9 ᠳ᠋ᠦ᠋ᠭᠡᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠡᠷᠬᠡ ᠤᠯᠭᠤᠯᠲᠠ ᠪᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠡᠳ᠋ ᠤᠨ | ᠵᠠᠰᠠᠭ ᠤᠨ ᠶᠠᠮᠤᠨ ᠤ ᠤᠯᠤᠰ ᠤᠨ ᠵᠢᠭᠡᠯᠡᠯᠭᠡ ᠲᠠᠷᠬᠠᠭᠠᠬᠤ ᠳᠠᠭᠠᠭᠠᠴᠢᠯᠠᠯᠲᠠ ᠵᠠᠷᠯᠠᠵᠤ ᠬᠦᠯᠢᠶᠡᠬᠦ ᠰᠢᠰᠲ᠋ᠧᠮ ᠢᠶᠠᠷ | ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠳᠠᠭᠠᠭᠠᠨ | ᠪᠣᠷᠣᠯᠠᠭᠤᠯᠬᠤ ᠪᠦᠯᠬᠦᠮ ᠤᠨ ᠪᠦᠷᠢᠯᠳᠦᠬᠦᠨ ᠳᠤ ᠬᠠᠨᠳᠤᠭᠤᠯᠤᠨ᠂ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ | ᠬᠡᠯᠪᠡᠷᠢ ᠪᠠᠷ 2018 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠵᠢᠭᠡᠯᠡᠯᠭᠡ ᠶᠢᠨ ᠲᠡᠮᠳᠡᠭᠲᠦ ᠶᠢ 84.58 ᠳ᠋ᠦᠩᠰᠢᠭᠤᠷ ᠲᠥᠭᠦᠷᠢᠭ ᠲᠠᠷᠬᠠᠭᠠᠵᠠᠢ᠃ ᠣᠶᠢᠯᠠᠭᠠᠭᠰᠠᠨ ᠢᠶᠠᠷ᠂ ᠲᠣᠰ | ᠤᠳᠠᠭᠠᠨ ᠤ ᠲᠠᠷᠬᠠᠭᠠᠭᠰᠠᠨ ᠵᠢᠭᠡᠯᠡᠯᠭᠡ ᠶᠢᠨ ᠲᠡᠮᠳᠡᠭᠲᠦ ᠨᠢ ᠴᠥᠮ ᠳᠥᠭᠦᠮ ᠪᠦᠳᠦᠴᠡᠳᠦ ᠣᠷᠣᠨ ᠰᠠᠭᠤᠴᠠ ᠶᠢ | ᠥᠭᠡᠷᠡᠴᠢᠯᠡᠬᠦ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠪᠤᠯᠤᠨ᠎ᠠ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ | ᠴᠠᠭ ᠬᠤᠭᠤᠴᠠᠭ᠎ᠠ ᠨᠢ 3 ᠵᠢᠯ ᠤᠨ ᠬᠤᠭᠤᠴᠠᠭ᠎ᠠ᠂ 5 ᠵᠢᠯ ᠤᠨ ᠬᠤᠭᠤᠴᠠᠭ᠎ᠠ᠂ 7 ᠵᠢᠯ ᠤᠨ ᠬᠤᠭᠤᠴᠠᠭ᠎ᠠ᠂ 10 | ᠵᠢᠯ ᠤᠨ ᠬᠤᠭᠤᠴᠠᠭ᠎ᠠ ᠪᠠ 15 ᠵᠢᠯ ᠤᠨ ᠬᠤᠭᠤᠴᠠᠭ᠎ᠠ ᠲᠠᠢ᠂ ᠳᠠᠭᠠᠭᠠᠴᠢᠯᠠᠯᠲᠠ ᠶᠢᠨ ᠠᠰᠢᠭ ᠤᠨ ᠨᠤᠷᠮ᠎ᠠ ᠨᠢ | ᠲᠤᠰ ᠪᠦᠷᠢ 3.75%᠂ 3.90%᠂ 4.07%᠂ 4.07% ᠪᠠ 4.34% ᠪᠤᠯᠤᠨ᠎ᠠ᠃ ᠲᠣᠰ ᠤᠳᠠᠭᠠᠨ ᠤ | ᠲᠠᠷᠬᠠᠭᠠᠯᠲᠠ ᠳᠠᠭᠤᠰᠪᠠᠯ᠂ ᠮᠠᠨ ᠤ ᠣᠷᠣᠨ ᠡᠨᠡ ᠵᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠵᠢᠭᠡᠯᠡᠯᠭᠡ ᠶᠢᠨ ᠲᠡᠮᠳᠡᠭᠲᠦ ᠶᠢ ᠨᠢᠭᠡᠨᠲᠡ 1083.18 ᠳ᠋ᠦᠩᠰᠢᠭᠤᠷ ᠲᠥᠭᠦᠷᠢᠭ ᠲᠠᠷᠬᠠᠭᠠᠵᠤ᠂ ᠪᠦᠬᠦ ᠵᠢᠯ ᠤᠨ | ᠲᠠᠷᠬᠠᠭᠠᠬᠤ ᠲᠤᠭ᠎ᠠ ᠶᠢᠨ 90.72% ᠶᠢ ᠪᠡᠶᠡᠯᠡᠭᠦᠯᠪᠡ᠃ ᠡᠭᠦᠨ ᠳᠤ᠂ ᠲᠤᠰᠬᠠᠶ ᠲᠠᠷᠬᠠᠭᠠᠯᠲᠠ ᠶᠢᠨ | ᠵᠢᠭᠡᠯᠡᠯᠭᠡ ᠶᠢᠨ ᠲᠡᠮᠳᠡᠭᠲᠦ 148.23 ᠳ᠋ᠦᠩᠰᠢᠭᠤᠷ ᠲᠦᠬᠦᠷᠢᠭ ᠰᠢᠨ᠎ᠡ ᠪᠠᠷ ᠨᠡᠮᠡᠭᠳᠡᠵᠦ᠂ ᠡᠳ᠋ ᠤᠨ ᠵᠠᠰᠠᠭ ᠤᠨ | ᠶᠠᠮᠤᠨ ᠤ ᠲᠣᠭᠲᠠᠭᠠᠭᠰᠠᠨ ᠲᠠᠷᠬᠠᠭᠠᠬᠤ ᠡᠭᠦᠷᠭᠡ ᠶᠢ ᠨᠢᠭᠡ ᠰᠠᠷ᠎ᠠ ᠤᠷᠢᠳᠴᠢᠯᠠᠨ ᠪᠡᠶᠡᠯᠡᠭᠦᠯᠦᠭᠰᠡᠨ ᠪᠠᠶᠢᠨ᠎ᠠ᠃ |