ᠪᠤᠭᠤᠲᠤ ᠬᠤᠲᠠ ︽ᠴᠠᠭᠳᠠᠭ᠎ᠠ ᠳᠠᠭᠠᠳᠬᠠᠯ ᠬᠠᠮᠲᠤᠷᠠᠨ ᠬᠦᠳᠡᠯᠦᠯᠴᠡᠵᠦ︾ ᠠᠷᠠᠳ ᠲᠤ ᠲᠥᠬᠦᠮ ᠦᠵᠡᠭᠦᠯᠬᠦ ᠲᠣᠭᠲᠠᠴᠠ ᠶᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2018/9/27
    ᠦᠢᠷ᠎ᠠ ᠳᠤ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠨᠢ ᠳᠠᠭᠠᠳᠬᠠᠯ ᠤᠨ ᠦᠢᠯᠡᠰ ᠯᠦᠭᠡ ︽ᠴᠠᠭᠳᠠᠭ᠎ᠠ ᠳᠠᠭᠠᠳᠬᠠᠯ ᠬᠠᠮᠲᠤᠷᠠᠨ ᠬᠦᠳᠡᠯᠦᠯᠴᠡᠵᠦ︾ ᠠᠷᠠᠳ ᠲᠤ ᠲᠥᠬᠦᠮ ᠦᠵᠡᠭᠦᠯᠬᠦ ᠲᠣᠭᠲᠠᠴᠠ ᠶᠢ ᠪᠦᠬᠦ ᠲᠠᠯ᠎ᠠ ᠪᠠᠷ ᠬᠡᠷᠡᠭᠵᠢᠭᠦᠯᠪᠡ᠂ ᠲᠣᠬᠠᠶᠢᠯᠠᠪᠠᠯ ᠠᠷᠠᠳ ᠤᠨ ᠡᠳ᠋ ᠬᠥᠷᠥᠩᠭᠡ ᠶᠢᠨ ᠳᠠᠭᠠᠳᠬᠠᠯ᠂ ᠫᠢᠩ ᠠᠨ ᠳᠠᠭᠠᠳᠬᠠᠯ᠂ ᠳᠤᠮᠳᠠᠳᠤ ᠶᠢᠨ ᠡᠳ᠋ ᠬᠥᠷᠥᠩᠭᠡ ᠶᠢᠨ ᠳᠠᠭᠠᠳᠬᠠᠯ ᠂ ᠳ᠋ᠠ ᠳ᠋ᠢ ᠡᠳ᠋ ᠬᠥᠷᠥᠩᠭᠡ ᠶᠢᠨ ᠳᠠᠭᠠᠳᠬᠠᠯ ᠵᠡᠷᠭᠡ 7 ᠳᠠᠭᠠᠳᠬᠠᠯ ᠤᠨ ᠺᠣᠮᠫᠠᠨᠢ ᠶᠢᠨ ᠪᠠᠶᠢᠴᠠᠭᠠᠨ ᠰᠢᠡᠵᠢᠭᠴᠢ ᠶᠢ ᠵᠠᠮ ᠬᠠᠷᠢᠯᠴᠠᠭᠠᠨ ᠤ ᠲᠤᠰᠠᠯᠠᠭᠴᠢ ᠶᠢᠨ ᠡᠩᠨᠡᠭᠡ ᠳᠤ ᠣᠷᠣᠭᠤᠯᠤᠨ᠂ ᠵᠠᠮ ᠬᠠᠷᠢᠯᠴᠠᠭᠠᠨ ᠤ ᠴᠠᠭᠳᠠᠭ᠎ᠠ ᠶᠢ ᠬᠠᠮᠵᠢᠵᠤ ᠪᠠᠶᠢᠭᠠᠳ ᠲᠦᠷᠭᠡᠨ ᠰᠢᠢᠳᠪᠦᠷᠢᠯᠡᠵᠦ ᠲᠥᠷᠭᠡᠨ ᠳᠥᠯᠥᠬᠦ ᠨᠥᠬᠦᠴᠡᠯ ᠳᠤ ᠨᠡᠶᠢᠴᠡᠭᠰᠡᠨ ᠵᠠᠮ ᠬᠠᠷᠢᠯᠴᠠᠭᠠᠨ ᠤ ᠠᠳᠡᠯ ᠢ ᠲᠦᠷᠭᠡᠨ ᠰᠢᠢᠳᠪᠦᠷᠢᠯᠡᠵᠦ᠂ ᠲᠤᠬᠠᠶ ᠶᠢᠨ ᠬᠥᠮᠦᠨ ᠵᠢᠴᠢ ᠲᠡᠷᠭᠡ ᠬᠥᠰᠬᠡ ᠶᠢ ᠵᠠᠮ ᠠᠴᠠ ᠲᠦᠷᠭᠡᠨ ᠵᠠᠶᠢᠯᠠᠭᠤᠯᠵᠤ᠂ ᠵᠠᠮ ᠨᠡᠪᠲᠡᠷᠡᠯᠭᠡ ᠶᠢᠨ ᠡᠮᠬᠢ ᠵᠢᠷᠤᠮ ᠢ ᠰᠡᠷᠭᠦᠭᠡᠭᠡᠳ ᠬᠤᠳᠠ ᠶᠢᠨ ᠵᠠᠮ ᠤᠨ  ᠲᠥᠭᠵᠢᠷᠡᠯ ᠤᠨ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠬᠦ ᠶᠢᠨ ᠬᠠᠮᠲᠤ ᠲᠦᠷᠭᠡᠨ ᠳᠥᠯᠥᠵᠦ ᠰᠢᠢᠳᠪᠦᠷᠢᠯᠡᠬᠦ ᠶᠢ ᠴᠢᠷᠮᠠᠶᠢᠨ ᠪᠡᠶᠡᠯᠡᠭᠦᠯᠵᠦ᠂ ᠠᠷᠠᠳ ᠲᠤ ᠲᠥᠬᠦᠮ ᠦᠵᠡᠭᠦᠯᠬᠦ ᠬᠠᠷᠠᠯᠲᠠ ᠳᠤ ᠬᠦᠷᠦᠭᠦᠯᠵᠡᠢ᠃      ᠵᠠᠮ ᠬᠠᠷᠢᠯᠴᠠᠭᠠᠨ ᠤ ᠲᠤᠰᠠᠯᠠᠭᠴᠢ ᠶᠢᠨ ᠭᠤᠣᠯ ᠡᠭᠦᠷᠭᠡ ᠬᠠᠷᠢᠭᠤᠴᠠᠯᠭ᠎ᠠ ᠪᠣᠯ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ12123APP︾ ᠵᠠᠮ ᠨᠡᠪᠲᠡᠷᠡᠯᠭᠡ ᠶᠢᠨ ᠲᠤᠰᠠᠯᠠᠭᠴᠢ ᠶᠢᠨ ᠡᠷᠬᠡ ᠮᠡᠳᠡᠯ ᠢ ᠠᠰᠢᠭᠯᠠᠨ᠂ ᠳᠠᠭᠠᠳᠬᠠᠯ ᠤᠨ ᠬᠡᠷᠡᠭ ᠮᠡᠳᠡᠭᠦᠯᠬᠦ᠂ 122 ᠲᠥᠭᠰᠢᠭᠦᠷᠢ ᠮᠡᠳᠡᠭᠡᠯᠡᠬᠦ ᠪᠠ ᠴᠠᠭᠳᠠᠨ ᠲᠣᠭᠤᠷᠢᠬᠤ ᠪᠠᠷ ᠳᠠᠮᠵᠢᠨ ᠣᠯᠵᠤ ᠮᠡᠳᠡᠭᠰᠡᠨ ᠲᠦᠷᠭᠡᠨ ᠰᠢᠢᠳᠪᠦᠷᠢᠯᠡᠵᠦ ᠲᠥᠷᠭᠡᠨ ᠳᠥᠯᠥᠬᠦ ᠨᠥᠬᠦᠴᠡᠯ ᠳᠤ ᠨᠡᠶᠢᠴᠡᠭᠰᠡᠨ ᠵᠠᠮ ᠬᠠᠷᠢᠯᠴᠠᠭᠠᠨ ᠤ  ᠠᠳᠡᠯ ᠢ ᠵᠠᠮ ᠬᠠᠷᠢᠯᠴᠠᠭᠠᠨ ᠤ ᠠᠳᠡᠯ ᠢ ᠲᠦᠷᠭᠡᠨ ᠰᠢᠢᠳᠪᠦᠷᠢᠯᠡᠵᠦ ᠲᠦᠷᠭᠡᠨ ᠳᠥᠯᠥᠬᠦ ᠵᠢᠷᠤᠮᠵᠢᠯ ᠶᠣᠰᠣᠭᠠᠷ ᠲᠤᠬᠠᠶ ᠶᠢᠨ ᠲᠠᠯᠠᠪᠤᠷ ᠲᠤ ᠬᠡᠷᠡᠯ ᠵᠢᠷᠤᠭ ᠠᠪᠤᠭᠠᠳ ᠲᠤᠬᠠᠶ ᠶᠢᠨ ᠬᠥᠮᠦᠨ ᠢ ᠠᠮᠤᠷ ᠲᠦᠪᠰᠢᠨ ᠢᠶᠠᠷ ᠬᠡᠷᠡᠭ ᠤᠨ ᠳᠠᠯᠠᠪᠠᠢ ᠠᠴᠠ  ᠵᠠᠶᠢᠯᠠᠭᠤᠯᠤᠭᠰᠠᠨ ᠤ ᠳᠠᠷᠠᠭ᠎ᠠ ᠲᠡᠷᠭᠡ ᠬᠥᠰᠬᠡ᠂ ᠵᠢᠯᠣᠭᠤᠴᠢ ᠵᠢᠴᠢ ᠳᠠᠭᠠᠳᠬᠠᠯ ᠤᠨ ᠮᠡᠳᠡᠭᠡ ᠵᠠᠩᠭᠢ ᠶᠢ ᠰᠦᠯᠵᠢᠶᠡᠨ ᠳᠡᠭᠡᠷ᠎ᠡ ᠳᠠᠩᠰᠠᠯᠠᠬᠤ ᠶᠢᠨ ᠬᠠᠮᠲᠤ ᠪᠣᠳᠠᠲᠠᠶ ᠬᠡᠷᠡᠭᠴᠡᠭᠡ ᠪᠠᠨ ᠦᠨᠳᠦᠰᠦᠯᠡᠨ ᠥᠪᠡᠰᠦᠪᠡᠨ ᠵᠥᠪᠳᠡᠯᠴᠡᠨ ᠰᠢᠢᠳᠪᠦᠷᠢᠯᠡᠬᠦ ᠬᠡᠯᠡᠯᠴᠡᠭᠡᠷ ᠤᠨ ᠪᠢᠴᠢᠭ ᠵᠣᠬᠢᠶᠠᠭᠰᠠᠨ ᠪᠤᠶᠤ ᠭᠤᠶᠤᠴᠢᠯᠠᠭᠰᠠᠨ ᠪᠣᠯ ᠠᠷᠠᠳ ᠤᠨ ᠴᠠᠭᠳᠠᠭ᠎ᠠ ᠠᠯᠤᠰ ᠠᠴᠠ ᠰᠦᠯᠵᠢᠶᠡᠨ ᠳᠡᠭᠡᠷ᠎ᠡ ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠵᠤ᠂ ᠳᠠᠭᠠᠳᠬᠠᠯ ᠤᠨ ᠺᠣᠮᠫᠠᠨᠢ ᠶᠢᠨ ᠵᠠᠮ ᠬᠠᠷᠢᠯᠴᠠᠭᠠᠨ ᠤ ᠲᠤᠰᠠᠯᠠᠭᠴᠢ ᠰᠦᠯᠵᠢᠶᠡᠨ ᠳᠡᠭᠡᠷ᠎ᠡ ᠬᠤᠬᠢᠷᠠᠯ ᠢ ᠲᠣᠭᠲᠠᠭᠠᠬᠤ᠂ ᠰᠦᠯᠵᠢᠶᠡᠨ ᠳᠡᠭᠡᠷ᠎ᠡ ᠳᠥᠯᠥᠬᠦ ᠵᠡᠷᠭᠡ ᠲᠦᠷᠭᠡᠨ ᠰᠢᠢᠳᠪᠦᠷᠢᠯᠡᠵᠦ ᠲᠥᠯᠥᠪᠦᠷᠢ ᠥᠭᠬᠦ ᠠᠵᠢᠯ ᠢ ᠢᠳᠡᠪᠬᠢᠲᠡᠢ ᠦᠷᠨᠢᠭᠦᠯᠦᠨ᠎ᠡ᠃      ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠪᠡᠯ᠂ ᠵᠠᠮ ᠬᠠᠷᠢᠯᠴᠠᠭᠠᠨ ᠤ ᠲᠤᠰᠠᠯᠠᠭᠴᠢ ᠨᠢ ᠬᠡᠷᠡᠭ ᠮᠡᠳᠡᠭᠦᠯᠦᠭᠰᠡᠨ᠂ ᠲᠦᠭᠰᠢᠭᠦᠷᠢ ᠮᠡᠳᠡᠭᠡᠯᠡᠭᠰᠡᠨ ᠪᠤᠶᠤ ᠵᠠᠮ ᠳᠡᠭᠡᠷ᠎ᠡ ᠴᠠᠭᠳᠠᠨ ᠲᠣᠭᠤᠷᠢᠭᠠᠳ ᠣᠯᠵᠤ ᠮᠡᠳᠡᠭᠰᠡᠨ ᠵᠠᠮ ᠬᠠᠷᠢᠯᠴᠠᠭᠠᠨ ᠤ ᠠᠳᠡᠯ ᠳᠤ ᠲᠥᠷᠭᠡᠨ ᠲᠤᠰᠬᠠᠯ ᠭᠠᠷᠭᠠᠵᠤ᠂ ᠳᠠᠭᠠᠳᠬᠠᠯ ᠤᠨ ᠪᠠᠶᠢᠴᠠᠭᠠᠨ ᠰᠢᠨᠵᠢᠯᠡᠬᠦ ᠪᠠᠷ ᠰᠢᠯᠲᠠᠭᠠᠯᠠᠨ ᠲᠣᠬᠠᠢ ᠶᠢᠨ ᠬᠥᠮᠥᠨ ᠢ ᠲᠤᠬᠠᠶ ᠶᠢᠨ ᠭᠠᠵᠠᠷ ᠲᠤᠨᠢ ᠤᠷᠲᠤ ᠬᠤᠭᠤᠴᠠᠭ᠎ᠠ ᠰᠠᠭᠠᠲᠠᠬᠤ᠂ ᠵᠠᠮ ᠨᠡᠪᠲᠡᠷᠡᠯᠭᠡ ᠶᠢ ᠬᠠᠷᠰᠢᠯᠠᠬᠤ ᠪᠠᠶᠢᠳᠠᠯ ᠭᠠᠷᠬᠤ ᠶᠢ  ᠡᠷᠡᠰ ᠦᠭᠡᠶᠢᠰᠬᠡᠨ᠎ᠡ᠃ ᠡᠭᠦᠨ ᠤ ᠬᠠᠮᠲᠤ᠂ ᠵᠠᠮ ᠬᠠᠷᠢᠯᠴᠠᠭᠠᠨ ᠤ ᠲᠤᠰᠠᠯᠠᠭᠴᠢ ᠨᠢ ᠡ᠊ᠨᠳᠡᠯ ᠤᠨ ᠬᠠᠷᠢᠭᠤᠴᠠᠯᠭ᠎ᠠ ᠶᠢ ᠳᠤᠷ᠎ᠠ ᠪᠠᠷ ᠢᠶᠠᠨ ᠮᠠᠭᠠᠳᠯᠠᠨ ᠲᠣᠭᠲᠠᠭᠠᠵᠤ ᠪᠣᠯᠬᠤ ᠦᠭᠡᠢ᠂ ᠦᠨᠡᠮᠯᠡᠯ ᠥᠭᠡᠢ᠂ ᠠᠷᠢᠬᠢ ᠤᠤᠭᠤᠭᠠᠳ ᠲᠡᠷᠭᠡ ᠵᠢᠯᠣᠭᠤᠳᠤᠭᠰᠠᠨ᠂ ᠬᠥᠮᠦᠨ ᠬᠠᠷ᠎ᠠ ᠰᠢᠷᠬᠠᠲᠤᠭᠰᠠᠨ ᠵᠡᠷᠭᠡ ᠲᠦᠷᠭᠡᠨ ᠰᠢᠢᠳᠪᠦᠷᠢᠯᠡᠵᠦ ᠲᠦᠷᠭᠡᠨ ᠳᠥᠯᠥᠬᠦ ᠨᠥᠬᠦᠴᠡᠯ ᠳᠤ ᠨᠡᠶᠢᠴᠡᠬᠦ ᠦᠭᠡᠢ ᠵᠠᠮ ᠬᠠᠷᠢᠯᠴᠠᠭᠠᠨ ᠤ ᠠᠳᠡᠯ ᠵᠢᠴᠢ ᠬᠠᠮᠢᠶ᠎ᠠ ᠪᠦᠬᠦᠢ ᠲᠡᠷᠭᠡ ᠬᠥᠰᠬᠡ ᠶᠢ ᠰᠢᠢᠳᠪᠦᠷᠢᠯᠡᠬᠦ᠂ ᠰᠢᠯᠵᠢᠭᠦᠯᠬᠦ ᠪᠠ  ᠵᠠᠶᠢᠯᠠᠭᠤᠯᠵᠤ ᠪᠣᠯᠬᠤ ᠦᠭᠡᠢ ᠭᠡᠵᠦ ᠲᠣᠭᠲᠠᠭᠠᠵᠠᠢ᠃ ᠪᠤᠭᠤᠲᠤ ᠬᠤᠲᠠ ᠡᠨᠡ ᠤᠳᠠᠭ᠎ᠠ ᠪᠠᠰᠠ ᠬᠥᠳᠡᠭᠡ ᠲᠣᠰᠬᠤᠨ ᠤ ︽ᠬᠤᠶᠠᠷ ᠠᠵᠢᠯᠲᠠᠨ︾ ᠵᠢᠴᠢ ᠲᠦᠷᠭᠡᠨ ᠰᠢᠢᠳᠪᠦᠷᠢᠯᠡᠵᠦ ᠲᠦᠷᠭᠡᠨ ᠳᠥᠯᠥᠬᠦ ᠦᠢᠯᠡᠴᠢᠯᠡᠭᠴᠢ ᠶᠢ ᠵᠠᠮ ᠬᠠᠷᠢᠯᠴᠠᠭᠠᠨ ᠤ ᠲᠤᠰᠠᠯᠠᠭᠴᠢ ᠶᠢᠨ ᠡᠩᠨᠡᠭᠡ ᠳᠤ ᠣᠷᠣᠭᠤᠯᠵᠤ᠂ ᠡᠳ᠋ ᠬᠦᠷᠦᠩᠭᠡ ᠰᠦᠢᠳᠦᠭᠰᠡᠨ ᠠᠳᠡᠯ ᠢ ᠰᠢᠢᠳᠪᠦᠷᠢᠯᠡᠬᠦ ᠳᠤ ᠬᠠᠮᠵᠢᠭᠤᠯᠪᠠ᠃ ᠲᠣᠰ ᠤᠳᠠᠭᠠᠨ ᠤ ︽ᠴᠠᠭᠳᠠᠭ᠎ᠠ ᠳᠠᠭᠠᠳᠬᠠᠯ ᠬᠠᠮᠲᠤᠷᠠᠨ ᠬᠦᠳᠡᠯᠦᠯᠴᠡᠵᠦ︾ ᠠᠷᠠᠳ ᠲᠤ ᠲᠥᠬᠦᠮ ᠦᠵᠡᠭᠦᠯᠬᠦ ᠲᠣᠭᠲᠠᠴᠠ ᠶᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠶᠠᠪᠤᠳᠠᠯ ᠨᠢ᠂ ᠵᠠᠮ ᠬᠠᠷᠢᠯᠴᠠᠭᠠᠨ ᠤ ᠬᠠᠮᠢᠶᠠᠷᠤᠯᠲᠠ  ᠶᠢᠨ ᠦᠢᠯᠡᠴᠢᠯᠡᠭᠡ ᠶᠢᠨ ᠳᠥᠲᠡᠴᠢᠯᠡᠯᠲᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠠᠭᠠᠳᠬᠠᠯ ᠤᠨ ᠠᠵᠢᠯ ᠲᠦᠷᠦᠯ ᠤᠨ ᠨᠡᠶᠢᠭᠡᠮ ᠤᠨ ᠵᠠᠰᠠᠯᠲᠠ ᠳᠤ ᠣᠷᠣᠯᠴᠠᠬᠤ ᠬᠦᠨᠴᠡ ᠪᠠ ᠴᠢᠳᠠᠪᠤᠷᠢ ᠶᠢ ᠳᠡᠭᠡᠭᠰᠢᠯᠡᠭᠦᠯᠬᠦ ᠪᠣᠯᠣᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号