ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠠᠭᠠᠳ ᠦᠬᠡᠢ ᠤᠷᠴᠢᠨ ᠲᠤᠭᠤᠷᠢᠨ ᠢ ᠪᠦᠳᠦᠬᠡᠨ ᠪᠠᠶᠢᠭᠤᠯᠬᠤ ᠠᠷᠭ᠎ᠠ
ᠨᠡᠶᠢᠲᠡᠯᠡᠭᠰᠡᠨ ᠴᠠᠭ᠄
2018-09-28
     ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ                               232 ᠳ᠋ᠤᠭᠠᠷ ᠲᠤᠭᠠᠳᠤ      ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠠᠭᠠᠳ ᠦᠬᠡᠢ ᠤᠷᠴᠢᠨ ᠲᠤᠭᠤᠷᠢᠨ ᠢ ᠪᠦᠳᠦᠬᠡᠨ ᠪᠠᠶᠢᠭᠤᠯᠬᠤ ᠠᠷᠭ᠎ᠠ︾᠎ ᠶᠢ 2018 ᠤᠨ ᠤ 5 ᠳ᠋ᠤᠭᠠᠷ ᠰᠠᠷ᠎ᠠ ᠶᠢᠨ 11᠎ ᠤ ᠡᠳᠦᠷ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠦᠪᠯᠡᠵᠦ ᠪᠠᠳᠤᠯᠠᠭᠠᠳ᠂ ᠡᠳᠦᠬᠡ ᠨᠡᠶᠢᠳᠡᠯᠡᠪᠡ᠂ 2018 ᠤᠨ ᠤ 7 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠬᠦᠯᠦᠨ᠎ᠠ᠃                              ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ   ᠪᠦ᠋ ᠰᠢᠶᠣᠣ ᠯᠢᠨ                                2018 ᠣᠨ ᠤ 5 ᠳ᠋ᠤᠭᠠᠷ ᠰᠠᠷ᠎ᠠ ᠶᠢᠨ 31᠎ ᠤ ᠡᠳᠦᠷ      ᠨᠢᠬᠡᠳᠦᠬᠡᠷ ᠪᠦᠯᠦᠭ  ᠶᠡᠷᠦᠩᠬᠡᠢ ᠲᠦᠷᠢᠮ      ᠨᠢᠬᠡᠳᠦᠬᠡᠷ ᠵᠦᠢᠯ ᠰᠠᠭᠠᠳ ᠦᠬᠡᠢ ᠤᠷᠴᠢᠨ ᠲᠤᠭᠤᠷᠢᠨ ᠢ ᠡᠭᠦᠳᠴᠤ᠂ ᠨᠡᠶᠢᠬᠡᠮ ᠤᠨ ᠠᠮᠢᠳᠤᠷᠠᠯ ᠳᠤ ᠵᠡᠮᠳᠡᠭᠴᠦᠳ ᠵᠡᠷᠬᠡ ᠨᠡᠶᠢᠬᠡᠮ ᠤᠨ ᠪᠦᠷᠢᠯᠳᠦᠭᠦᠨ ᠨᠦᠭᠦᠳ ᠤᠨ ᠨᠡᠶᠢᠬᠡᠮ ᠤᠨ ᠠᠮᠢᠳᠤᠷᠠᠯ ᠳᠤ ᠡᠷᠬᠡ ᠲᠡᠭᠰᠢ ᠪᠠᠷ ᠤᠷᠤᠯᠴᠠᠬᠤ ᠶᠢ ᠪᠠᠳᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠡᠮᠳᠡᠭᠴᠦᠳ ᠤᠨ ᠪᠠᠳᠤᠯᠠᠭ᠎ᠠ ᠶᠢᠨ ᠬᠠᠤᠯᠢ︾ ︽ᠰᠠᠭᠠᠳ ᠦᠬᠡᠢ ᠤᠷᠴᠢᠨ ᠲᠤᠭᠤᠷᠢᠨ ᠢ ᠪᠦᠳᠦᠬᠡᠨ ᠪᠠᠶᠢᠭᠤᠯᠬᠤ ᠲᠦᠷᠢᠮ︾ ᠪᠠ ︽ᠪᠦᠳᠦᠬᠡᠨ ᠪᠠᠶᠢᠭᠤᠯᠬᠤ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠳᠠ ᠶᠢᠨ ᠲᠦᠷᠢᠮ︾ ᠵᠡᠷᠬᠡ ᠬᠠᠤᠯᠢ ᠴᠠᠭᠠᠵᠠ᠂ ᠬᠠᠤᠯᠢ ᠲᠤᠨᠨᠳᠠᠭᠠᠯ ᠢ ᠦᠨᠳᠦᠰᠦᠯᠡᠵᠦ᠂ ᠦᠪᠡᠷᠳᠡᠬᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠲᠤᠰ ᠠᠷᠭ᠎ᠠ ᠶᠢ ᠲᠤᠨᠨᠳᠠᠭᠠᠪᠠ᠃      ᠬᠤᠶᠠᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠲᠤᠳᠤᠷᠠᠬᠢ ᠰᠠᠭᠠᠳ ᠦᠬᠡᠢ ᠤᠷᠴᠢᠨ ᠲᠤᠭᠤᠷᠢᠨ ᠤ ᠪᠦᠳᠦᠬᠡᠨ ᠪᠠᠶᠢᠭᠤᠯᠤᠯᠳᠠ ᠵᠢᠴᠢ ᠬᠠᠮᠢᠶ᠎ᠠ ᠪᠦᠭᠦᠢ ᠬᠠᠮᠢᠶᠠᠷᠤᠯᠳᠠ ᠶᠢᠨ ᠠᠵᠢᠯᠯᠠᠭ᠎ᠠ ᠳᠤ ᠲᠤᠰ ᠠᠷᠭ᠎ᠠ ᠬᠡᠷᠡᠭᠯᠡᠭᠳᠡᠨ᠎ᠡ᠃      ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠰᠠᠭᠠᠳ ᠦᠬᠡᠢ ᠤᠷᠴᠢᠨ ᠲᠤᠭᠤᠷᠢᠨ ᠢ ᠪᠦᠳᠦᠬᠡᠨ ᠪᠠᠶᠢᠭᠤᠯᠬᠤ ᠬᠡᠳᠡᠭ ᠨᠢ ᠵᠡᠮᠳᠡᠭᠴᠦᠳ᠂ ᠨᠠᠰᠤᠳᠠᠶᠢᠴᠦᠳ᠂ ᠰᠢᠷᠬᠠᠳᠤᠨᠨᠰᠠᠳ ᠡᠪᠡᠳᠴᠢᠯᠡᠭᠰᠡᠳ᠂ ᠵᠢᠷᠮᠤᠰᠦᠨ ᠪᠦᠰᠡᠭᠦ᠋ᠢᠴᠦᠳ ᠪᠠ ᠬᠡᠤᠬᠡᠳ ᠵᠡᠷᠬᠡ ᠨᠡᠶᠢᠬᠡᠮ ᠤᠨ ᠪᠦᠷᠢᠯᠳᠦᠬᠦᠨ ᠨᠦᠭᠦᠳ ᠤᠨ ᠪᠡᠶ᠎ᠡ ᠪᠠᠨ ᠲᠠᠭᠠᠭᠠᠵᠦ ᠠᠮᠤᠷ ᠲᠦᠪᠰᠢᠨ ᠢᠶᠠᠷ ᠵᠠᠮ ᠦᠩᠬᠡᠷᠡᠬᠦ᠂ ᠬᠠᠮᠢᠶ᠎ᠠ ᠪᠦᠭᠦᠢ ᠬᠡᠷ ᠪᠠᠷᠢᠯᠭ᠎ᠠ ᠪᠠᠷ ᠤᠷᠤᠵᠦ ᠭᠠᠷᠬᠤ᠂ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠲᠡᠷᠬᠡ ᠭᠦᠰᠬᠡ ᠳᠤ ᠰᠠᠭᠤᠬᠤ᠂ ᠮᠡᠳᠡᠭᠡ ᠵᠠᠩᠬᠢ ᠰᠤᠯᠢᠯᠴᠠᠬᠤ᠂ ᠨᠡᠶᠢᠬᠡᠮ ᠲᠤᠭᠤᠷᠢᠭ ᠤᠨ ᠦᠢᠯᠡᠴᠢᠯᠡᠬᠡᠨ ᠢ ᠤᠯᠵᠦ ᠭᠦᠷᠳᠡᠬᠦ ᠳᠤ ᠲᠦᠭᠦᠮ ᠦᠵᠡᠬᠦᠯᠬᠦ ᠶᠢᠨ ᠲᠤᠰᠠᠳᠠ ᠶᠠᠪᠤᠨᠨᠳᠠᠭᠤᠯᠤᠨᠨᠰᠠᠨ ᠪᠦᠳᠦᠬᠡᠨ ᠪᠠᠶᠢᠭᠤᠯᠬᠤ ᠠᠵᠢᠯᠯᠠᠭ᠎ᠠ ᠶᠢ ᠵᠢᠭᠠᠵᠦ ᠪᠠᠶᠢᠨ᠎ᠠ᠃      ᠲᠦᠷᠪᠡᠳᠦᠬᠡᠷ ᠵᠦᠢᠯ ᠰᠠᠭᠠᠳ ᠦᠬᠡᠢ ᠤᠷᠴᠢᠨ ᠲᠤᠭᠤᠷᠢᠨ ᠢ ᠪᠠᠶᠢᠭᠤᠯᠬᠤ ᠳᠤ ᠵᠠᠪᠠᠯ ᠦᠪᠡᠷᠳᠡᠬᠡᠨ ᠵᠠᠰᠠᠬᠤ ᠤᠷᠤᠨ ᠤ ᠠᠵᠦ ᠠᠬᠤᠢ ᠪᠠ ᠨᠡᠶᠢᠬᠡᠮ ᠤᠨ ᠭᠦᠭᠵᠢᠯᠳᠡ ᠶᠢᠨ ᠬᠢᠷᠢ ᠲᠦᠪᠰᠢᠨ ᠲᠠᠢ ᠲᠤᠬᠢᠷᠠᠯᠴᠠᠭᠤᠯᠤᠨ᠂ ᠵᠡᠮᠳᠡᠭᠴᠦᠳ ᠵᠡᠷᠬᠡ ᠨᠡᠶᠢᠬᠡᠮ ᠤᠨ ᠪᠦᠷᠢᠯᠳᠦᠬᠦᠨ ᠤ ᠪᠤᠳᠠᠳᠠᠢ ᠬᠡᠷᠡᠭᠴᠡᠭᠡ ᠳᠤ ᠨᠡᠶᠢᠴᠡᠬᠦᠯᠵᠦ᠂ ᠪᠤᠳᠠᠳᠤ ᠬᠡᠷᠡᠭᠴᠡᠭᠡ ᠲᠠᠢ᠂ ᠬᠡᠷᠡᠭᠯᠡᠬᠦ ᠳᠤ ᠬᠢᠯᠪᠡᠷ᠂ ᠦᠷᠬᠡᠨ ᠢᠶᠠᠷ ᠠᠰᠢᠭ ᠭᠦᠷᠳᠡᠬᠦ ᠵᠠᠷᠴᠢᠮ ᠢ ᠵᠢᠷᠤᠮᠯᠠᠬᠤ ᠬᠡᠷᠡᠭᠳᠡᠢ᠃      ᠲᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠨᠢ ᠰᠠᠭᠠᠳ ᠦᠬᠡᠢ ᠤᠷᠴᠢᠨ ᠲᠤᠭᠤᠷᠢᠨ ᠢ ᠪᠦᠳᠦᠬᠡᠨ ᠪᠠᠶᠢᠭᠤᠯᠬᠤ ᠭᠦᠭᠵᠢᠯᠳᠡ ᠶᠢᠨ ᠲᠦᠯᠦᠪᠵᠢᠬᠦᠯᠬᠡ ᠶᠢ ᠵᠤᠬᠢᠶᠠᠨ ᠪᠠᠶᠢᠭᠤᠯᠵᠦ ᠨᠠᠶᠢᠷᠠᠭᠤᠯᠤᠨ ᠵᠤᠬᠢᠶᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠬᠦ ᠶᠢ ᠬᠠᠷᠢᠭᠤᠴᠠᠬᠤ ᠬᠡᠷᠡᠭᠳᠡᠢ᠃      ᠰᠠᠭᠠᠳ ᠦᠬᠡᠢ ᠤᠷᠴᠢᠨ ᠲᠤᠭᠤᠷᠢᠨ ᠢ ᠪᠦᠳᠦᠬᠡᠨ ᠪᠠᠶᠢᠭᠤᠯᠬᠤ ᠭᠦᠭᠵᠢᠯᠳᠡ ᠶᠢᠨ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠬᠤ ᠳᠤ᠂ ᠵᠡᠮᠳᠡᠭᠴᠦᠳ ᠤᠨ ᠵᠤᠬᠢᠶᠠᠨ ᠪᠠᠶᠢᠭᠤᠯᠤᠯᠳᠠ᠂ ᠨᠠᠰᠤᠳᠠᠶᠢᠴᠦᠳ ᠤᠨ ᠵᠤᠬᠢᠶᠠᠨ ᠪᠠᠶᠢᠭᠤᠯᠤᠯᠳᠠ ᠪᠠ ᠡᠮᠡᠭᠳᠡᠶᠢᠴᠦᠳ ᠤᠨ ᠵᠤᠬᠢᠶᠠᠨ ᠪᠠᠶᠢᠭᠤᠯᠤᠯᠳᠠ ᠵᠡᠷᠬᠡ ᠨᠡᠶᠢᠬᠡᠮ ᠤᠨ ᠵᠤᠬᠢᠶᠠᠨ ᠪᠠᠶᠢᠭᠤᠯᠤᠯᠳᠠ ᠠᠴᠠ ᠰᠠᠨᠠᠯ ᠬᠤᠷᠢᠶᠠᠬᠤ ᠬᠡᠷᠡᠭᠳᠡᠢ᠃      ᠰᠠᠭᠠᠳ ᠦᠬᠡᠢ ᠤᠷᠴᠢᠨ ᠲᠤᠭᠤᠷᠢᠨ ᠢ ᠪᠦᠳᠦᠬᠡᠨ ᠪᠠᠶᠢᠭᠤᠯᠬᠤ ᠭᠦᠭᠵᠢᠯᠳᠡ ᠶᠢᠨ ᠲᠦᠯᠦᠪᠵᠢᠬᠦᠯᠬᠡ ᠶᠢ ᠤᠯᠤᠰ ᠠᠷᠠᠳ ᠤᠨ ᠠᠵᠦ ᠠᠬᠤᠢ ᠪᠠ ᠨᠡᠶᠢᠬᠡᠮ ᠤᠨ ᠭᠦᠭᠵᠢᠯᠳᠡ ᠶᠢᠨ ᠲᠦᠯᠦᠪᠵᠢᠬᠦᠯᠬᠡ ᠵᠢᠴᠢ ᠬᠤᠳᠠ ᠭᠦᠳᠡᠭᠡ ᠶᠢᠨ ᠲᠦᠯᠦᠪᠵᠢᠬᠦᠯᠬᠡ ᠳᠤ ᠤᠷᠤᠭᠤᠯᠬᠤ ᠬᠡᠷᠡᠭᠳᠡᠢ᠃      ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠤ ᠵᠡᠮᠳᠡᠭᠴᠦᠳ ᠤᠨ ᠠᠵᠢᠯ ᠤᠨ ᠵᠦᠪᠯᠡᠯ ᠨᠢ ᠲᠤᠰ ᠵᠠᠰᠠᠭ ᠵᠠᠬᠢᠷᠭᠠᠨ ᠤ ᠤᠷᠤᠨ ᠲᠤᠳᠤᠷᠠᠬᠢ ᠰᠠᠭᠠᠳ ᠦᠬᠡᠢ ᠤᠷᠴᠢᠨ ᠲᠤᠭᠤᠷᠢᠨ ᠤ ᠪᠦᠳᠦᠬᠡᠨ ᠪᠠᠶᠢᠭᠤᠯᠤᠯᠳᠠ ᠬᠢᠬᠡᠳ ᠬᠠᠮᠢᠶᠠᠷᠤᠯᠳᠠ ᠶᠢᠨ ᠠᠵᠢᠯ ᠳᠤ ᠵᠤᠬᠢᠴᠠᠭᠤᠯᠭ᠎ᠠ ᠬᠢᠬᠦ ᠶᠢ ᠬᠠᠷᠢᠭᠤᠴᠠᠬᠤ ᠬᠡᠷᠡᠭᠳᠡᠢ᠃      ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠤ ᠤᠷᠤᠨ ᠰᠠᠭᠤᠴᠠ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠰ ᠵᠠᠰᠠᠭ ᠵᠠᠬᠢᠷᠭᠠᠨ ᠤ ᠤᠷᠤᠨ ᠲᠤᠳᠤᠷᠠᠬᠢ ᠰᠠᠭᠠᠳ ᠦᠬᠡᠢ ᠶᠢᠨ ᠪᠡᠯᠡᠳᠬᠡᠮᠵᠢ ᠶᠢᠨ ᠪᠠᠷᠢᠯᠭ᠎ᠠ ᠪᠦᠳᠦᠬᠡᠨ ᠪᠠᠶᠢᠭᠤᠯᠬᠤ ᠠᠵᠢᠯᠯᠠᠭᠠᠨ ᠤ ᠬᠢᠨᠠᠯᠳᠠ ᠬᠠᠮᠢᠶᠠᠷᠤᠯᠳᠠ ᠶᠢᠨ ᠠᠵᠢᠯ ᠢ ᠬᠠᠷᠢᠭᠤᠴᠠᠬᠤ ᠬᠡᠷᠡᠭᠳᠡᠢ᠃      ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠤ ᠭᠦᠭᠵᠢᠬᠦᠯᠦᠯᠳᠡ ᠦᠬᠡᠷᠡᠴᠢᠯᠡᠯᠳᠡ᠂ ᠠᠵᠦ ᠠᠬᠤᠢ ᠪᠠ ᠮᠡᠳᠡᠭᠡ ᠵᠠᠩᠬᠢᠵᠢᠯᠳᠠ᠂ ᠠᠷᠠᠳ ᠤᠨ ᠶᠠᠪᠤᠳᠠᠯ᠂ ᠲᠤᠳᠤᠭᠠᠳᠤ ᠶᠢ ᠬᠠᠮᠠᠭᠠᠯᠠᠬᠤ᠂ ᠲᠦᠯᠦᠪᠵᠢᠬᠦᠯᠬᠡ᠂ ᠮᠦᠩᠭᠦᠨ ᠭᠦᠢᠯᠬᠡᠬᠡ᠂ ᠴᠢᠮᠡᠭᠡ ᠬᠤᠯᠪᠤᠭ᠎ᠠ᠂ ᠰᠢᠤᠳᠠᠨ᠂ ᠲᠡᠮᠦᠷ ᠵᠠᠮ᠂ ᠠᠷᠠᠳ ᠤᠨ ᠠᠭᠠᠷ ᠤᠨ ᠲᠡᠬᠡᠬᠡᠪᠦᠷᠢ ᠵᠡᠷᠬᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠨᠢ ᠲᠤᠰ ᠲᠤᠰ ᠤᠨ ᠡᠭᠦᠷᠬᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠰᠠᠭᠠᠳ ᠦᠬᠡᠢ ᠤᠷᠴᠢᠨ ᠲᠤᠭᠤᠷᠢᠨ ᠤ ᠪᠦᠳᠦᠬᠡᠨ ᠪᠠᠶᠢᠭᠤᠯᠤᠯᠳᠠ ᠬᠢᠬᠡᠳ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠬᠦ ᠬᠡᠷᠡᠭᠳᠡᠢ᠃      ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠤᠯᠪᠤᠨᠨᠳᠠᠯ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠵᠦ ᠪᠠᠶᠢᠭᠠᠳ ᠰᠠᠭᠠᠳ ᠦᠬᠡᠢ ᠤᠷᠴᠢᠨ ᠲᠤᠭᠤᠷᠢᠨ ᠤ ᠪᠦᠳᠦᠬᠡᠨ ᠪᠠᠶᠢᠭᠤᠯᠤᠯᠳᠠ ᠬᠢᠬᠡᠳ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠬᠦ ᠬᠡᠷᠡᠭᠳᠡᠢ᠃      ᠲᠤᠯᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠵᠢᠴᠢ ᠬᠤᠯᠪᠤᠨᠨᠳᠠᠯ ᠪᠦᠭᠦᠢ ᠰᠠᠯᠠᠭ᠎ᠠ ᠮᠦᠴᠢᠷ ᠨᠢ ᠷᠠᠳᠢᠤ᠋᠂ ᠲᠧᠯᠸᠢᠰ᠂ ᠰᠤᠨᠢᠨ ᠰᠡᠳᠬᠦᠯ᠂ ᠢᠨᠲ᠋ᠧᠷ ᠰᠦᠯᠵᠢᠶ᠎ᠡ ᠵᠡᠷᠬᠡ ᠵᠠᠭᠤᠴᠢᠯᠠᠭᠤᠷ ᠢ ᠠᠰᠢᠨᠨᠯᠠᠵᠦ᠂ ᠰᠠᠭᠠᠳ ᠦᠬᠡᠢ ᠤᠷᠴᠢᠨ ᠲᠤᠭᠤᠷᠢᠨ ᠤ ᠪᠦᠳᠦᠬᠡᠨ ᠪᠠᠶᠢᠭᠤᠯᠤᠯᠳᠠ ᠶᠢᠨ ᠲᠠᠯ᠎ᠠ ᠪᠠᠷ ᠬᠢ ᠤᠬᠠᠭᠤᠯᠭ᠎ᠠ ᠶᠢ ᠴᠢᠩᠭᠠᠳᠬᠠᠨ᠂ ᠰᠠᠭᠠᠳ ᠦᠬᠡᠢ ᠤᠷᠴᠢᠨ ᠲᠤᠭᠤᠷᠢᠨ ᠢ ᠪᠦᠳᠦᠬᠡᠨ ᠪᠠᠶᠢᠭᠤᠯᠬᠤ ᠲᠠᠯ᠎ᠠ ᠪᠠᠷ ᠬᠢ ᠪᠦᠭᠦ ᠨᠡᠶᠢᠬᠡᠮ ᠤᠨ ᠪᠦᠷᠢᠯᠳᠦᠬᠦᠨ ᠤ ᠦᠵᠡᠯ ᠤᠬᠠᠮᠰᠠᠷ ᠢ ᠲᠡᠬᠡᠭᠰᠢᠯᠡᠬᠦᠯᠬᠦ ᠬᠡᠷᠡᠭᠳᠡᠢ᠃      ᠪᠠᠶᠢᠭᠠᠯᠢᠭ ᠭᠦᠮᠦᠨ᠂ ᠬᠠᠤᠯᠢ ᠶᠢᠨ ᠡᠷᠬᠡᠳᠡᠨ᠂ ᠬᠠᠤᠯᠢ ᠶᠢᠨ ᠡᠷᠬᠡᠳᠡᠨ ᠤ ᠪᠤᠰᠤ ᠵᠤᠬᠢᠶᠠᠨ ᠪᠠᠶᠢᠭᠤᠯᠤᠯᠳᠠ ᠨᠤᠭᠤᠳ ᠢ ᠵᠤᠷᠢᠨᠨᠵᠢᠭᠤᠯᠵᠦ ᠪᠠᠶᠢᠭᠠᠳ ᠰᠠᠭᠠᠳ ᠦᠬᠡᠢ ᠤᠷᠴᠢᠨ ᠲᠤᠭᠤᠷᠢᠨ ᠤ ᠪᠦᠳᠦᠬᠡᠨ ᠪᠠᠶᠢᠭᠤᠯᠤᠯᠳᠠ ᠳᠤ ᠬᠠᠨᠳᠢᠪ ᠲᠤᠰᠠᠯᠠᠮᠵᠢ ᠵᠢᠴᠢ ᠰᠠᠶᠢᠨ ᠲᠤᠷ᠎ᠠ ᠶᠢᠨ ᠦᠢᠯᠡᠴᠢᠯᠡᠭᠡ ᠬᠠᠩᠭᠠᠬᠤ ᠬᠡᠷᠡᠭᠳᠡᠢ᠃      ᠨᠠᠢᠮᠠᠳᠤᠭᠠᠷ ᠵᠦᠢᠯ ᠤᠯᠠᠨ ᠨᠡᠶᠢᠳᠡ ᠶᠢᠨ ᠦᠢᠯᠡᠴᠢᠯᠡᠭᠡ ᠬᠠᠩᠭᠠᠵᠦ ᠪᠠᠶᠢᠭ᠎ᠠ ᠲᠦᠷᠦ ᠶᠢᠨ ᠪᠠᠶᠢᠭᠤᠯᠭ᠎ᠠ᠂ ᠨᠡᠶᠢᠬᠡᠮ ᠤᠨ ᠪᠦᠯᠭᠦᠮ᠂ ᠠᠵᠦ ᠠᠬᠤᠶᠢᠯᠠᠯ ᠠᠵᠢᠯ ᠦᠢᠯᠡᠰ ᠤᠨ ᠨᠢᠬᠡᠴᠡ ᠪᠠ ᠦᠨᠳᠦᠰᠦᠨ ᠱᠠᠳᠤᠨ ᠤ ᠤᠯᠠᠨ ᠲᠦᠮᠡᠨᠴᠢ ᠴᠢᠨᠠᠷᠳᠠᠢ ᠦᠪᠡᠰᠦᠪᠡᠨ ᠵᠠᠰᠠᠬᠤ ᠵᠤᠬᠢᠶᠠᠨ ᠪᠠᠶᠢᠭᠤᠯᠤᠯᠳᠠ ᠨᠤᠭᠤᠳ ᠨᠢ ᠬᠠᠮᠢᠶ᠎ᠠ ᠪᠦᠭᠦᠢ ᠠᠵᠢᠯᠳᠠᠳ ᠲᠤ ᠰᠠᠭᠠᠳ ᠦᠬᠡᠢ ᠶᠢᠨ ᠮᠡᠳᠡᠯᠬᠡ ᠶᠢᠨ ᠭᠦᠮᠦᠵᠢᠯ ᠪᠠ ᠪᠤᠯᠪᠠᠰᠤᠷᠠᠭᠤᠯᠤᠯ ᠭᠦᠷᠳᠡᠬᠡᠬᠦ ᠬᠡᠷᠡᠭᠳᠡᠢ᠃      ᠶᠢᠰᠦᠳᠦᠬᠡᠷ ᠵᠦᠢᠯ ᠶᠠᠮᠠᠷᠪᠠ ᠨᠢᠬᠡᠴᠡ ᠪᠠ ᠬᠤᠪᠢ ᠭᠦᠮᠦᠨ ᠬᠡᠳ ᠬᠤᠯᠪᠤᠨᠨᠳᠠᠯ ᠪᠦᠭᠦᠢ ᠰᠠᠯᠠᠭ᠎ᠠ ᠮᠦᠴᠢᠷ ᠲᠤ ᠰᠠᠭᠠᠳ ᠦᠬᠡᠢ ᠤᠷᠴᠢᠨ ᠲᠤᠭᠤᠷᠢᠨ ᠤ ᠪᠦᠳᠦᠬᠡᠨ ᠪᠠᠶᠢᠭᠤᠯᠤᠯᠳᠠ ᠪᠠ ᠬᠠᠮᠢᠶᠠᠷᠤᠯᠳᠠ ᠶᠢᠨ ᠪᠠᠶᠢᠳᠠᠯ ᠤᠨ ᠲᠠᠯ᠎ᠠ ᠪᠠᠷ ᠬᠢ ᠰᠠᠨᠠᠯ ᠪᠤᠶᠤ ᠰᠠᠨᠠᠭᠤᠯᠭ᠎ᠠ ᠲᠤᠷᠠᠳᠴᠤ ᠪᠤᠯᠤᠨ᠎ᠠ᠂ ᠬᠤᠯᠪᠤᠨᠨᠳᠠᠯ ᠪᠦᠭᠦᠢ ᠰᠠᠯᠠᠭ᠎ᠠ ᠮᠦᠴᠢᠷ ᠨᠢ ᠵᠠᠪᠠᠯ ᠴᠠᠭ ᠲᠤᠬᠠᠢ ᠳᠤᠨᠢ ᠭᠦᠢᠴᠡᠳᠬᠡᠬᠦ ᠶᠢᠨ ᠬᠠᠮᠳᠤ ᠬᠠᠷᠢᠭᠤ ᠦᠭᠭᠦ ᠬᠡᠷᠡᠭᠳᠡᠢ᠃      ᠠᠷᠪᠠᠳᠤᠭᠠᠷ ᠵᠦᠢᠯ ᠰᠠᠭᠠᠳ ᠦᠬᠡᠢ ᠤᠷᠴᠢᠨ ᠲᠤᠭᠤᠷᠢᠨ ᠢ ᠪᠦᠳᠦᠬᠡᠨ ᠪᠠᠶᠢᠭᠤᠯᠬᠤ ᠠᠵᠢᠯ ᠤᠨ ᠶᠠᠪᠤᠴᠠ ᠳᠤ ᠮᠡᠳᠡᠭᠳᠡᠭᠦ᠋ᠢᠴᠡ ᠬᠢᠷᠢ ᠪᠦᠳᠦᠮᠵᠢ ᠭᠠᠷᠭᠠᠨᠨᠰᠠᠨ ᠨᠢᠬᠡᠴᠡ ᠪᠠ ᠬᠤᠪᠢ ᠭᠦᠮᠦᠨ ᠢ ᠤᠯᠤᠰ ᠤᠨ ᠬᠤᠯᠪᠤᠨᠨᠳᠠᠯ ᠪᠦᠭᠦᠢ ᠲᠤᠨᠨᠳᠠᠭᠠᠯ ᠶᠤᠰᠤᠭᠠᠷ ᠰᠠᠶᠢᠰᠢᠶᠠᠨ ᠭᠦᠬᠢᠭᠦᠯᠬᠦ ᠪᠠ ᠱᠠᠩᠨᠠᠬᠤ ᠬᠡᠷᠡᠭᠳᠡᠢ᠃      ᠬᠤᠶᠠᠳᠤᠭᠠᠷ ᠪᠦᠯᠦᠭ ᠰᠠᠭᠠᠳ ᠦᠬᠡᠢ ᠶᠢᠨ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ      ᠠᠷᠪᠠᠨ ᠨᠢᠬᠡᠳᠦᠬᠡᠷ ᠵᠦᠢᠯ ᠬᠤᠳᠠ ᠪᠠᠯᠭᠠᠰᠤᠨ ᠤ ᠰᠢᠨ᠎ᠠ ᠪᠠᠷ ᠪᠠᠶᠢᠭᠤᠯᠤᠨᠨᠰᠠᠨ᠂ ᠦᠬᠡᠷᠡᠴᠢᠯᠡᠨ ᠪᠠᠶᠢᠭᠤᠯᠤᠨᠨᠰᠠᠨ᠂ ᠦᠷᠬᠡᠳᠬᠡᠨ ᠪᠠᠶᠢᠭᠤᠯᠤᠨᠨᠰᠠᠨ ᠵᠠᠮ᠂ ᠬᠤᠳᠠ ᠶᠢᠨ ᠠᠭᠤᠳᠠᠮ ᠲᠠᠯᠠᠪᠠᠢ᠂ ᠬᠤᠳᠠ ᠶᠢᠨ ᠵᠦᠯᠬᠡ ᠭᠠᠵᠠᠷ᠂ ᠤᠯᠠᠨ ᠨᠡᠶᠢᠳᠡ ᠶᠢᠨ ᠪᠠᠷᠢᠯᠭ᠎ᠠ᠂ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠪᠡᠯᠡᠳᠬᠡᠮᠵᠢ᠂ ᠤᠷᠤᠨ ᠰᠠᠭᠤᠴᠠ ᠶᠢᠨ ᠪᠠᠷᠢᠯᠭ᠎ᠠ᠂ ᠤᠷᠤᠨ ᠰᠠᠭᠤᠴᠠ ᠶᠢᠨ ᠲᠤᠭᠤᠷᠢᠭ ᠢ ᠵᠠᠪᠠᠯ ᠰᠠᠭᠠᠳ ᠦᠬᠡᠢ ᠶᠢᠨ ᠪᠡᠯᠡᠳᠬᠡᠮᠵᠢ ᠶᠢᠨ ᠪᠠᠷᠢᠯᠭ᠎ᠠ ᠪᠠᠶᠢᠭᠤᠯᠬᠤ ᠪᠠᠷᠢᠮᠵᠢᠶ᠎ᠠ ᠳᠤ ᠨᠡᠶᠢᠴᠡᠬᠦᠯᠬᠦ ᠬᠡᠷᠡᠭᠳᠡᠢ᠃      ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠤ ᠪᠦᠳᠦᠬᠡᠨ ᠪᠠᠶᠢᠭᠤᠯᠤᠯᠳᠠ ᠶᠢ ᠰᠠᠭᠠᠳ ᠦᠬᠡᠢ ᠶᠢᠨ ᠪᠡᠯᠡᠳᠬᠡᠮᠵᠢ ᠶᠢᠨ ᠪᠠᠷᠢᠯᠭ᠎ᠠ ᠪᠠᠶᠢᠭᠤᠯᠬᠤ ᠪᠠᠷᠢᠮᠵᠢᠶ᠎ᠠ ᠳᠤ ᠠᠯᠬᠤᠮ ᠠᠯᠬᠤᠮ ᠢᠶᠠᠷ ᠭᠦᠷᠬᠡᠬᠦ ᠬᠡᠷᠡᠭᠳᠡᠢ᠃      ᠠᠷᠪᠠᠨ ᠬᠤᠶᠠᠳᠤᠭᠠᠷ ᠵᠦᠢᠯ ᠰᠠᠭᠠᠳ ᠦᠬᠡᠢ ᠶᠢᠨ ᠪᠡᠯᠡᠳᠬᠡᠮᠵᠢ ᠶᠢᠨ ᠪᠠᠷᠢᠯᠭ᠎ᠠ ᠶᠢ ᠵᠠᠪᠠᠯ ᠭᠤᠤᠯ ᠴᠤᠨᠨᠴᠠᠳᠤ ᠪᠠᠷᠢᠯᠭ᠎ᠠ ᠲᠠᠢ ᠵᠡᠷᠬᠡ ᠳᠤᠨᠢ ᠵᠢᠷᠤᠵᠦ ᠲᠦᠯᠦᠪᠯᠡᠨ᠂ ᠵᠡᠷᠬᠡ ᠳᠤᠨᠢ ᠪᠠᠷᠢᠵᠦ ᠪᠠᠶᠢᠭᠤᠯᠤᠨ᠂ ᠵᠡᠷᠬᠡ ᠳᠤᠨᠢ ᠰᠢᠯᠭᠠᠵᠦ ᠬᠤᠷᠢᠶᠠᠨ ᠠᠪᠴᠤ ᠬᠡᠷᠡᠭᠯᠡᠬᠡᠨ ᠳᠤ ᠤᠷᠤᠭᠤᠯᠬᠤ ᠬᠡᠷᠡᠭᠳᠡᠢ᠃ ᠰᠢᠨ᠎ᠠ ᠪᠠᠷ ᠪᠠᠶᠢᠭᠤᠯᠤᠨᠨᠰᠠᠨ ᠰᠠᠭᠠᠳ ᠦᠬᠡᠢ ᠶᠢᠨ ᠪᠡᠯᠡᠳᠬᠡᠮᠵᠢ ᠶᠢ ᠤᠶᠢᠷ᠎ᠠ ᠬᠠᠪᠢ ᠶᠢᠨ ᠰᠠᠭᠠᠳ ᠦᠬᠡᠢ ᠶᠢᠨ ᠪᠡᠯᠡᠳᠬᠡᠮᠵᠢ ᠲᠠᠢ ᠬᠠᠷᠢᠯᠴᠠᠨ ᠵᠤᠯᠭᠠᠭᠤᠯᠬᠤ ᠬᠡᠷᠡᠭᠳᠡᠢ᠃      ᠠᠷᠪᠠᠨ ᠭᠤᠷᠪᠠᠳᠤᠭᠠᠷ ᠵᠦᠢᠯ ᠵᠢᠷᠤᠵᠦ ᠲᠦᠯᠦᠪᠯᠡᠬᠦ ᠨᠢᠬᠡᠴᠡ ᠨᠢ ᠵᠠᠪᠠᠯ ︽ᠰᠠᠭᠠᠳ ᠦᠬᠡᠢ ᠶᠢᠨ ᠵᠦᠢᠯᠡᠰ ᠢ ᠵᠢᠷᠤᠵᠦ ᠲᠦᠯᠦᠪᠯᠡᠬᠦ ᠵᠢᠷᠤᠮᠵᠢᠯ︾ ᠵᠡᠷᠬᠡ ᠪᠠᠷᠢᠮᠵᠢᠶᠠᠳᠤ ᠵᠢᠷᠤᠮᠵᠢᠯ ᠤᠨ ᠱᠠᠭᠠᠷᠳᠠᠯᠭ᠎ᠠ ᠶᠤᠰᠤᠭᠠᠷ᠂ ᠰᠠᠭᠠᠳ ᠦᠬᠡᠢ ᠶᠢᠨ ᠲᠦᠭᠦᠷ ᠪᠡᠯᠡᠳᠬᠡᠮᠵᠢ ᠶᠢ ᠵᠢᠷᠤᠵᠦ ᠲᠦᠯᠦᠪᠯᠡᠬᠦ ᠬᠡᠷᠡᠭᠳᠡᠢ᠃      ᠪᠠᠷᠢᠯᠭ᠎ᠠ ᠪᠠᠷᠢᠬᠤ ᠵᠢᠷᠤᠭ ᠤᠨ ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠨᠢ ᠵᠠᠪᠠᠯ ᠵᠤᠬᠢᠬᠤ ᠪᠠᠷᠢᠮᠵᠢᠶᠠᠳᠤ ᠵᠢᠷᠤᠮᠵᠢᠯ ᠶᠤᠰᠤᠭᠠᠷ ᠬᠢᠨᠠᠨ ᠪᠠᠶᠢᠴᠠᠭᠠᠬᠤ ᠬᠡᠷᠡᠭᠳᠡᠢ᠃      ᠪᠠᠷᠢᠯᠭ᠎ᠠ ᠪᠠᠷᠢᠬᠤ ᠨᠢᠬᠡᠴᠡ ᠨᠢ ᠬᠢᠨᠠᠨ ᠪᠠᠶᠢᠴᠠᠭᠠᠯᠳᠠ ᠳᠤ ᠬᠢᠷᠢ ᠲᠡᠩᠴᠡᠭᠰᠡᠨ ᠪᠠᠷᠢᠯᠭ᠎ᠠ ᠪᠠᠷᠢᠬᠤ ᠵᠢᠷᠤᠭ ᠤᠨ ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ ᠪᠠ ︽ᠰᠠᠭᠠᠳ ᠦᠬᠡᠢ ᠶᠢᠨ ᠪᠡᠯᠡᠳᠬᠡᠮᠵᠢ ᠶᠢᠨ ᠪᠠᠷᠢᠯᠭ᠎ᠠ ᠶᠢ ᠰᠢᠯᠭᠠᠵᠦ ᠬᠤᠷᠢᠶᠠᠨ ᠠᠪᠬᠤ ᠪᠠ ᠬᠠᠮᠠᠭᠠᠯᠠᠬᠤ ᠵᠢᠷᠤᠮᠵᠢᠯ︾ ᠵᠡᠷᠬᠡ ᠪᠠᠷᠢᠯᠭ᠎ᠠ ᠪᠠᠷᠢᠬᠤ ᠬᠠᠮᠢᠶ᠎ᠠ ᠪᠦᠭᠦᠢ ᠮᠡᠷᠬᠡᠵᠢᠯ ᠤᠨ ᠪᠠᠷᠢᠮᠵᠢᠶ᠎ᠠ ᠶᠢ ᠦᠨᠳᠦᠰᠦᠯᠡᠵᠦ᠂ ᠰᠠᠭᠠᠳ ᠦᠬᠡᠢ ᠶᠢᠨ ᠪᠡᠯᠡᠳᠬᠡᠮᠵᠢ ᠶᠢᠨ ᠪᠠᠷᠢᠯᠭ᠎ᠠ ᠶᠢ ᠪᠠᠷᠢᠬᠤ ᠶᠢᠨ ᠬᠠᠮᠳᠤ᠂ ᠪᠠᠷᠢᠯᠭ᠎ᠠ ᠪᠠᠷᠢᠬᠤ ᠶᠠᠰᠤ ᠴᠢᠨᠠᠷ ᠲᠤ ᠬᠠᠷᠢᠭᠤᠴᠠᠬᠤ ᠬᠡᠷᠡᠭᠳᠡᠢ᠃      ᠪᠠᠷᠢᠯᠭ᠎ᠠ ᠶᠢᠨ ᠬᠢᠨᠠᠨ ᠬᠠᠮᠢᠶᠠᠷᠬᠤ ᠨᠢᠬᠡᠴᠡ ᠨᠢ ᠵᠠᠪᠠᠯ ᠬᠢᠨᠠᠨ ᠪᠠᠶᠢᠴᠠᠭᠠᠯᠳᠠ ᠳᠤ ᠬᠢᠷᠢ ᠲᠡᠩᠴᠡᠭᠰᠡᠨ ᠪᠠᠷᠢᠯᠭ᠎ᠠ ᠪᠠᠷᠢᠬᠤ ᠵᠢᠷᠤᠭ ᠤᠨ ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ ᠪᠠ ︽ᠰᠠᠭᠠᠳ ᠦᠬᠡᠢ ᠶᠢᠨ ᠪᠡᠯᠡᠳᠬᠡᠮᠵᠢ ᠶᠢᠨ ᠪᠠᠷᠢᠯᠭ᠎ᠠ ᠶᠢ ᠰᠢᠯᠭᠠᠵᠦ ᠬᠤᠷᠢᠶᠠᠨ ᠠᠪᠬᠤ ᠪᠠ ᠬᠠᠮᠠᠭᠠᠯᠠᠬᠤ ᠵᠢᠷᠤᠮᠵᠢᠯ︾ ᠵᠡᠷᠬᠡ ᠪᠠᠷᠢᠯᠭ᠎ᠠ ᠪᠠᠷᠢᠬᠤ᠂ ᠰᠢᠯᠭᠠᠵᠦ ᠬᠤᠷᠢᠶᠠᠨ ᠠᠪᠬᠤ ᠬᠠᠮᠢᠶ᠎ᠠ ᠪᠦᠭᠦᠢ ᠲᠦᠷᠢᠮᠯᠡᠯ ᠢ ᠦᠨᠳᠦᠰᠦᠯᠡᠨ᠂ ᠰᠠᠭᠠᠳ ᠦᠬᠡᠢ ᠶᠢᠨ ᠪᠡᠯᠡᠳᠬᠡᠮᠵᠢ ᠶᠢᠨ ᠪᠠᠷᠢᠯᠭ᠎ᠠ ᠪᠠᠷᠢᠨᠨᠰᠠᠨ ᠶᠠᠰᠤ ᠴᠢᠨᠠᠷ ᠢ ᠬᠢᠨᠠᠨ ᠬᠠᠮᠢᠶᠠᠷᠬᠤ ᠶᠢᠨ ᠬᠠᠮᠳᠤ᠂ ᠪᠠᠷᠢᠯᠭ᠎ᠠ ᠪᠠᠷᠢᠬᠤ ᠶᠠᠰᠤ ᠴᠢᠨᠠᠷ ᠲᠤ ᠬᠢᠨᠠᠨ ᠬᠠᠮᠢᠶᠠᠷᠬᠤ ᠬᠠᠷᠢᠭᠤᠴᠠᠯᠭ᠎ᠠ ᠡᠭᠦᠷᠬᠡᠯᠡᠬᠦ ᠬᠡᠷᠡᠭᠳᠡᠢ᠃      ᠪᠦᠳᠦᠬᠡᠨ ᠪᠠᠶᠢᠭᠤᠯᠬᠤ ᠨᠢᠬᠡᠴᠡ ᠨᠢ ᠪᠦᠳᠦᠬᠡᠨ ᠪᠠᠶᠢᠭᠤᠯᠵᠦ ᠲᠠᠭᠤᠰᠤᠨᠨᠰᠠᠨ ᠪᠠᠷᠢᠯᠭ᠎ᠠ ᠶᠢ ᠰᠢᠯᠭᠠᠵᠦ ᠬᠤᠷᠢᠶᠠᠨ ᠠᠪᠬᠤ ᠶᠢ ᠵᠤᠬᠢᠶᠠᠨ ᠪᠠᠶᠢᠭᠤᠯᠬᠤ ᠳᠤ᠂ ᠰᠠᠭᠠᠳ ᠦᠬᠡᠢ ᠶᠢᠨ ᠪᠡᠯᠡᠳᠬᠡᠮᠵᠢ ᠶᠢ ᠵᠡᠷᠬᠡ ᠳᠤᠨᠢ ᠰᠢᠯᠭᠠᠵᠦ ᠬᠤᠷᠢᠶᠠᠨ ᠠᠪᠬᠤ ᠬᠡᠷᠡᠭᠳᠡᠢ᠃ ᠰᠠᠭᠠᠳ ᠦᠬᠡᠢ ᠶᠢᠨ ᠪᠡᠯᠡᠳᠬᠡᠮᠵᠢ ᠨᠢ ᠬᠢᠨᠠᠨ ᠪᠠᠶᠢᠴᠠᠭᠠᠯᠳᠠ ᠳᠤ ᠬᠢᠷᠢ ᠲᠡᠩᠴᠡᠭᠰᠡᠨ ᠪᠠᠷᠢᠯᠭ᠎ᠠ ᠪᠠᠷᠢᠬᠤ ᠵᠢᠷᠤᠭ ᠤᠨ ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ ᠪᠠ ︽ᠰᠠᠭᠠᠳ ᠦᠬᠡᠢ ᠶᠢᠨ ᠪᠡᠯᠡᠳᠬᠡᠮᠵᠢ ᠶᠢᠨ ᠪᠠᠷᠢᠯᠭ᠎ᠠ ᠶᠢ ᠰᠢᠯᠭᠠᠵᠦ ᠬᠤᠷᠢᠶᠠᠨ ᠠᠪᠬᠤ ᠪᠠ ᠬᠠᠮᠠᠭᠠᠯᠠᠬᠤ ᠵᠢᠷᠤᠮᠵᠢᠯ︾ ᠵᠡᠷᠬᠡ ᠪᠠᠷᠢᠯᠭ᠎ᠠ ᠪᠠᠷᠢᠬᠤ ᠬᠠᠮᠢᠶ᠎ᠠ ᠪᠦᠭᠦᠢ ᠮᠡᠷᠬᠡᠵᠢᠯ ᠤᠨ ᠪᠠᠷᠢᠮᠵᠢᠶ᠎ᠠ ᠶᠢ ᠦᠨᠳᠦᠰᠦᠯᠡᠭᠰᠡᠨ ᠦᠬᠡᠢ ᠪᠠᠶᠢᠪᠠᠯ᠂ ᠪᠠᠷᠢᠯᠭ᠎ᠠ ᠲᠠᠭᠤᠰᠤᠨᠨᠰᠠᠨ ᠢ ᠨᠢ ᠰᠢᠯᠭᠠᠵᠦ ᠬᠤᠷᠢᠶᠠᠨ ᠠᠪᠬᠤ ᠪᠠᠷ ᠦᠩᠬᠡᠷᠡᠬᠡᠵᠦ ᠪᠤᠯᠬᠤ ᠦᠬᠡᠢ᠃      ᠠᠷᠪᠠᠨ ᠲᠦᠷᠪᠡᠳᠦᠬᠡᠷ ᠵᠦᠢᠯ ᠰᠠᠭᠠᠳ ᠦᠬᠡᠢ ᠶᠢᠨ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠶᠢ ᠵᠠᠪᠠᠯ ᠠᠮᠤᠷ ᠲᠦᠪᠰᠢᠨ᠂ ᠬᠡᠷᠡᠭᠯᠡᠬᠦ ᠳᠤ ᠲᠤᠬᠢᠷᠠᠮᠵᠢᠳᠠᠢ ᠪᠠ ᠬᠢᠯᠪᠡᠷ ᠲᠦᠭᠦᠮ ᠪᠠᠶᠢᠯᠭᠠᠬᠤ ᠦᠨᠳᠦᠰᠦᠨ ᠱᠠᠭᠠᠷᠳᠠᠯᠭ᠎ᠠ ᠳᠤ ᠨᠡᠶᠢᠴᠡᠬᠦᠯᠬᠦ ᠶᠢᠨ ᠬᠠᠮᠳᠤ᠂ ᠲᠤᠤᠷᠠᠬᠢ ᠲᠤᠨᠨᠳᠠᠭᠠᠯ ᠢ ᠵᠢᠷᠤᠮᠯᠠᠬᠤ ᠬᠡᠷᠡᠭᠳᠡᠢ᠄      ︵ᠨᠢᠬᠡ︶ ᠬᠤᠳᠠ ᠶᠢᠨ ᠭᠤᠤᠯ ᠵᠠᠮ᠂ ᠬᠤᠳᠠᠯᠳᠤᠭᠠᠨ ᠤ ᠭᠤᠤᠯ ᠲᠤᠭᠤᠷᠢᠭ᠂ ᠤᠷᠤᠨ ᠰᠠᠭᠤᠴᠠ ᠶᠢᠨ ᠲᠤᠮᠤ ᠲᠤᠭᠤᠷᠢᠭ ᠲᠠᠬᠢ ᠵᠤᠷᠴᠢᠬᠤ ᠵᠦᠷᠢᠯᠬᠡ ᠭᠦᠭᠦᠷᠬᠡ ᠪᠠ ᠭᠠᠵᠠᠷ ᠲᠤᠤᠷᠠᠬᠢ ᠬᠤᠩᠬᠢᠯ ᠵᠠᠮ ᠳᠤ ᠵᠠᠪᠠᠯ ᠰᠠᠭᠠᠳ ᠦᠬᠡᠢ ᠶᠢᠨ ᠪᠡᠯᠡᠳᠬᠡᠮᠵᠢ ᠶᠢᠨ ᠪᠠᠷᠢᠯᠭ᠎ᠠ ᠪᠠᠶᠢᠭᠤᠯᠬᠤ ᠪᠠᠷᠢᠮᠵᠢᠶ᠎ᠠ ᠶᠤᠰᠤᠭᠠᠷ ᠰᠠᠭᠠᠳ ᠦᠬᠡᠢ ᠶᠢᠨ ᠪᠡᠯᠡᠳᠬᠡᠮᠵᠢ ᠲᠤᠬᠢᠷᠠᠭᠤᠯᠬᠤ ᠬᠡᠷᠡᠭᠳᠡᠢ᠃ ᠶᠠᠪᠠᠭᠠᠨ ᠭᠦᠮᠦᠨ ᠤ ᠵᠠᠮ ᠤᠨ ᠠᠭᠤᠯᠵᠠᠭᠤᠷ᠂ ᠤᠯᠠᠨ ᠨᠡᠶᠢᠳᠡ ᠶᠢᠨ ᠬᠡᠷ ᠪᠠᠷᠢᠯᠭ᠎ᠠ ᠶᠢᠨ ᠭᠠᠵᠠᠷ ᠤᠨ ᠭᠠᠳᠠᠷᠭᠤ ᠶᠢ ᠲᠡᠭᠰᠢ ᠪᠠᠶᠢᠯᠭᠠᠬᠤ ᠪᠦᠬᠡᠳ ᠬᠠᠯᠳᠤᠷᠢᠬᠤ ᠠᠴᠠ ᠰᠡᠷᠬᠡᠶᠢᠯᠡᠵᠦ᠂ ᠤᠷᠤᠵᠦ ᠭᠠᠷᠬᠤ ᠭᠠᠵᠠᠷ ᠲᠤ ᠵᠠᠪᠠᠯ ᠭᠦᠷᠳᠦᠳᠦ ᠰᠠᠨᠳᠠᠯᠢ ᠦᠩᠬᠡᠷᠡᠬᠦ ᠨᠠᠯᠠᠤ ᠵᠠᠮ ᠭᠠᠷᠭᠠᠬᠤ ᠬᠡᠷᠡᠭᠳᠡᠢ︔      ︵ᠬᠤᠶᠠᠷ︶ ᠬᠠᠷᠠᠭ᠎ᠠ ᠠᠯᠳ᠋ᠬᠠᠰᠠᠳ ᠤᠨ ᠶᠠᠪᠤᠬᠤ ᠵᠠᠮ ᠢ ᠲᠡᠪᠢᠰᠬᠦ ᠳᠤ ᠵᠠᠪᠠᠯ ᠵᠠᠯᠭᠠᠯᠳᠤᠭᠤᠯᠵᠦ᠂ ᠤᠶᠢᠷ᠎ᠠ ᠬᠠᠪᠢ ᠳᠠᠬᠢ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠵᠤᠨᠨᠰᠤᠬᠤ ᠦᠷᠳᠡᠭᠡ᠂ ᠵᠠᠮ ᠤᠨᠨᠳᠤᠯᠵᠦ ᠭᠠᠷᠬᠤ ᠵᠦᠷᠢᠯᠬᠡ ᠭᠦᠭᠦᠷᠬᠡ᠂ ᠤᠯᠠᠨ ᠨᠡᠶᠢᠳᠡ ᠶᠢᠨ ᠪᠠᠷᠢᠯᠭ᠎ᠠ ᠶᠢᠨ ᠰᠠᠭᠠᠳ ᠦᠬᠡᠢ ᠶᠢᠨ ᠪᠡᠯᠡᠳᠬᠡᠮᠵᠢ ᠲᠠᠢ ᠬᠠᠷᠢᠯᠴᠠᠨ ᠵᠠᠯᠭᠠᠯᠳᠤᠭᠤᠯᠬᠤ ᠶᠢᠨ ᠬᠠᠮᠳᠤ᠂ ᠴᠠᠬᠢᠯᠭᠠᠨ ᠤᠳᠠᠰᠤᠨ ᠤ ᠱᠤᠩ᠂ ᠤᠳᠠᠰᠤ᠂ ᠭᠠᠵᠠᠷ ᠲᠤᠤᠷᠠᠬᠢ ᠶᠢ ᠪᠠᠶᠢᠴᠠᠭᠠᠬᠤ ᠬᠤᠳᠳᠤᠭ᠂ ᠮᠤᠳᠤ ︵ᠨᠦᠬᠡ︶ ᠵᠡᠷᠬᠡ ᠰᠠᠭᠠᠳ ᠪᠤᠯᠬᠤ ᠪᠤᠳᠠᠰ ᠠᠴᠠ ᠵᠠᠶᠢᠯᠠᠭᠤᠯᠬᠤ ᠬᠡᠷᠡᠭᠳᠡᠢ︔      ︵ᠭᠤᠷᠪᠠ︶ ᠤᠯᠠᠨ ᠨᠡᠶᠢᠳᠡ ᠶᠢᠨ ᠪᠠᠷᠢᠯᠭ᠎ᠠ᠂ ᠲᠡᠤᠬᠡ ᠰᠤᠶᠤᠯ ᠤᠨ ᠬᠠᠮᠠᠭᠠᠯᠠᠯᠳᠠ ᠶᠢᠨ ᠨᠢᠬᠡᠴᠡ ᠶᠢᠨ ᠪᠠᠷᠢᠯᠭ᠎ᠠ ᠳᠠᠬᠢ ᠪᠢᠯᠧᠲ ᠬᠤᠳᠠᠯᠳᠤᠬᠤ ᠭᠠᠵᠠᠷ᠂ ᠦᠢᠯᠡᠴᠢᠯᠡᠬᠦ ᠲᠠᠶᠢᠰᠠ᠂ ᠤᠯᠠᠨ ᠨᠡᠶᠢᠳᠡ ᠶᠢᠨ ᠤᠳᠠᠰᠤ᠂ ᠤᠤᠭᠤᠬᠤ ᠤᠰᠤᠨ ᠤ ᠰᠠᠪᠠ ᠵᠡᠷᠬᠡ ᠤᠠᠯᠨ ᠨᠡᠶᠢᠳᠡ ᠶᠢᠨ ᠪᠡᠯᠡᠳᠬᠡᠮᠵᠢ ᠳᠤ ᠵᠠᠪᠠᠯ ᠦᠢᠯᠡᠴᠢᠯᠡᠬᠡᠨ ᠤ ᠪᠤᠭᠤᠨᠢᠬᠠᠨ ᠪᠡᠯᠡᠳᠬᠡᠮᠵᠢ ᠲᠤᠬᠢᠷᠠᠭᠤᠯᠬᠤ ᠬᠡᠷᠡᠭᠳᠡᠢ︔      ︵ᠲᠦᠷᠪᠡ︶ ᠤᠯᠠᠨ ᠨᠡᠶᠢᠳᠡ ᠶᠢᠨ ᠪᠠᠷᠢᠯᠭ᠎ᠠ᠂ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠪᠡᠯᠡᠳᠬᠡᠮᠵᠢ ᠶᠢᠨ ᠰᠢᠯ ᠡᠭᠦᠳᠡ᠂ ᠰᠢᠯ ᠬᠡᠷᠡᠮ᠂ ᠠᠰᠠᠷ ᠤᠨ ᠱᠠᠳᠤ᠂ ᠴᠠᠬᠢᠯᠭᠠᠨ ᠱᠠᠳᠤᠨ ᠤ ᠡᠭᠦᠳᠡ ᠪᠠ ᠨᠡᠪᠳᠡᠷᠡᠬᠦ ᠬᠤᠩᠬᠢᠯ ᠵᠡᠷᠬᠡ ᠭᠠᠵᠠᠷ ᠲᠤ ᠵᠠᠪᠠᠯ ᠰᠡᠷᠡᠮᠵᠢᠯᠡᠬᠦᠯᠬᠦ ᠲᠡᠮᠳᠡᠭ᠂ ᠲᠤᠬᠢᠶ᠎ᠠ ᠪᠤᠶᠤ ᠵᠢᠭᠠᠯᠳᠠ ᠶᠢᠨ ᠲᠤᠨᠤᠨᠨᠯᠠᠯ ᠲᠤᠬᠢᠷᠠᠭᠤᠯᠬᠤ ᠬᠡᠷᠡᠭᠳᠡᠢ︔      ︵ᠲᠠᠪᠤ︶ ᠬᠤᠳᠠ ᠶᠢᠨ ᠭᠤᠤᠯ ᠵᠠᠮ᠂ ᠬᠤᠳᠠᠯᠳᠤᠭᠠᠨ ᠤ ᠭᠤᠤᠯ ᠲᠤᠭᠤᠷᠢᠭ ᠪᠠ ᠤᠷᠤᠨ ᠰᠠᠭᠤᠴᠠ ᠶᠢᠨ ᠲᠤᠮᠤ ᠲᠤᠭᠤᠷᠢᠭ ᠲᠠᠬᠢ ᠶᠠᠪᠠᠭᠠᠨ ᠭᠦᠮᠦᠨ ᠤ ᠵᠤᠷᠴᠢᠬᠤ ᠵᠠᠮ ᠤᠨ ᠲᠤᠬᠢᠶᠠᠨ ᠳ᠋ᠧᠩ ᠳᠤ ᠵᠠᠪᠠᠯ ᠵᠠᠮ ᠤᠨᠨᠳᠤᠯᠵᠦ ᠭᠠᠷᠬᠤ ᠶᠢ ᠲᠠᠭᠤᠨ ᠢᠶᠠᠷ ᠰᠠᠨᠠᠭᠤᠯᠬᠤ ᠲᠤᠨᠤᠨᠨᠯᠠᠯ ᠲᠤᠬᠢᠷᠠᠭᠤᠯᠬᠤ ᠬᠡᠷᠡᠭᠳᠡᠢ᠃ ᠰᠢᠨ᠎ᠠ ᠪᠠᠷ ᠪᠠᠶᠢᠭᠤᠯᠤᠨᠨᠰᠠᠨ ᠵᠠᠮ ᠬᠠᠷᠢᠯᠴᠠᠭᠠᠨ ᠤ ᠲᠤᠬᠢᠶᠠᠨ ᠳ᠋ᠧᠩ ᠳᠤ ᠵᠠᠪᠠᠯ ᠵᠠᠮ ᠤᠨᠨᠳᠤᠯᠵᠦ ᠭᠠᠷᠬᠤ ᠶᠢ ᠲᠠᠭᠤᠨ ᠢᠶᠠᠷ ᠰᠠᠨᠠᠭᠤᠯᠬᠤ ᠲᠤᠨᠤᠨᠨᠯᠠᠯ ᠲᠤᠬᠢᠷᠠᠭᠤᠯᠬᠤ ᠬᠡᠷᠡᠭᠳᠡᠢ᠃      ᠰᠠᠭᠠᠳ ᠦᠬᠡᠢ ᠶᠢᠨ ᠪᠡᠯᠡᠳᠬᠡᠮᠵᠢ ᠶᠢ ᠵᠠᠪᠠᠯ ᠤᠯᠠᠨ ᠤᠯᠤᠰ ᠲᠤ ᠨᠡᠶᠢᠳᠡᠮ ᠬᠡᠷᠡᠭᠯᠡᠭᠳᠡᠵᠦ ᠪᠠᠶᠢᠭ᠎ᠠ ᠰᠠᠭᠠᠳ ᠦᠬᠡᠢ ᠶᠢᠨ ᠲᠡᠮᠳᠡᠭ ᠶᠤᠰᠤᠭᠠᠷ ᠲᠤᠬᠢᠷᠠᠭᠤᠯᠵᠦ᠂ ᠵᠠᠮ᠂ ᠤᠯᠠᠨ ᠨᠡᠶᠢᠳᠡ ᠶᠢᠨ ᠲᠠᠯᠠᠪᠤᠷ ᠭᠠᠵᠠᠷ ᠲᠠᠬᠢ ᠰᠠᠭᠠᠳ ᠦᠬᠡᠢ ᠶᠢᠨ ᠪᠡᠯᠡᠳᠬᠡᠮᠵᠢ ᠶᠢᠨ ᠵᠢᠷᠤᠭ ᠲᠦᠷᠰᠦᠳᠦ ᠢᠯᠭᠠᠬᠤ ᠲᠡᠮᠳᠡᠭ᠂ ᠲᠡᠮᠳᠡᠭ ᠢ ᠵᠠᠪᠠᠯ ᠤᠯᠤᠰ ᠵᠢᠴᠢ ᠤᠷᠤᠨ ᠨᠤᠳᠤᠭ ᠤᠨ ᠪᠠᠷᠢᠮᠵᠢᠶ᠎ᠠ ᠶᠤᠰᠤᠭᠠᠷ ᠲᠤᠬᠢᠷᠠᠭᠤᠯᠬᠤ ᠬᠡᠷᠡᠭᠳᠡᠢ᠃ ᠰᠠᠭᠠᠳ ᠦᠬᠡᠢ ᠶᠢᠨ ᠲᠡᠮᠳᠡᠭ ᠢ ᠵᠠᠪᠠᠯ ᠢᠯᠡ ᠪᠠᠶᠢᠷᠢᠨ ᠳᠤ ᠲᠤᠬᠢᠷᠠᠭᠤᠯᠵᠦ᠂ ᠠᠭᠤᠯᠭ᠎ᠠ ᠶᠢ ᠨᠢ ᠢᠯᠡ ᠲᠤᠳᠤ᠂ ᠵᠢᠷᠤᠮᠵᠢᠯ ᠲᠠᠢ ᠪᠠᠶᠢᠯᠭᠠᠬᠤ ᠬᠡᠷᠡᠭᠳᠡᠢ᠃      ᠠᠷᠪᠠᠨ ᠲᠠᠪᠤᠳᠤᠭᠠᠷ ᠵᠦᠢᠯ ᠰᠠᠭᠠᠳ ᠦᠬᠡᠢ ᠶᠢᠨ ᠪᠡᠯᠡᠳᠬᠡᠮᠵᠢ ᠶᠢᠨ ᠦᠮᠴᠢᠯᠡᠬᠦ ᠡᠷᠬᠡ ᠲᠠᠢ ᠭᠦᠮᠦᠨ ᠪᠠ ᠬᠠᠮᠢᠶᠠᠷᠬᠤ ᠭᠦᠮᠦᠨ ᠨᠢ ᠵᠠᠪᠠᠯ ᠰᠠᠭᠠᠳ ᠦᠬᠡᠢ ᠶᠢᠨ ᠪᠡᠯᠡᠳᠬᠡᠮᠵᠢ ᠶᠢ ᠬᠠᠮᠠᠭᠠᠯᠠᠨ᠂ ᠡᠪᠳᠡᠨ ᠰᠦᠢᠳᠬᠡᠭᠳᠡᠬᠦ ᠪᠤᠶᠤ ᠰᠠᠭᠠᠳ ᠲᠤᠳᠬᠠᠷ ᠭᠠᠷᠪᠠᠯ ᠴᠠᠭ ᠲᠤᠬᠠᠢ ᠳᠤᠨᠢ ᠰᠡᠯᠪᠢᠨ ᠵᠠᠰᠠᠵᠦ᠂ ᠰᠠᠭᠠᠳ ᠦᠬᠡᠢ ᠶᠢᠨ ᠪᠡᠯᠡᠳᠬᠡᠮᠵᠢ ᠶᠢᠨ ᠬᠡᠪ ᠢᠶᠠᠷ ᠬᠡᠷᠡᠭᠯᠡᠭᠳᠡᠬᠦ ᠶᠢ ᠦᠨᠡᠨᠬᠦ ᠪᠠᠳᠤᠯᠠᠬᠤ ᠬᠡᠷᠡᠭᠳᠡᠢ᠃      ᠠᠷᠪᠠᠨ ᠵᠢᠷᠭᠤᠳᠤᠭᠠᠷ ᠵᠦᠢᠯ ᠰᠠᠭᠠᠳ ᠦᠬᠡᠢ ᠶᠢᠨ ᠪᠡᠯᠡᠳᠬᠡᠮᠵᠢ ᠶᠢ ᠡᠪᠳᠡᠨ ᠰᠦᠢᠳᠬᠡᠬᠦ᠂ ᠲᠤᠷ᠎ᠠ ᠪᠠᠷ ᠡᠵᠡᠯᠡᠵᠦ ᠬᠡᠷᠡᠭᠯᠡᠬᠦ ᠪᠤᠶᠤ ᠬᠡᠷᠡᠭᠯᠡᠬᠡᠨ ᠢ ᠨᠢ ᠦᠬᠡᠷᠡᠴᠢᠯᠡᠬᠦ ᠶᠢ ᠡᠷᠡᠰ ᠬᠤᠷᠢᠨᠨᠯᠠᠬᠤ ᠬᠡᠷᠡᠭᠳᠡᠢ᠃      ᠬᠤᠳᠠ ᠶᠢᠨ ᠪᠦᠳᠦᠬᠡᠨ ᠪᠠᠶᠢᠭᠤᠯᠤᠯᠳᠠ᠂ ᠨᠡᠶᠢᠬᠡᠮ ᠤᠨ ᠠᠰᠠᠷᠠᠮᠵᠢ ᠶᠢᠨ ᠠᠵᠢᠯᠯᠠᠭ᠎ᠠ ᠵᠡᠷᠬᠡ ᠰᠢᠯᠳᠠᠭᠠᠨ ᠠᠴᠠ ᠪᠤᠯᠵᠦ ᠬᠤᠳᠠ ᠶᠢᠨ ᠵᠠᠮ ᠢ ᠲᠦᠷ ᠴᠠᠭ ᠡᠵᠡᠯᠡᠨ ᠬᠡᠷᠡᠭᠯᠡᠬᠦ ᠴᠢᠬᠤᠯᠠ ᠲᠠᠢ ᠪᠠᠶᠢᠪᠠᠯ᠂ ᠰᠠᠭᠠᠳ ᠦᠬᠡᠢ ᠶᠢᠨ ᠪᠡᠯᠡᠳᠬᠡᠮᠵᠢ ᠶᠢ ᠡᠵᠡᠯᠡᠵᠦ ᠬᠡᠷᠡᠭᠯᠡᠬᠦ ᠠᠴᠠ ᠵᠠᠶᠢᠯᠠᠰᠬᠢᠬᠤ ᠬᠡᠷᠡᠭᠳᠡᠢ︔ ᠡᠷᠬᠡᠪᠰᠢ ᠡᠵᠡᠯᠡᠨ ᠬᠡᠷᠡᠭᠯᠡᠬᠦ ᠴᠢᠬᠤᠯᠠ ᠲᠠᠢ ᠪᠠᠶᠢᠪᠠᠯ᠂ ᠰᠠᠭᠠᠳ ᠦᠬᠡᠢ ᠶᠢᠨ ᠪᠡᠯᠡᠳᠬᠡᠮᠵᠢ ᠶᠢᠨ ᠦᠮᠴᠢᠯᠡᠬᠦ ᠡᠷᠬᠡ ᠲᠠᠢ ᠭᠦᠮᠦᠨ ᠪᠤᠶᠤ ᠬᠠᠮᠢᠶᠠᠷᠬᠤ ᠭᠦᠮᠦᠨ ᠨᠢ ᠵᠦᠪᠰᠢᠶᠡᠷᠡᠭᠰᠡᠨ ᠪᠠᠶᠢᠬᠤ ᠬᠡᠷᠡᠭᠳᠡᠢ︔ ᠬᠠᠤᠯᠢ ᠶᠤᠰᠤᠭᠠᠷ ᠬᠤᠯᠪᠤᠨᠨᠳᠠᠯ ᠪᠦᠭᠦᠢ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠬᠦ ᠴᠢᠬᠤᠯᠠ ᠲᠠᠢ ᠪᠠᠶᠢᠪᠠᠯ᠂ ᠬᠤᠯᠪᠤᠨᠨᠳᠠᠯ ᠪᠦᠭᠦᠢ ᠰᠠᠯᠠᠭ᠎ᠠ ᠮᠦᠴᠢᠷ ᠲᠤ ᠮᠡᠳᠡᠭᠦᠯᠦᠨ ᠵᠦᠪᠰᠢᠶᠡᠷᠡᠭᠦᠯᠬᠦ ᠶᠢᠨ ᠬᠠᠮᠳᠤ᠂ ᠬᠠᠯᠬᠠᠪᠴᠢ ᠬᠡᠷᠡᠰᠬᠡ᠂ ᠰᠡᠷᠡᠮᠵᠢᠯᠡᠬᠦᠯᠬᠦ ᠲᠡᠮᠳᠡᠭ ᠪᠤᠶᠤ ᠲᠤᠬᠢᠶᠠᠨ ᠤ ᠪᠡᠯᠡᠳᠬᠡᠮᠵᠢ ᠲᠤᠬᠢᠷᠠᠭᠤᠯᠵᠦ᠂ ᠴᠢᠬᠤᠯᠠ ᠪᠦᠭᠦᠢ ᠤᠷᠤᠯᠠᠭᠤᠯᠬᠤ ᠠᠷᠭ᠎ᠠ ᠬᠡᠮᠵᠢᠶ᠎ᠡ ᠠᠪᠬᠤ ᠬᠡᠷᠡᠭᠳᠡᠢ᠃ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ ᠨᠢ ᠲᠤᠯᠪᠠᠯ᠂ ᠰᠠᠭᠠᠳ ᠦᠬᠡᠢ ᠶᠢᠨ ᠪᠡᠯᠡᠳᠬᠡᠮᠵᠢ ᠶᠢ ᠬᠡᠷᠡᠭᠯᠡᠬᠦ ᠦᠢᠯᠡᠳᠦᠯ ᠴᠢᠳᠠᠮᠵᠢ ᠶᠢ ᠨᠢ ᠴᠠᠭ ᠲᠤᠬᠠᠢ ᠳᠤᠨᠢ ᠰᠡᠷᠭᠦᠬᠡᠬᠦ ᠬᠡᠷᠡᠭᠳᠡᠢ᠃      ᠠᠷᠪᠠᠨ ᠲᠤᠯᠤᠳᠤᠭᠠᠷ ᠵᠦᠢᠯ ᠬᠤᠳᠠ ᠪᠠᠯᠭᠠᠰᠤᠨ ᠳᠤ ᠨᠢᠬᠡᠨᠳᠡ ᠪᠠᠶᠢᠭᠤᠯᠤᠨᠨᠰᠠᠨ ᠰᠠᠭᠠᠳ ᠦᠬᠡᠢ ᠶᠢᠨ ᠪᠡᠯᠡᠳᠬᠡᠮᠵᠢ ᠶᠢᠨ ᠪᠠᠷᠢᠯᠭ᠎ᠠ ᠪᠠᠶᠢᠭᠤᠯᠬᠤ ᠪᠠᠷᠢᠮᠵᠢᠶᠠᠨ ᠳᠤ ᠦᠯᠦ ᠨᠡᠶᠢᠴᠡᠬᠦ ᠵᠠᠮ᠂ ᠬᠤᠳᠠ ᠶᠢᠨ ᠠᠭᠤᠳᠠᠮ ᠲᠠᠯᠠᠪᠠᠢ᠂ ᠬᠤᠳᠠ ᠶᠢᠨ ᠵᠦᠯᠬᠡ ᠭᠠᠵᠠᠷ᠂ ᠤᠯᠠᠨ ᠨᠡᠶᠢᠳᠡ ᠶᠢᠨ ᠪᠠᠷᠢᠯᠭ᠎ᠠ᠂ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠪᠡᠯᠡᠳᠬᠡᠮᠵᠢ᠂ ᠤᠷᠤᠨ ᠰᠠᠭᠤᠴᠠ ᠶᠢᠨ ᠪᠠᠷᠢᠯᠭ᠎ᠠ᠂ ᠤᠷᠤᠨ ᠰᠠᠭᠤᠴᠠ ᠶᠢᠨ ᠲᠤᠭᠤᠷᠢᠭ ᠪᠠᠶᠢᠪᠠᠯ᠂ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠨᠢ ᠰᠠᠭᠠᠳ ᠦᠬᠡᠢ ᠶᠢᠨ ᠪᠡᠯᠡᠳᠬᠡᠮᠵᠢ ᠶᠢ ᠦᠬᠡᠷᠡᠴᠢᠯᠡᠨ ᠵᠠᠰᠠᠬᠤ ᠲᠦᠯᠦᠪᠯᠡᠭᠡ ᠲᠤᠨᠨᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠬᠦ ᠬᠡᠷᠡᠭᠳᠡᠢ᠃      ᠰᠠᠭᠠᠳ ᠦᠬᠡᠢ ᠶᠢᠨ ᠪᠡᠯᠡᠳᠬᠡᠮᠵᠢ ᠶᠢᠨ ᠦᠬᠡᠷᠡᠴᠢᠯᠡᠨ ᠰᠢᠨᠡᠳᠬᠡᠬᠦ ᠶᠢ ᠦᠮᠴᠢᠯᠡᠬᠦ ᠡᠷᠬᠡ ᠲᠠᠢ ᠭᠦᠮᠦᠨ ᠪᠤᠶᠤ ᠬᠠᠮᠢᠶᠠᠷᠬᠤ ᠭᠦᠮᠦᠨ ᠨᠢ ᠬᠠᠷᠢᠭᠤᠴᠠᠬᠤ ᠬᠡᠷᠡᠭᠳᠡᠢ᠃      ᠠᠷᠪᠠᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠨᠢ ᠡᠩ ᠲᠡᠷᠢᠬᠦᠨ ᠳᠤ ᠲᠤᠤᠷᠠᠬᠢ ᠪᠠᠶᠢᠭᠤᠯᠤᠮᠵᠢ᠂ ᠲᠠᠯᠠᠪᠤᠷ ᠭᠠᠵᠠᠷ ᠲᠠᠬᠢ ᠰᠠᠭᠠᠳ ᠦᠬᠡᠢ ᠶᠢᠨ ᠪᠡᠯᠡᠳᠬᠡᠮᠵᠢ ᠶᠢᠨ ᠦᠬᠡᠷᠡᠴᠢᠯᠡᠨ ᠵᠠᠰᠠᠬᠤ ᠶᠢ ᠠᠬᠢᠭᠤᠯᠬᠤ ᠬᠡᠷᠡᠭᠳᠡᠢ᠄      ︵ᠨᠢᠬᠡ︶ ᠤᠨᠴᠤᠭᠤᠢ ᠰᠤᠷᠭᠠᠨ ᠭᠦᠮᠦᠵᠢᠯ᠂ ᠡᠷᠡᠭᠦᠯᠵᠢᠯ᠂ ᠨᠠᠶᠢᠳᠠᠨ ᠲᠡᠵᠢᠬᠡᠯᠬᠡᠬᠦ᠂ ᠨᠡᠶᠢᠬᠡᠮ ᠤᠨ ᠠᠰᠠᠷᠠᠮᠵᠢ ᠵᠡᠷᠬᠡ ᠪᠠᠶᠢᠭᠤᠯᠤᠮᠵᠢ︔      ︵ᠬᠤᠶᠠᠷ︶ ᠲᠦᠷᠦ ᠶᠢᠨ ᠪᠠᠶᠢᠭᠤᠯᠭ᠎ᠠ ᠶᠢᠨ ᠤᠯᠠᠨ ᠨᠡᠶᠢᠳᠡ ᠶᠢᠨ ᠦᠢᠯᠡᠴᠢᠯᠡᠬᠡᠨ ᠤ ᠲᠠᠯᠠᠪᠤᠷ ᠭᠠᠵᠠᠷ︔      ︵ᠭᠤᠷᠪᠠ︶ ᠰᠤᠷᠭᠠᠭᠤᠯᠢ᠂ ᠡᠮᠨᠡᠯᠬᠡ ᠶᠢᠨ ᠬᠤᠷᠢᠶ᠎ᠠ᠂ ᠪᠡᠶ᠎ᠡ ᠶᠢᠨ ᠲᠠᠮᠢᠷ ᠤᠨ ᠲᠠᠯᠠᠪᠠᠢ ᠤᠷᠳᠤᠨ᠂ ᠨᠤᠮ ᠤᠨ ᠰᠠᠩ᠂ ᠰᠤᠶᠤᠯ ᠤᠨ ᠤᠷᠳᠤᠨ᠂ ᠮᠦᠽᠸᠢ᠂ ᠰᠢᠨᠵᠢᠯᠡᠬᠦ ᠤᠬᠠᠭᠠᠨ ᠮᠡᠷᠬᠡᠵᠢᠯ ᠤᠨ ᠤᠷᠳᠤᠨ᠂ ᠺᠢᠨᠤ᠋ ᠵᠦᠴᠦᠬᠡ ᠶᠢᠨ ᠲᠢᠶᠠᠲᠷ ᠵᠡᠷᠬᠡ ᠤᠯᠠᠨ ᠨᠡᠶᠢᠳᠡ ᠶᠢᠨ ᠦᠢᠯᠡᠴᠢᠯᠡᠬᠡᠨ ᠤ ᠲᠠᠯᠠᠪᠤᠷ ᠭᠠᠵᠠᠷ︔      ︵ᠲᠦᠷᠪᠡ︶ ᠨᠢᠰᠬᠡᠯ ᠤᠨ ᠪᠠᠭᠤᠳᠠᠯ᠂ ᠭᠠᠯᠳᠤ ᠲᠡᠷᠬᠡᠨ ᠤ ᠦᠷᠳᠡᠭᠡ᠂ ᠮᠠᠰᠢᠨ ᠲᠡᠷᠬᠡ ᠶᠢᠨ ᠠᠶᠠᠨᠴᠢᠨ ᠤ ᠲᠡᠬᠡᠬᠡᠪᠦᠷᠢ ᠶᠢᠨ ᠦᠷᠳᠡᠭᠡ ᠵᠡᠷᠬᠡ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠦᠢᠯᠡᠴᠢᠯᠡᠬᠡᠨ ᠤ ᠲᠠᠯᠠᠪᠤᠷ ᠭᠠᠵᠠᠷ︔      ︵ᠲᠠᠪᠤ︶ ᠮᠦᠩᠭᠦᠨ ᠭᠦᠢᠯᠬᠡᠬᠡ᠂ ᠰᠢᠤᠳᠠᠨ᠂ ᠴᠢᠮᠡᠭᠡ ᠬᠤᠯᠪᠤᠭ᠎ᠠ᠂ ᠬᠤᠳᠠᠯᠳᠤᠭᠠᠨ ᠤ ᠦᠢᠯᠡᠰ᠂ ᠵᠢᠭᠤᠯᠴᠢᠯᠠᠯ ᠵᠡᠷᠬᠡ ᠤᠯᠠᠨ ᠨᠡᠶᠢᠳᠡ ᠶᠢᠨ ᠦᠢᠯᠡᠴᠢᠯᠡᠬᠡᠨ ᠤ ᠲᠠᠯᠠᠪᠤᠷ ᠭᠠᠵᠠᠷ︔      ︵ᠵᠢᠷᠭᠤᠭ᠎ᠠ︶ ᠬᠤᠳᠠ ᠶᠢᠨ ᠭᠤᠤᠯ ᠵᠠᠮ᠂ ᠲᠠᠯᠠᠪᠠᠢ᠂ ᠵᠦᠯᠬᠡ ᠭᠠᠵᠠᠷ᠂ ᠴᠡᠴᠡᠷᠯᠢᠭ ᠵᠡᠷᠬᠡ ᠤᠯᠠᠨ ᠨᠡᠶᠢᠳᠡ ᠶᠢᠨ ᠦᠢᠯᠡᠴᠢᠯᠡᠬᠡᠨ ᠤ ᠲᠠᠯᠠᠪᠤᠷ ᠭᠠᠵᠠᠷ︔      ︵ᠲᠤᠯᠤᠭ᠎ᠠ︶ ᠵᠡᠮᠳᠡᠭᠴᠦᠳ ᠤᠨ ᠠᠵᠢᠯ᠂ ᠠᠮᠢᠳᠤᠷᠠᠯ ᠲᠠᠢ ᠨᠢᠨᠨᠳᠡ ᠬᠤᠯᠪᠤᠭ᠎ᠠ ᠪᠦᠭᠦᠢ ᠪᠤᠰᠤᠳ ᠦᠢᠯᠡᠴᠢᠯᠡᠬᠡᠨ ᠤ ᠲᠠᠯᠠᠪᠤᠷ ᠭᠠᠵᠠᠷ︔      ᠠᠷᠪᠠ ᠶᠢᠰᠦᠳᠦᠬᠡᠷ ᠵᠦᠢᠯ ᠤᠯᠠᠨ ᠨᠡᠶᠢᠳᠡ ᠶᠢᠨ ᠮᠠᠰᠢᠨ ᠲᠡᠷᠬᠡ᠂ ᠬᠤᠳᠠ ᠶᠢᠨ ᠵᠢᠮᠳᠤ ᠵᠠᠮ ᠬᠠᠷᠢᠯᠴᠠᠭᠠᠨ ᠤ ᠲᠡᠷᠬᠡ ᠭᠦᠰᠬᠡ ᠶᠢᠨ ᠵᠤᠨᠨᠰᠤᠬᠤ ᠦᠷᠳᠡᠭᠡ ᠳᠤ ᠬᠠᠷᠠᠭ᠎ᠠ ᠠᠯᠳ᠋ᠬᠠᠰᠠᠳ ᠤᠨ ᠲᠡᠮᠳᠡᠷᠢᠬᠦᠯ ᠦᠰᠦᠭ ᠲᠠᠢ ᠦᠷᠳᠡᠬᠡᠨ ᠫᠠᠶᠢᠰᠠ ᠲᠤᠬᠢᠷᠠᠭᠤᠯᠬᠤ ᠳᠤ᠂ ᠦᠷᠳᠡᠬᠡᠨ ᠫᠠᠶᠢᠰᠠ ᠶᠢᠨ ᠤᠷᠤᠨ ᠪᠠᠶᠢᠷᠢ᠂ ᠦᠨᠳᠦᠷᠴᠡ᠂ ᠬᠡᠯᠪᠡᠷᠢ ᠪᠠ ᠠᠭᠤᠯᠭ᠎ᠠ ᠶᠢ ᠵᠠᠪᠠᠯ ᠬᠠᠷᠠᠭ᠎ᠠ ᠨᠢ ᠰᠠᠭᠠᠳ ᠲᠠᠢ ᠭᠦᠮᠦᠰ ᠤᠨ ᠬᠡᠷᠡᠭᠯᠡᠬᠦ ᠳᠤ ᠲᠤᠬᠢᠷᠠᠭᠤᠯᠤᠨᠨᠰᠠᠨ ᠪᠠᠶᠢᠬᠤ ᠬᠡᠷᠡᠭᠳᠡᠢ᠃      ᠤᠯᠠᠨ ᠨᠡᠶᠢᠳᠡ ᠶᠢᠨ ᠮᠠᠰᠢᠨ ᠲᠡᠷᠬᠡ ᠪᠠ ᠵᠢᠮᠳᠤ ᠵᠠᠮ ᠬᠠᠷᠢᠯᠴᠠᠭᠠᠨ ᠤ ᠲᠡᠷᠬᠡ ᠭᠦᠰᠬᠡ ᠳᠤ ᠠᠯᠬᠤᠮ ᠠᠯᠬᠤᠮ ᠢᠶᠠᠷ ᠵᠤᠨᠨᠰᠤᠭᠠᠯ ᠦᠷᠳᠡᠭᠡ ᠶᠢ ᠦᠰᠦᠭ ᠲᠠᠢ ᠲᠡᠯᠬᠡᠴᠡ ᠂ ᠠᠪᠢᠶ᠎ᠠ ᠪᠠᠷ ᠮᠡᠳᠡᠬᠡᠯᠡᠬᠦ ᠲᠤᠨᠤᠨᠨᠯᠠᠯ ᠪᠠ ᠬᠠᠷᠠᠭ᠎ᠠ ᠨᠢ ᠰᠠᠭᠠᠳ ᠲᠠᠢ ᠭᠦᠮᠦᠰ ᠤᠨ ᠢᠯᠭᠠᠨ ᠲᠠᠨᠢᠵᠦ ᠴᠢᠳᠠᠬᠤᠶᠢᠴᠠ ᠲᠡᠷᠬᠡ ᠭᠦᠰᠬᠡ ᠶᠢᠨ ᠵᠠᠮᠴᠢᠯᠠᠬᠤ ᠰᠢᠰᠲ᠋ᠧᠮ ᠤᠨᠨᠰᠠᠷᠠᠬᠤ ᠬᠡᠷᠡᠭᠳᠡᠢ᠃      ᠬᠤᠷᠢᠳᠤᠭᠠᠷ ᠵᠦᠢᠯ ᠲᠤᠤᠷᠠᠬᠢ ᠲᠡᠷᠬᠡ ᠵᠤᠨᠨᠰᠤᠬᠤ ᠲᠠᠯᠠᠪᠤᠷ ᠲᠤ ᠵᠠᠪᠠᠯ ︽ᠰᠠᠭᠠᠳ ᠦᠬᠡᠢ ᠶᠢᠨ ᠵᠦᠢᠯᠡᠰ ᠢ ᠵᠢᠷᠤᠵᠦ ᠲᠦᠯᠦᠪᠯᠡᠬᠦ ᠵᠢᠷᠤᠮᠵᠢᠯ︾ ︽ᠬᠤᠳᠠ ᠶᠢᠨ ᠤᠯᠠᠨ ᠨᠡᠶᠢᠳᠡ ᠶᠢᠨ ᠲᠡᠷᠬᠡ ᠵᠤᠨᠨᠰᠤᠬᠤ ᠲᠡᠯᠠᠪᠤᠷ ᠤᠨ ᠪᠠᠷᠢᠯᠭ᠎ᠠ ᠶᠢᠨ ᠲᠦᠷᠦᠯ ᠵᠦᠢᠯ ᠢ ᠪᠦᠳᠦᠬᠡᠨ ᠪᠠᠶᠢᠭᠤᠯᠬᠤ ᠪᠠᠷᠢᠮᠵᠢᠶ᠎ᠠ︾ ᠵᠡᠷᠬᠡ ᠤᠯᠤᠰ ᠤᠨ ᠪᠠᠷᠢᠮᠵᠢᠶ᠎ᠠ ᠶᠤᠰᠤᠭᠠᠷ᠂ ᠶᠠᠪᠤᠵᠦ ᠵᠤᠷᠴᠢᠬᠤ ᠳᠤ ᠲᠦᠭᠦᠮ ᠪᠠᠶᠢᠬᠤ ᠤᠷᠤᠨ ᠪᠠᠶᠢᠷᠢ ᠳᠤ ᠰᠠᠭᠠᠳ ᠦᠬᠡᠢ ᠪᠠᠷ ᠲᠡᠷᠬᠡ ᠵᠤᠨᠨᠰᠤᠬᠤ ᠤᠷᠤ ᠶᠢ ᠲᠤᠬᠢᠷᠠᠭᠤᠯᠬᠤ ᠶᠢᠨ ᠬᠠᠮᠳᠤ ᠲᠤᠳᠤᠷᠬᠠᠶᠢᠯᠠᠬᠤ ᠬᠡᠷᠡᠭᠳᠡᠢ᠄      ︵ᠨᠢᠬᠡ︶ ᠲᠦᠷᠦ ᠶᠢᠨ ᠪᠠᠶᠢᠭᠤᠯᠭ᠎ᠠ ᠶᠢᠨ ᠤᠯᠠᠨ ᠨᠡᠶᠢᠳᠡ ᠶᠢᠨ ᠦᠢᠯᠡᠴᠢᠯᠡᠬᠡᠨ ᠤ ᠲᠠᠯᠠᠪᠤᠷ ᠭᠠᠵᠠᠷ ᠲᠠᠬᠢ ᠲᠡᠷᠬᠡ ᠵᠤᠨᠨᠰᠤᠭᠠᠬᠤ ᠲᠠᠯᠠᠪᠤᠷ︔      ︵ᠬᠤᠶᠠᠷ︶ ᠲᠤᠮᠤ ᠬᠡᠯᠪᠡᠷᠢ ᠶᠢᠨ ᠬᠤᠳᠠᠯᠳᠤᠭᠠᠨ ᠤ ᠭᠠᠵᠠᠷ᠂ ᠬᠤᠶᠠᠳᠤᠭᠠᠷ ᠲᠡᠰ ᠠᠴᠠ ᠲᠡᠬᠡᠭᠰᠢᠬᠢ ᠡᠮᠨᠡᠯᠬᠡ ᠶᠢᠨ ᠬᠤᠷᠢᠶ᠎ᠠ᠂ ᠭᠤᠷᠪᠠᠨ ᠤᠳᠤ ᠲᠠᠢ ᠶᠢᠨ ᠲᠡᠰ ᠠᠴᠠ ᠲᠡᠬᠡᠭᠰᠢᠬᠢ ᠪᠠᠭᠤᠳᠠᠯ ᠤᠨ ᠲᠡᠷᠬᠡ ᠵᠤᠨᠨᠰᠤᠭᠠᠬᠤ ᠲᠠᠯᠠᠪᠤᠷ︔      ︵ᠭᠤᠷᠪᠠ︶ ᠵᠡᠮᠳᠡᠭᠴᠦᠳ ᠤᠨ ᠦᠢᠯᠡᠴᠢᠯᠡᠭᠡ᠂ ᠤᠨᠴᠤᠭᠤᠢ ᠰᠤᠷᠭᠠᠨ ᠭᠦᠮᠦᠵᠢᠯ᠂ ᠡᠷᠡᠭᠦᠯᠵᠢᠯ᠂ ᠨᠠᠶᠢᠳᠠᠨ ᠲᠡᠵᠢᠬᠡᠯᠬᠡᠬᠦ᠂ ᠪᠤᠯᠪᠠᠰᠤᠷᠭᠠᠤᠯᠤᠯ ᠵᠡᠷᠬᠡ ᠪᠠᠶᠢᠭᠤᠯᠤᠮᠵᠢ ᠶᠢᠨ ᠦᠢᠯᠡᠴᠢᠯᠡᠬᠡᠨ ᠤ ᠲᠠᠯᠠᠪᠤᠷ ᠭᠠᠵᠠᠷ ᠤᠨ ᠲᠡᠷᠬᠡ ᠵᠤᠨᠨᠰᠤᠭᠠᠬᠤ ᠲᠠᠯᠠᠪᠤᠷ︔      ︵ᠲᠦᠷᠪᠡ︶ ᠲᠡᠷᠬᠡ ᠵᠤᠨᠨᠰᠤᠬᠤ ᠤᠷᠤ ᠨᠢ ᠲᠠᠪᠢ ᠠᠴᠠ ᠲᠡᠬᠡᠭᠰᠢᠬᠢ ᠪᠠᠶᠢᠬᠤ ᠤᠯᠠᠨ ᠨᠡᠶᠢᠳᠡ ᠶᠢᠨ ᠲᠡᠷᠬᠡ ᠵᠤᠨᠨᠰᠤᠭᠠᠬᠤ ᠲᠠᠯᠠᠪᠤᠷ︔      ︵ᠲᠠᠪᠤ︶ ᠤᠷᠤᠨ ᠰᠠᠭᠤᠴᠠ ᠶᠢᠨ ᠲᠤᠮᠤ ᠲᠤᠭᠤᠷᠢᠭ ᠲᠠᠬᠢ ᠤᠯᠠᠨ ᠨᠡᠶᠢᠳᠡ ᠶᠢᠨ ᠲᠡᠷᠬᠡ ᠵᠤᠨᠨᠰᠤᠭᠠᠬᠤ ᠲᠠᠯᠠᠪᠤᠷ᠃      ᠰᠠᠭᠠᠳ ᠦᠬᠡᠢ ᠪᠠᠷ ᠲᠡᠷᠬᠡ ᠵᠤᠨᠨᠰᠤᠭᠠᠬᠤ ᠤᠷᠤ ᠶᠢ ᠦᠶ᠎ᠡ ᠮᠦᠴᠢ ᠨᠢ ᠵᠡᠮᠳᠡᠭ ᠵᠢᠯᠤᠭᠤᠴᠢ ᠪᠤᠶᠤ ᠲᠡᠳᠡᠨ ᠤ ᠰᠠᠭᠤᠨᠨᠰᠠᠨ ᠮᠠᠰᠢᠨᠳᠤ ᠲᠡᠷᠬᠡ ᠵᠤᠨᠨᠰᠤᠭᠠᠬᠤ ᠳᠤ ᠲᠤᠰᠬᠠᠢ ᠬᠡᠷᠡᠭᠯᠡᠬᠦᠯᠦᠨ᠂ ᠰᠠᠭᠠᠳ ᠦᠬᠡᠢ ᠪᠠᠷ ᠲᠡᠷᠬᠡ ᠵᠤᠨᠨᠰᠤᠭᠠᠬᠤ ᠤᠷᠤ ᠶᠢᠨ ᠭᠠᠵᠠᠷ ᠤᠨ ᠭᠠᠳᠠᠷᠭᠤ ᠶᠢ ᠵᠡᠮᠳᠡᠭᠴᠦᠳ ᠲᠤ ᠲᠤᠰᠬᠠᠢ ᠬᠡᠷᠡᠭᠯᠡᠬᠦᠯᠬᠦ ᠲᠡᠷᠬᠡ ᠵᠤᠨᠨᠰᠤᠭᠠᠬᠤ ᠤᠷᠤ ᠶᠢᠨ ᠲᠡᠮᠳᠡᠭᠳᠦ ᠵᠢᠷᠤᠭᠠᠰᠤ᠂ ᠭᠦᠷᠳᠦᠳᠦ ᠲᠡᠷᠬᠡ ᠨᠡᠪᠳᠡᠷᠡᠬᠦ ᠵᠢᠷᠤᠭᠠᠰᠤ ᠪᠠ ᠰᠠᠭᠠᠳ ᠦᠬᠡᠢ ᠶᠢᠨ ᠲᠡᠮᠳᠡᠭ ᠢ ᠦᠩᠬᠡᠯᠡᠨ ᠪᠤᠳᠤᠬᠤ ᠬᠡᠷᠡᠭᠳᠡᠢ᠃ ᠦᠶ᠎ᠡ ᠮᠦᠴᠢ ᠨᠢ ᠵᠡᠮᠳᠡᠭᠴᠦᠳ ᠰᠠᠭᠠᠳ ᠦᠬᠡᠢ ᠪᠠᠷ ᠲᠡᠷᠬᠡ ᠵᠤᠨᠨᠰᠤᠭᠠᠬᠤ ᠤᠷᠤ ᠶᠢ ᠬᠡᠷᠡᠭᠯᠡᠬᠦ ᠳᠤ᠂ ᠵᠠᠪᠠᠯ ᠲᠡᠷᠬᠡ ᠭᠦᠰᠬᠡ ᠶᠢᠨ ᠢᠯᠡ ᠪᠠᠶᠢᠷᠢᠨ ᠳᠤ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ︾᠎ ᠢ ᠲᠠᠯᠪᠢᠬᠤ ᠬᠡᠷᠡᠭᠳᠡᠢ᠃      ᠲᠡᠷᠬᠡ ᠵᠤᠨᠨᠰᠤᠭᠠᠬᠤ ᠲᠠᠯᠠᠪᠤᠷ ᠤᠨ ᠡᠵᠡᠩᠨᠡᠭᠴᠢᠳ ᠢ ᠵᠤᠷᠢᠨᠨᠵᠢᠭᠤᠯᠵᠦ ᠵᠡᠮᠳᠡᠭᠴᠦᠳ ᠤᠨ ᠲᠡᠷᠬᠡ ᠵᠤᠨᠨᠰᠤᠭᠠᠬᠤ ᠵᠠᠷᠤᠳᠠᠯ ᠢ ᠨᠢ ᠬᠡᠯᠳᠦᠷᠢᠬᠦᠯᠬᠦ ᠪᠤᠶᠤ ᠪᠠᠭᠠᠰᠬᠠᠬᠤ ᠬᠡᠷᠡᠭᠳᠡᠢ᠃      ᠬᠤᠷᠢᠨ ᠨᠢᠬᠡᠳᠦᠬᠡᠷ ᠵᠦᠢᠯ ᠬᠠᠷᠠᠭ᠎ᠠ ᠨᠢ ᠰᠠᠭᠠᠳ ᠲᠠᠢ ᠭᠦᠮᠦᠰ ᠭᠦᠳᠦᠴᠢ ᠨᠤᠬᠠᠢ ᠭᠦᠳᠦᠯᠵᠦ ᠤᠯᠠᠨ ᠨᠡᠶᠢᠳᠡ ᠶᠢᠨ ᠲᠠᠯᠠᠪᠤᠷ ᠭᠠᠵᠠᠷ ᠢᠶᠠᠷ ᠤᠷᠤᠵᠦ ᠭᠠᠷᠬᠤ ᠪᠠ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠲᠡᠷᠬᠡ ᠭᠦᠰᠬᠡ ᠳᠤ ᠰᠠᠭᠤᠪᠠᠯ᠂ ᠵᠠᠪᠠᠯ ᠤᠯᠤᠰ ᠤᠨ ᠬᠤᠯᠪᠤᠨᠨᠳᠠᠯ ᠪᠦᠭᠦᠢ ᠲᠤᠨᠨᠳᠠᠭᠠᠯ ᠢ ᠵᠢᠷᠤᠮᠯᠠᠨ᠎ᠠ᠂ ᠤᠯᠠᠨ ᠨᠡᠶᠢᠳᠡ ᠶᠢᠨ ᠲᠠᠯᠠᠪᠤᠷ ᠭᠠᠵᠠᠷ ᠲᠠᠬᠢ ᠠᠵᠢᠯᠳᠠᠳ ᠨᠢ ᠵᠠᠪᠠᠯ ᠤᠯᠤᠰ ᠤᠨ ᠬᠤᠯᠪᠤᠨᠨᠳᠠᠯ ᠪᠦᠭᠦᠢ ᠲᠤᠨᠨᠳᠠᠭᠠᠯ ᠶᠤᠰᠤᠭᠠᠷ ᠰᠠᠭᠠᠳ ᠦᠬᠡᠢ ᠶᠢᠨ ᠦᠢᠯᠡᠴᠢᠯᠡᠭᠡ ᠬᠠᠩᠭᠠᠵᠦ ᠦᠭᠭᠦ ᠬᠡᠷᠡᠭᠳᠡᠢ᠃      ᠭᠤᠷᠪᠠᠳᠤᠭᠠᠷ ᠪᠦᠯᠦᠭ ᠰᠠᠭᠠᠳ ᠦᠬᠡᠢ ᠶᠢᠨ ᠮᠡᠳᠡᠭᠡ ᠵᠠᠩᠬᠢ ᠶᠢᠨ ᠰᠤᠯᠢᠯᠴᠠᠭ᠎ᠠ      ᠬᠤᠷᠢᠨ ᠬᠤᠶᠠᠳᠤᠭᠠᠷ ᠵᠦᠢᠯ ᠤᠯᠤᠰ ᠪᠠ ᠦᠪᠡᠷᠳᠡᠬᠡᠨ ᠵᠠᠰᠠᠬᠤ ᠤᠷᠤᠨ ᠠᠴᠠ ᠡᠷᠬᠢᠯᠡᠭᠰᠡᠨ ᠡᠯ᠎ᠡ ᠲᠦᠷᠦᠯ ᠤᠨ ᠰᠤᠷᠭᠠᠭᠤᠯᠢ ᠳᠤ ᠲᠡᠪᠰᠢᠬᠦ᠂ ᠠᠵᠢᠯ ᠮᠡᠷᠬᠡᠵᠢᠯ ᠤᠨ ᠬᠢᠷᠢ ᠬᠡᠮ᠂ ᠲᠤᠰᠢᠶᠠᠯ ᠳᠤ ᠲᠤᠮᠢᠯᠬᠠᠳᠠᠬᠤ ᠵᠡᠷᠬᠡ ᠰᠢᠯᠭᠠᠯᠳᠠ ᠳᠤ᠂ ᠬᠠᠷᠠᠭ᠎ᠠ ᠨᠢ ᠰᠠᠭᠠᠳ ᠲᠠᠢ ᠭᠦᠮᠦᠨ ᠤᠷᠤᠯᠴᠬᠠᠰᠠᠨ ᠪᠠᠶᠢᠪᠠᠯ᠂ ᠰᠢᠯᠭᠠᠯᠳᠠ ᠵᠤᠬᠢᠶᠠᠨ ᠪᠠᠶᠢᠭᠤᠯᠵᠦ ᠪᠠᠶᠢᠭ᠎ᠠ ᠨᠢᠬᠡᠴᠡ ᠨᠢ ᠬᠠᠷᠠᠭ᠎ᠠ ᠨᠢ ᠰᠠᠭᠠᠳ ᠲᠠᠢ ᠭᠦᠮᠦᠰ ᠲᠤ ᠬᠠᠷᠠᠭ᠎ᠠ ᠠᠯᠳ᠋ᠬᠠᠰᠠᠳ ᠤᠨ ᠲᠡᠮᠳᠡᠷᠢᠬᠦᠯ ᠦᠰᠦᠭ ᠤᠨ ᠰᠢᠯᠭᠠᠯᠳᠠ ᠶᠢᠨ ᠬᠠᠭᠤᠳᠠᠰᠤ᠂ ᠡᠯᠧᠺᠲᠷᠤᠨ ᠰᠢᠯᠭᠠᠯᠳᠠ ᠶᠢᠨ ᠬᠠᠭᠤᠳᠠᠰᠤ ᠬᠠᠩᠭᠠᠬᠤ ᠪᠤᠶᠤ ᠠᠵᠢᠯᠳᠠᠳ ᠨᠢ ᠬᠠᠮᠵᠢᠯᠴᠠᠬᠤ ᠬᠡᠷᠡᠭᠳᠡᠢ᠃      ᠬᠤᠷᠢᠨ ᠭᠤᠷᠪᠠᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ᠂ ᠠᠶᠢᠮᠠᠭ ᠤᠨ ᠵᠠᠬᠢᠷᠭ᠎ᠠ᠂ ᠲᠤᠭᠤᠷᠢᠭ ᠪᠠᠶᠢᠭᠤᠯᠤᠨᠨᠰᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠪᠠᠶᠢᠭᠤᠯᠤᠨᠨᠰᠠᠨ ᠲᠧᠯᠸᠢᠰ ᠬᠤᠷᠢᠶ᠎ᠠ ᠨᠢ ᠲᠤᠬᠢᠶᠠᠨ ᠤ ᠬᠡᠯᠡ ᠲᠤᠬᠢᠷᠠᠭᠤᠯᠤᠨᠨᠰᠠᠨ ᠰᠤᠨᠢᠨ ᠮᠡᠳᠡᠬᠡᠨ ᠤ ᠲᠡᠯᠬᠡᠴᠡ ᠶᠢ ᠭᠠᠷᠠᠭ ᠲᠤ ᠨᠠᠭᠠᠳᠤ ᠵᠠᠬ᠎ᠠ ᠳᠠᠭᠠᠨ ᠨᠢᠬᠡ ᠤᠳᠠᠭ᠎ᠠ ᠨᠡᠪᠳᠡᠷᠡᠬᠦᠯᠵᠦ᠂ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠪᠠᠶᠢᠭᠤᠯᠤᠨᠨᠰᠠᠨ ᠲᠧᠯᠸᠢᠰ ᠬᠤᠷᠢᠶ᠎ᠠ ᠨᠢ ᠲᠤᠬᠢᠶᠠᠨ ᠤ ᠬᠡᠯᠡ ᠲᠤᠬᠢᠷᠠᠭᠤᠯᠤᠨᠨᠰᠠᠨ ᠰᠤᠨᠢᠨ ᠮᠡᠳᠡᠬᠡᠨ ᠤ ᠲᠡᠯᠬᠡᠴᠡ ᠶᠢ ᠠᠯᠬᠤᠮ ᠠᠯᠬᠤᠮ ᠢᠶᠠᠷ ᠨᠡᠪᠳᠡᠷᠡᠬᠦᠯᠬᠦ ᠬᠡᠷᠡᠭᠳᠡᠢ᠃      ᠬᠤᠷᠢᠨ ᠲᠦᠷᠪᠡᠳᠦᠬᠡᠷ ᠵᠦᠢᠯ ᠰᠤᠨᠤᠷ ᠨᠢ ᠰᠠᠭᠠᠳ ᠲᠠᠢ ᠭᠦᠮᠦᠰ ᠲᠦᠪᠯᠡᠷᠡᠨ ᠤᠷᠤᠯᠴᠠᠬᠤ ᠬᠤᠷᠠᠯ ᠪᠠ ᠠᠵᠢᠯᠯᠠᠭ᠎ᠠ ᠡᠷᠬᠢᠯᠡᠬᠦ ᠳᠤ᠂ ᠡᠷᠬᠢᠯᠡᠬᠦ ᠨᠢᠬᠡᠴᠡ ᠨᠢ ᠵᠠᠪᠠᠯ ᠲᠤᠬᠢᠶᠠᠨ ᠤ ᠬᠡᠯᠡᠨ ᠤ ᠦᠢᠯᠡᠴᠢᠯᠡᠭᠡ ᠬᠠᠩᠭᠠᠬᠤ ᠪᠤᠶᠤ ᠦᠰᠦᠭ ᠤᠨ ᠲᠡᠯᠬᠡᠴᠡ ᠲᠤᠬᠢᠷᠠᠭᠤᠯᠬᠤ ᠬᠡᠷᠡᠭᠳᠡᠢ᠃      ᠬᠤᠷᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠠᠴᠠ ᠪᠠᠶᠢᠭᠤᠯᠤᠨᠨᠰᠠᠨ ᠤᠯᠠᠨ ᠨᠡᠶᠢᠳᠡ ᠶᠢᠨ ᠨᠤᠮ ᠤᠨ ᠰᠠᠩ ᠨᠢ ᠵᠠᠪᠠᠯ ᠬᠠᠷᠠᠭ᠎ᠠ ᠨᠢ ᠰᠠᠭᠠᠳ ᠲᠠᠢ ᠭᠦᠮᠦᠰ ᠤᠨ ᠤᠩᠰᠢᠯᠭ᠎ᠠ ᠶᠢᠨ ᠲᠠᠰᠤᠭ ᠭᠠᠷᠭᠠᠨ᠂ ᠬᠠᠷᠠᠭ᠎ᠠ ᠠᠯᠳ᠋ᠬᠠᠰᠠᠳ ᠤᠨ ᠲᠡᠮᠳᠡᠷᠢᠬᠦᠯ ᠦᠰᠦᠭ ᠲᠠᠢ ᠤᠩᠰᠢᠬᠤ ᠪᠢᠴᠢᠭ᠂ ᠲᠠᠭᠤ ᠲᠠᠢ ᠤᠩᠰᠢᠬᠤ ᠪᠢᠴᠢᠭ ᠬᠠᠩᠭᠠᠵᠦ᠂ ᠠᠪᠢᠶᠠᠨ ᠲᠡᠯᠬᠡᠴᠡ ᠲᠠᠢ ᠤᠩᠰᠢᠯᠭ᠎ᠠ ᠶᠢᠨ ᠵᠦᠬᠡᠯᠡᠨ ᠲᠤᠨᠤᠭ ᠲᠤᠬᠢᠷᠠᠭᠤᠯᠤᠨ᠂ ᠬᠠᠷᠠᠭ᠎ᠠ ᠨᠢ ᠰᠠᠭᠠᠳ ᠲᠠᠢ ᠭᠦᠮᠦᠰ ᠤᠨ ᠨᠤᠮ ᠪᠢᠴᠢᠭ ᠤᠩᠰᠢᠬᠤ᠂ ᠢᠨᠲ᠋ᠧᠷ ᠰᠦᠯᠵᠢᠶ᠎ᠡ ᠬᠡᠷᠡᠭᠯᠡᠬᠦ ᠳᠤ ᠲᠦᠭᠦᠮ ᠦᠵᠡᠬᠦᠯᠬᠦ ᠬᠡᠷᠡᠭᠳᠡᠢ᠃      ᠬᠤᠷᠢᠨ ᠵᠢᠷᠭᠤᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ᠂ ᠠᠶᠢᠮᠠᠭ ᠤᠨ ᠵᠠᠬᠢᠷᠭ᠎ᠠ᠂ ᠲᠤᠭᠤᠷᠢᠭ ᠪᠠᠶᠢᠭᠤᠯᠤᠨᠨᠰᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ᠂ ᠵᠠᠰᠠᠭ ᠤᠨ ᠤᠷᠳᠤᠨ ᠤ ᠨᠡᠶᠢᠳᠡ ᠶᠢᠨ ᠠᠰᠠᠷᠠᠮᠵᠢ ᠶᠢᠨ ᠠᠵᠢᠯᠯᠠᠭᠠᠨ ᠤ ᠰᠦᠯᠵᠢᠶ᠎ᠡ᠂ ᠵᠡᠮᠳᠡᠭᠴᠦᠳ ᠤᠨ ᠵᠤᠬᠢᠶᠠᠨ ᠪᠠᠶᠢᠭᠤᠯᠤᠨᠨᠰᠠᠨ ᠰᠦᠯᠵᠢᠶ᠎ᠡ ᠨᠢ ᠵᠠᠪᠠᠯ ᠰᠠᠭᠠᠳ ᠦᠬᠡᠢ ᠰᠦᠯᠵᠢᠶ᠎ᠡ ᠶᠢᠨ ᠵᠢᠷᠤᠭ ᠲᠦᠯᠦᠪᠯᠡᠭᠡ ᠶᠢᠨ ᠪᠠᠷᠢᠮᠵᠢᠶ᠎ᠠ ᠳᠤ ᠭᠦᠷᠦᠭᠰᠡᠨ ᠪᠠᠶᠢᠬᠤ ᠬᠡᠷᠡᠭᠳᠡᠢ᠃      ᠬᠤᠷᠢᠨ ᠲᠤᠯᠤᠳᠤᠭᠠᠷ ᠵᠦᠢᠯ ᠴᠢᠮᠡᠭᠡ ᠬᠤᠯᠪᠤᠭᠠᠨ ᠤ ᠲᠤᠬᠠᠶᠢᠯᠬᠠᠰᠠᠨ ᠠᠵᠢᠯ ᠤᠨ ᠡᠵᠡᠩᠨᠡᠭᠴᠢᠳ ᠨᠢ ᠴᠢᠮᠡᠭᠡ ᠬᠤᠯᠪᠤᠭᠠᠨ ᠤ ᠦᠢᠯᠡᠴᠢᠯᠡᠭᠡ ᠬᠠᠩᠭᠠᠬᠤ ᠳᠤ᠂ ᠵᠠᠪᠠᠯ ᠨᠦᠭᠦᠴᠡᠯ ᠡᠭᠦᠳᠴᠤ ᠪᠠᠶᠢᠭᠠᠳ ᠬᠡᠷᠡᠭᠯᠡᠬᠦ ᠱᠠᠭᠠᠷᠳᠠᠯᠭ᠎ᠠ ᠲᠠᠢ ᠰᠤᠨᠤᠷ ᠪᠠ ᠬᠡᠯᠡ ᠨᠢ ᠰᠠᠭᠠᠳ ᠲᠠᠢ ᠭᠦᠮᠦᠰ ᠲᠤ ᠦᠰᠦᠭ ᠪᠢᠴᠢᠭ ᠲᠠᠢ ᠮᠡᠳᠡᠭᠡ ᠵᠠᠩᠬᠢ ᠶᠢᠨ ᠦᠢᠯᠡᠴᠢᠯᠡᠭᠡ ᠬᠠᠩᠭᠠᠵᠦ᠂ ᠬᠡᠷᠡᠭᠯᠡᠬᠦ ᠱᠠᠭᠠᠷᠳᠠᠯᠭ᠎ᠠ ᠲᠠᠢ ᠬᠠᠷᠠᠭ᠎ᠠ ᠨᠢ ᠰᠠᠭᠠᠳ ᠲᠠᠢ ᠭᠦᠮᠦᠰ ᠲᠤ ᠠᠪᠢᠶᠠᠨ ᠮᠡᠳᠡᠭᠡ ᠵᠠᠩᠬᠢ ᠶᠢᠨ ᠦᠢᠯᠡᠴᠢᠯᠡᠭᠡ ᠬᠠᠩᠭᠠᠬᠤ ᠬᠡᠷᠡᠭᠳᠡᠢ᠃      ᠲᠦᠷᠪᠡᠳᠦᠬᠡᠷ ᠪᠦᠯᠦᠭ ᠰᠠᠭᠠᠳ ᠦᠬᠡᠢ ᠶᠢᠨ ᠨᠡᠶᠢᠬᠡᠮ ᠲᠤᠭᠤᠷᠢᠭ ᠤᠨ ᠦᠢᠯᠡᠴᠢᠯᠡᠭᠡ      ᠬᠤᠷᠢᠨ ᠨᠠᠢᠮᠠᠳᠤᠭᠠᠷ ᠵᠦᠢᠯ ᠨᠡᠶᠢᠬᠡᠮ ᠲᠤᠭᠤᠷᠢᠭ ᠤᠨ ᠤᠯᠠᠨ ᠨᠡᠶᠢᠳᠡ ᠶᠢᠨ ᠦᠢᠯᠡᠴᠢᠯᠡᠬᠡᠨ ᠤ ᠪᠡᠯᠡᠳᠬᠡᠮᠵᠢ ᠳᠤ ᠰᠠᠭᠠᠳ ᠦᠬᠡᠢ ᠶᠢᠨ ᠦᠢᠯᠡᠴᠢᠯᠡᠭᠡ ᠶᠢᠨ ᠦᠢᠯᠡᠳᠦᠯ ᠴᠢᠳᠠᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠬᠦᠯᠵᠦ᠂ ᠨᠡᠶᠢᠬᠡᠮ ᠲᠤᠭᠤᠷᠢᠭ ᠤᠨ ᠠᠵᠢᠯᠯᠠᠭ᠎ᠠ ᠳᠤ ᠵᠡᠮᠳᠡᠭᠴᠦᠳ ᠵᠡᠷᠬᠡ ᠨᠡᠶᠢᠬᠡᠮ ᠤᠨ ᠪᠦᠷᠢᠯᠳᠦᠬᠦᠨ ᠤ ᠤᠷᠤᠯᠴᠠᠬᠤ ᠳᠤ ᠲᠦᠭᠦᠮ ᠦᠵᠡᠬᠦᠯᠬᠦ ᠬᠡᠷᠡᠭᠳᠡᠢ᠃      ᠬᠤᠷᠢ ᠶᠢᠰᠦᠳᠦᠬᠡᠷ ᠵᠦᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠢ ᠵᠢᠷᠤᠭ ᠪᠠ ᠦᠰᠦᠭ ᠪᠢᠴᠢᠭ ᠲᠠᠢ ᠮᠡᠳᠡᠭᠡ ᠵᠠᠩᠬᠢ ᠪᠠᠷ ᠲᠦᠭᠰᠢᠭᠦᠷᠢ ᠮᠡᠳᠡᠬᠡᠯᠡᠬᠦ᠂ ᠲᠠᠭᠤᠳᠠᠯᠭ᠎ᠠ ᠶᠢᠨ ᠴᠢᠳᠠᠪᠬᠢ ᠪᠠᠷ ᠲᠦᠭᠰᠢᠭᠦᠷᠢ ᠮᠡᠳᠡᠬᠡᠯᠡᠬᠦ᠂ ᠡᠮᠴᠢᠯᠡᠬᠡᠨ ᠤ ᠪᠠᠴᠢᠮ ᠠᠪᠤᠷᠠᠯᠳᠠ ᠬᠢᠬᠦ ᠵᠡᠷᠬᠡ ᠪᠠᠴᠢᠮ ᠶᠠᠭᠠᠷᠠᠤ ᠲᠠᠭᠤᠳᠠᠯᠭ᠎ᠠ ᠶᠢᠨ ᠰᠢᠰᠲ᠋ᠧᠮ ᠢ ᠪᠦᠷᠢᠳᠦᠭᠦᠯᠦᠭᠰᠡᠨ ᠪᠦᠳᠦᠬᠡᠨ ᠪᠠᠶᠢᠭᠤᠯᠤᠯᠳᠠ ᠪᠠᠨ ᠲᠡᠭᠦᠯᠳᠡᠷᠵᠢᠬᠦᠯᠵᠦ᠂ ᠰᠤᠨᠤᠷ ᠪᠠ ᠬᠡᠯᠡ ᠨᠢ ᠰᠠᠭᠠᠳ ᠲᠠᠢ ᠭᠦᠮᠦᠰ ᠲᠤ ᠲᠦᠭᠰᠢᠭᠦᠷᠢ ᠮᠡᠳᠡᠬᠡᠯᠡᠬᠦ᠂ ᠠᠪᠤᠷᠠᠯᠳᠠ ᠬᠢᠯᠬᠡᠬᠦ ᠪᠠᠷ ᠲᠠᠭᠤᠳᠠᠬᠤ ᠳᠤ ᠲᠦᠭᠦᠮ ᠦᠵᠡᠭᠦᠯᠬᠦ ᠬᠡᠷᠡᠭᠳᠡᠢ᠃      ᠭᠤᠴᠢᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠨᠢ ᠶᠠᠳᠠᠭᠤ ᠭᠦᠴᠢᠷᠳᠡᠯᠳᠡᠢ ᠵᠡᠮᠳᠡᠭᠴᠦᠳ ᠤᠨ ᠬᠡᠷ ᠪᠦᠯᠢ ᠶᠢᠨ ᠰᠠᠭᠠᠳ ᠦᠬᠡᠢ ᠶᠢᠨ ᠪᠡᠯᠡᠳᠬᠡᠮᠵᠢ ᠶᠢ ᠨᠢ ᠦᠬᠡᠷᠡᠴᠢᠯᠡᠨ ᠰᠢᠨᠡᠳᠬᠡᠬᠦ ᠶᠢ ᠤᠯᠠᠨ ᠨᠡᠶᠢᠳᠡ ᠶᠢᠨ ᠦᠨᠳᠦᠰᠦᠨ ᠦᠢᠯᠡᠴᠢᠯᠡᠬᠡᠨ ᠤ ᠬᠡᠪᠴᠢᠶᠡᠨ ᠳᠤ ᠤᠷᠤᠭᠤᠯᠬᠤ ᠶᠢᠨ ᠬᠠᠮᠳᠤ ᠵᠤᠬᠢᠬᠤ ᠨᠦᠭᠦᠪᠦᠷᠢ ᠦᠭᠭᠦ ᠬᠡᠷᠡᠭᠳᠡᠢ᠃      ᠭᠤᠴᠢᠨ ᠨᠢᠬᠡᠳᠦᠬᠡᠷ ᠵᠦᠢᠯ ᠲᠦᠷᠦ ᠶᠢᠨ ᠪᠠᠶᠢᠭᠤᠯᠭ᠎ᠠ᠂ ᠨᠡᠶᠢᠬᠡᠮ ᠤᠨ ᠪᠦᠯᠭᠦᠮ ᠵᠢᠴᠢ ᠦᠨᠳᠦᠰᠦᠨ ᠱᠠᠳᠤᠨ ᠤ ᠤᠯᠠᠨ ᠲᠦᠮᠡᠨ ᠤ ᠦᠪᠡᠰᠦᠪᠡᠨ ᠵᠠᠰᠠᠬᠤ ᠵᠤᠬᠢᠶᠠᠨ ᠪᠠᠶᠢᠭᠤᠯᠤᠯᠳᠠ ᠵᠡᠷᠬᠡ ᠰᠤᠩᠭᠤᠭᠤᠯᠢ ᠶᠢ ᠵᠤᠬᠢᠶᠠᠨ ᠪᠠᠶᠢᠭᠤᠯᠬᠤ ᠨᠢᠬᠡᠴᠡ ᠨᠢ ᠵᠡᠮᠳᠡᠭᠴᠦᠳ ᠤᠨ ᠰᠤᠩᠭᠤᠭᠤᠯᠢ ᠳᠤ ᠤᠷᠤᠯᠴᠠᠬᠤ ᠳᠤ ᠲᠦᠭᠦᠮ ᠦᠵᠡᠬᠦᠯᠬᠦ ᠶᠢᠨ ᠬᠠᠮᠳᠤ᠂ ᠬᠡᠷᠡᠭᠴᠡᠭᠡ ᠪᠠᠨ ᠦᠨᠳᠦᠰᠦᠯᠡᠨ ᠬᠠᠷᠠᠭ᠎ᠠ ᠨᠢ ᠰᠠᠭᠠᠳ ᠲᠠᠢ ᠭᠦᠮᠦᠰ ᠲᠤ ᠬᠠᠷᠠᠭ᠎ᠠ ᠠᠯᠳ᠋ᠬᠠᠰᠠᠳ ᠤᠨ ᠲᠡᠮᠳᠡᠷᠢᠬᠦᠯ ᠦᠰᠦᠭ ᠲᠠᠢ ᠰᠤᠩᠭᠤᠭᠤᠯᠢ ᠶᠢᠨ ᠪᠢᠯᠧᠲ ᠬᠠᠩᠭᠠᠬᠤ ᠬᠡᠷᠡᠭᠳᠡᠢ᠃      ᠲᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ      ᠭᠤᠴᠢᠨ ᠬᠤᠶᠠᠳᠤᠭᠠᠷ ᠵᠦᠢᠯ ᠲᠤᠰ ᠠᠷᠭ᠎ᠠ ᠶᠢᠨ ᠲᠤᠨᠨᠳᠠᠭᠠᠯ ᠢ ᠵᠦᠷᠢᠴᠡᠭᠰᠡᠨ ᠦᠢᠯᠡ ᠠᠵᠢᠯᠯᠠᠭ᠎ᠠ ᠳᠤ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠡᠮᠳᠡᠭᠴᠦᠳ ᠤᠨ ᠪᠠᠳᠤᠯᠠᠭ᠎ᠠ ᠶᠢᠨ ᠬᠠᠤᠯᠢ︾ ︽ᠰᠠᠭᠠᠳ ᠦᠬᠡᠢ ᠤᠷᠴᠢᠨ ᠲᠤᠭᠤᠷᠢᠨ ᠢ ᠪᠦᠳᠦᠬᠡᠨ ᠪᠠᠶᠢᠭᠤᠯᠬᠤ ᠲᠦᠷᠢᠮ︾ ᠵᠡᠷᠬᠡ ᠬᠠᠤᠯᠢ ᠴᠠᠭᠠᠵᠠ᠂ ᠬᠠᠤᠯᠢ ᠲᠤᠨᠨᠳᠠᠭᠠᠯ ᠢᠶᠠᠷ ᠨᠢᠬᠡᠨᠳᠡ ᠪᠤᠳᠠᠳᠠᠢ ᠰᠢᠳᠬᠡᠨ ᠲᠤᠷᠭᠠᠬᠤ ᠲᠤᠨᠨᠳᠠᠭᠠᠯ ᠭᠠᠷᠭᠠᠨᠨᠰᠠᠨ ᠪᠠᠶᠢᠪᠠᠯ᠂ ᠲᠡᠷᠡ ᠬᠦ ᠲᠤᠨᠨᠳᠠᠭᠠᠯ ᠢ ᠵᠢᠷᠤᠮᠯᠠᠬᠤ ᠬᠡᠷᠡᠭᠳᠡᠢ᠃      ᠭᠤᠴᠢᠨ ᠭᠤᠷᠪᠠᠳᠤᠭᠠᠷ ᠵᠦᠢᠯ ᠲᠤᠰ ᠠᠷᠭ᠎ᠠ ᠶᠢᠨ ᠠᠷᠪᠠᠨ ᠵᠢᠷᠭᠤᠳᠤᠭᠠᠷ ᠵᠦᠢᠯ ᠤᠨ ᠨᠢᠬᠡᠳᠦᠬᠡᠷ ᠵᠤᠷᠪᠤᠰ ᠤᠨ ᠲᠤᠨᠨᠳᠠᠭᠠᠯ ᠢ ᠵᠦᠷᠢᠴᠡᠵᠦ᠂ ᠰᠠᠭᠠᠳ ᠦᠬᠡᠢ ᠶᠢᠨ ᠪᠡᠯᠡᠳᠬᠡᠮᠵᠢ ᠶᠢ ᠡᠪᠳᠡᠨ ᠰᠦᠢᠳᠬᠡᠭᠰᠡᠨ ᠤ ᠬᠠᠮᠳᠤ᠂ ᠰᠠᠭᠠᠳ ᠦᠬᠡᠢ ᠶᠢᠨ ᠪᠡᠯᠡᠳᠬᠡᠮᠵᠢ ᠬᠡᠷᠡᠭᠯᠡᠬᠦ ᠶᠢ ᠨᠦᠯᠦᠬᠡᠯᠡᠪᠡᠯ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠰᠢᠳᠬᠡᠯ ᠲᠤᠷᠭᠠᠭᠤᠯᠢ ᠶᠢᠨ ᠬᠠᠤᠯᠢ︾ ᠵᠡᠷᠬᠡ ᠬᠠᠤᠯᠢ ᠴᠠᠭᠠᠵᠠ᠂ ᠬᠠᠤᠯᠢ ᠲᠤᠨᠨᠳᠠᠭᠠᠯ ᠶᠤᠰᠤᠭᠠᠷ ᠰᠢᠳᠬᠡᠨ ᠲᠤᠷᠭᠠᠬᠤ ᠬᠡᠷᠡᠭᠳᠡᠢ᠃      ᠰᠠᠭᠠᠳ ᠦᠬᠡᠢ ᠶᠢᠨ ᠪᠡᠯᠡᠳᠬᠡᠮᠵᠢ ᠶᠢ ᠲᠤᠷ᠎ᠠ ᠪᠠᠷ ᠡᠵᠡᠯᠡᠨ ᠬᠡᠷᠡᠭᠯᠡᠭᠰᠡᠨ ᠪᠤᠶᠤ ᠬᠡᠷᠡᠭᠴᠡᠭᠡ ᠶᠢ ᠨᠢ ᠬᠤᠪᠢᠷᠠᠭᠤᠯᠤᠨᠨᠰᠠᠨ ᠪᠤᠯ᠂ ᠤᠷᠤᠨ ᠰᠠᠭᠤᠴᠠ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ︽ᠪᠦᠳᠦᠬᠡᠨ ᠪᠠᠶᠢᠭᠤᠯᠬᠤ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠳᠠ ᠶᠢᠨ ᠲᠦᠷᠢᠮ︾ ᠶᠤᠰᠤᠭᠠᠷ ᠰᠢᠳᠬᠡᠨ ᠲᠤᠷᠭᠠᠬᠤ ᠬᠡᠷᠡᠭᠳᠡᠢ᠃ ᠶᠠᠯ᠎ᠠ ᠳᠤ ᠭᠦᠷᠦᠭᠰᠡᠨ ᠪᠤᠯ᠂ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃ ᠬᠡᠷᠡᠭᠯᠡᠭᠰᠡᠨ ᠭᠦᠮᠦᠨ ᠤ ᠪᠡᠶ᠎ᠡ ᠮᠠᠬᠠᠪᠤᠳ᠂ ᠡᠳ᠋ ᠭᠦᠷᠦᠩᠬᠡ ᠳᠤ ᠬᠤᠬᠢᠷᠠᠯ ᠤᠴᠠᠷᠠᠭᠤᠯᠤᠨᠨᠰᠠᠨ ᠪᠤᠯ᠂ ᠠᠵᠦ ᠠᠬᠤᠢ ᠶᠢᠨ ᠲᠦᠯᠦᠪᠦᠷᠢ ᠶᠢᠨ ᠬᠠᠷᠢᠭᠤᠴᠠᠯᠭ᠎ᠠ ᠶᠢ ᠵᠡᠷᠬᠡ ᠳᠤᠨᠢ ᠡᠭᠦᠷᠬᠡᠯᠡᠬᠦᠯᠬᠦ ᠬᠡᠷᠡᠭᠳᠡᠢ᠃      ᠭᠤᠴᠢᠨ ᠲᠦᠷᠪᠡᠳᠦᠬᠡᠷ ᠵᠦᠢᠯ ᠲᠤᠰ ᠠᠷᠭ᠎ᠠ ᠶᠢᠨ ᠬᠤᠷᠢᠳᠤᠭᠠᠷ ᠵᠦᠢᠯ ᠤᠨ ᠬᠤᠶᠠᠳᠤᠭᠠᠷ ᠵᠤᠷᠪᠤᠰ ᠤᠨ ᠲᠤᠨᠨᠳᠠᠭᠠᠯ ᠢ ᠵᠦᠷᠢᠴᠡᠭᠰᠡᠨ ᠪᠤᠯ᠂ ᠦᠶ᠎ᠡ ᠮᠦᠴᠢ ᠨᠢ ᠵᠡᠮᠳᠡᠭ ᠵᠢᠯᠤᠭᠤᠴᠢ ᠪᠤᠶᠤ ᠰᠠᠭᠤᠨᠨᠰᠠᠳ ᠤᠨ ᠮᠠᠰᠢᠨᠳᠦ ᠲᠡᠷᠬᠡ ᠠᠴᠠ ᠪᠤᠰᠤᠳ ᠮᠠᠰᠢᠨᠳᠦ ᠲᠡᠷᠬᠡ ᠰᠠᠭᠠᠳ ᠦᠬᠡᠢ ᠪᠠᠷ ᠲᠡᠷᠬᠡ ᠵᠤᠨᠨᠰᠤᠭᠠᠬᠤ ᠤᠷᠤ ᠶᠢ ᠡᠵᠡᠯᠡᠵᠦ᠂ ᠦᠶ᠎ᠡ ᠮᠦᠴᠢ ᠨᠢ ᠵᠡᠮᠳᠡᠭ ᠭᠦᠮᠦᠰ ᠤᠨ ᠬᠡᠷᠡᠭᠯᠡᠬᠦ ᠶᠢ ᠨᠦᠯᠦᠬᠡᠯᠡᠭᠰᠡᠨ ᠪᠤᠯ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠠᠯᠪᠠᠳᠠᠨ ᠵᠠᠯᠠᠷᠠᠭᠤᠯᠵᠦ᠂ ᠰᠡᠷᠡᠮᠵᠢᠯᠡᠬᠦᠯᠬᠦ ᠬᠡᠷᠡᠭᠳᠡᠢ︔ ᠵᠠᠯᠠᠷᠠᠭᠤᠯᠬᠤ ᠶᠢ ᠲᠡᠪᠴᠢᠭᠰᠡᠨ ᠪᠤᠯ᠂ 200 ᠲᠦᠭᠦᠷᠢᠭ ᠵᠤᠭᠤᠰ ᠢᠶᠠᠷ ᠲᠤᠷᠭᠠᠨ ᠰᠢᠳᠬᠡᠬᠦ ᠬᠡᠷᠡᠭᠳᠡᠢ᠃      ᠭᠤᠴᠢᠨ ᠲᠠᠪᠤᠳᠤᠭᠠᠷ ᠵᠦᠢᠯ ᠰᠠᠭᠠᠳ ᠦᠬᠡᠢ ᠤᠷᠴᠢᠨ ᠲᠤᠭᠤᠷᠢᠨ ᠤ ᠪᠦᠳᠦᠬᠡᠨ ᠪᠠᠶᠢᠭᠤᠯᠤᠯᠳᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠠᠵᠢᠯᠳᠠᠳ ᠨᠢ ᠲᠤᠰᠢᠶᠠᠯ ᠤᠨ ᠡᠷᠬᠡ ᠪᠠᠨ ᠲᠤᠷ᠎ᠠ ᠪᠠᠷ ᠬᠡᠷᠡᠭᠯᠡᠵᠦ᠂ ᠡᠭᠦᠷᠬᠡ ᠲᠤᠰᠢᠶᠠᠯ ᠳᠠᠭᠠᠨ ᠠᠯᠮᠠᠶᠢᠷᠠᠨ ᠤᠰᠤᠯᠳᠠᠵᠦ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠦᠷᠢᠴᠡᠭᠰᠡᠨ ᠪᠤᠯ᠂ ᠬᠠᠤᠯᠢ ᠶᠤᠰᠤᠭᠠᠷ ᠰᠢᠳᠬᠡᠯ ᠦᠭᠭᠦ ᠬᠡᠷᠡᠭᠳᠡᠢ︔ ᠶᠠᠯ᠎ᠠ ᠳᠤ ᠭᠦᠷᠦᠭᠰᠡᠨ ᠪᠤᠯ᠂ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃      ᠵᠢᠷᠭᠤᠳᠤᠭᠠᠷ ᠪᠦᠯᠦᠭ ᠲᠠᠭᠠᠯᠳᠤᠭᠤᠯᠤᠯ ᠲᠦᠷᠢᠮ      ᠭᠤᠴᠢᠨ ᠵᠢᠷᠭᠤᠳᠤᠭᠠᠷ ᠵᠦᠢᠯ ᠲᠤᠰ ᠠᠷᠭ᠎ᠠ ᠶᠢ 2018 ᠤᠨ ᠤ 7 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠬᠦᠯᠦᠨ᠎ᠠ᠃ 2008 ᠤᠨ ᠤ 4 ᠳ᠋ᠤᠬᠡᠷ ᠰᠠᠷ᠎ᠠ ᠶᠢᠨ 8᠎ ᠤ ᠡᠳᠦᠷ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠨᠡᠶᠢᠳᠡᠯᠡᠭᠰᠡᠨ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠠᠭᠠᠳ ᠦᠬᠡᠢ ᠶᠢᠨ ᠪᠦᠳᠦᠬᠡᠨ ᠪᠠᠶᠢᠭᠤᠯᠤᠯᠳᠠ ᠶᠢᠨ ᠬᠠᠮᠢᠶᠠᠷᠤᠯᠳᠠ ᠶᠢᠨ ᠠᠷᠭ᠎ᠠ︾ ︵ᠦᠪᠦᠷ ᠮᠤᠩᠭᠤᠯ ᠤᠨ ᠦᠪᠡᠷᠳᠡᠬᠡᠨ ᠵᠠᠰᠬᠠᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ 156 ᠳ᠋ᠤᠭᠠᠷ ᠲᠤᠭᠠᠳᠤ︶᠎ ᠶᠢ ᠵᠡᠷᠬᠡ ᠳᠤᠨᠢ ᠭᠦᠴᠦᠨ ᠦᠬᠡᠢ ᠪᠤᠯᠭᠠᠨ᠎ᠠ᠃      ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ                  2018 ᠤᠨ ᠤ 6 ᠳ᠋ᠤᠭᠠᠷ ᠰᠠᠷ᠎ᠠ ᠶᠢᠨ 8᠎ ᠤ ᠡᠳᠥᠷ ᠲᠠᠷᠤᠮᠠᠯᠯᠠᠨ ᠲᠠᠷᠬᠠᠭᠠᠪᠠ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号