠨ ᠬᠦ ᠪᠡᠶᠡᠯᠡᠭᠦᠯᠵᠦ ᠪᠠᠶᠢᠨ᠎ᠠ᠃      ᠨᠢᠭᠡ ᠳᠤ ᠨᠠᠰᠤᠨ ᠤ ᠨᠦᠭᠦᠴᠡᠯ ᠢ ᠠᠭᠤᠵᠢᠭᠤ ᠲᠠᠯᠪᠢᠵᠠᠢ᠃ ᠬᠤᠰᠢᠭᠤ ᠰᠢᠶᠠᠨ᠂ ᠰᠢᠶᠠᠩ ᠪᠠᠯᠭᠠᠰᠤᠨ ᠤ ᠠᠵᠢᠯ ᠦᠶᠯᠡᠰ ᠤᠨ ᠨᠢᠭᠡᠴᠢ ᠶᠢᠨ ᠬᠠᠮᠢᠶᠠᠷᠤᠯᠲᠠ ᠶᠢᠨ ᠠᠵᠢᠯᠲᠠᠨ ᠪᠣᠯᠤᠨ ᠠᠩᠬ᠎ᠠ ᠵᠡᠷᠭᠡ ᠶᠢᠨ ᠲᠤᠰᠬᠠᠶ ᠮᠡᠷᠭᠡᠵᠢᠯ ᠤᠨ ᠠᠵᠢᠯᠲᠠᠨ ᠤᠷᠢᠵᠤ ᠡᠯᠰᠡᠬᠦ ᠨᠠᠰᠤ ᠶᠢ 40 ᠨᠠᠰᠤᠨ ᠠᠴᠠ ᠳᠣᠷᠣᠭᠰᠢ ᠪᠣᠯᠲᠠᠯ᠎ᠠ ᠠᠭᠤᠵᠢᠭᠤ ᠲᠠᠯᠪᠢᠵᠤ᠂ ᠳᠤᠮᠳᠠ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠠᠵᠢᠯᠲᠠᠨ ᠤᠷᠢᠵᠤ ᠡᠯᠰᠡᠬᠦ ᠳᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠤᠯᠠᠮ ᠨᠢᠭᠡ ᠠᠯᠬᠤᠮ ᠠᠭᠤᠵᠢᠭᠤ ᠲᠠᠯᠪᠢᠵᠠᠢ᠃ ᠬᠤᠶᠠᠷ ᠲᠤ ᠰᠤᠷᠤᠯᠭ᠎ᠠ ᠶᠢᠨ ᠨᠠᠮᠲᠠᠷ ᠤᠨ ᠨᠥᠬᠦᠴᠡᠯ ᠢ ᠠᠭᠤᠵᠢᠭᠤ ᠲᠠᠯᠪᠢᠨ᠎ᠠ᠃ ᠰᠢᠶᠠᠩ ᠪᠠᠯᠭᠠᠰᠤᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤᠷᠢᠵᠤ ᠡᠯᠰᠡᠬᠦ ᠰᠤᠷᠤᠯᠭ᠎ᠠ ᠶᠢᠨ ᠨᠠᠮᠲᠠᠷ ᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠᠳᠤ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠠᠭᠲᠠᠨ᠎ᠠ︶ ᠬᠦᠷᠲᠡᠯ᠎ᠡ ᠠᠭᠤᠵᠢᠭᠤ ᠲᠠᠯᠪᠢᠵᠠᠢ᠂ ᠭᠡᠬᠦ ᠳᠤ ᠪᠠᠨ ᠠᠵᠢᠯ ᠲᠦᠷᠦᠯ ᠠᠵᠢᠯ ᠮᠡᠷᠭᠡᠵᠢᠯ ᠤᠨ ᠵᠦᠪᠰᠢᠶᠡᠷᠡᠨ ᠤᠷᠤᠭᠤᠯᠬᠤ ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠠᠴᠠ ᠳᠠᠪᠠᠭᠤᠯᠤᠭᠰᠠᠨ ᠦᠭᠡᠢ᠃ ᠭᠤᠷᠪᠠ ᠳᠤ ᠲᠤᠰᠬᠠᠶ ᠮᠡᠷᠭᠡᠵᠢᠯ ᠤᠨ ᠨᠥᠬᠦᠴᠡᠯ ᠢ ᠠᠭᠤᠵᠢᠭᠤ ᠲᠠᠯᠪᠢᠵᠠᠢ᠃ ᠰᠢᠶᠠᠩ ᠪᠠᠯᠭᠠᠰᠤᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤᠷᠢᠵᠤ ᠡᠯᠰᠡᠬᠦ ᠳᠤ ᠲᠤᠰᠬᠠᠢ ᠮᠡᠷᠭᠡᠵᠢᠯ ᠤᠨ ᠬᠢᠵᠠᠭᠠᠷᠯᠠᠯ ᠲᠤᠭᠲᠠᠭᠠᠭᠰᠠᠨ ᠦᠭᠡᠢ ᠪᠠᠶᠢᠳᠠᠭ︔ ᠰᠢᠶᠠᠨ ᠰᠢᠶᠠᠩ ᠤᠨ ᠠᠵᠢᠯ ᠦᠢᠯᠡᠰ ᠤᠨ ᠨᠢᠭᠡᠴᠢ ᠶᠢᠨ ᠲᠤᠰᠬᠠᠶ ᠮᠡᠷᠭᠡᠵᠢᠯ ᠤᠨ ᠠᠵᠢᠯᠳᠠᠨ ᠤᠷᠢᠵᠤ ᠡᠯᠰᠡᠬᠦ ᠳᠤ ᠲᠤᠰᠬᠠᠢ ᠮᠡᠷᠭᠡᠵᠢᠯ ᠤᠨ ᠱᠠᠭᠠᠷᠳᠠᠯᠭ᠎ᠠ ᠶᠢ ᠵᠣᠬᠢᠬᠤ ᠬᠡᠮᠵᠢᠶ᠎ᠡ ᠪᠠᠷ ᠠᠭᠤᠵᠢᠭᠤ ᠲᠠᠯᠪᠢᠵᠠᠢ᠂ ᠵᠢᠱᠢᠶᠡᠯᠡᠪᠡᠯ ᠣᠶᠢᠷᠠᠯᠴᠠᠭ᠎ᠠ ᠪᠤᠶᠤ ᠠᠳᠠᠯᠢᠪᠲᠤᠷ ᠲᠤᠰᠬᠠᠢ ᠮᠡᠷᠭᠡᠵᠢᠯ ᠢ ᠠᠵᠢᠯᠲᠠᠨ ᠤᠷᠢᠵᠤ ᠡᠯᠰᠡᠬᠦ ᠳᠤ ᠤᠷᠤᠯᠴᠠᠭᠤᠯᠵᠠᠢ᠃ ᠠᠵᠢᠯ ᠦᠶᠯᠡᠰ ᠤᠨ ᠨᠢᠭᠡᠴᠢ ᠶᠢᠨ ᠢᠯᠡ ᠪᠠᠷ ᠤᠷᠢᠵᠤ ᠡᠯᠰᠡᠬᠦ 1763 ᠬᠥᠮᠦᠨ ᠤ ᠳᠣᠲᠣᠷ᠎ᠠ᠂ ᠵᠢᠱᠢᠯᠲᠡ ᠪᠠᠷ ᠬᠤᠰᠢᠭᠤ ᠰᠢᠶᠠᠨ᠂ ᠰᠢᠶᠠᠩ ᠪᠠᠯᠭᠠᠰᠤ ᠵᠡᠷᠭᠡ ᠦᠨᠳᠦᠰᠦᠨ ᠱᠠᠲᠤᠨ ᠤ ᠨᠢᠭᠡᠴᠢ ᠳᠤ 1553 ᠬᠥᠮᠦᠨ ᠤᠷᠢᠵᠤ ᠡᠯᠰᠡᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号