1 — 8 ᠳ᠋ᠤᠭᠠᠷ ᠰᠠᠷ᠎ᠠ ᠳᠤ ᠦᠪᠦᠷ ᠮᠤᠩᠭᠤᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.6%᠎ ᠪᠠᠷ ᠨᠡᠮᠡᠭᠳᠡᠵᠦ  ᠠᠵᠤ ᠠᠬᠤᠶᠢᠯᠠᠯ  ᠤᠨ ᠠᠰᠢᠭ ᠬᠤᠨᠵᠢᠪᠤᠷᠢ ᠶᠢᠨ ᠨᠡᠮᠡᠭᠳᠡᠯ ᠨᠡᠯᠢᠶᠡᠳ ᠲᠦᠷᠭᠡᠳᠪᠡ
ᠨᠡᠶᠢᠲᠡᠯᠡᠭᠰᠡᠨ ᠴᠠᠭ᠄
2018-09-29
     ᠣᠳᠣᠬᠠᠨ ᠳᠤ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠦᠭᠡᠳ ᠲᠣᠭᠲᠠᠭᠤᠨ ᠪᠠᠶᠢᠬᠤ ᠶᠢᠨ ᠵᠡᠷᠭᠡ ᠳᠤ ᠠᠬᠢᠯᠲᠠ ᠲᠠᠢ ᠪᠤᠯᠵᠤ᠂ ᠭᠤᠣᠯ ᠨᠢ ᠤᠷᠢᠳᠠᠪᠠᠷ ᠬᠡᠷᠡᠭᠵᠢᠭᠦᠯᠬᠦ ᠭᠦᠶᠴᠡᠳᠬᠡᠬᠦ ᠲᠤᠭ᠎ᠠ ᠶᠢᠨ ᠠᠵᠢᠯᠯᠠᠭ᠎ᠠ ᠰᠠᠶᠢᠨ ᠪᠠᠶᠢᠵᠤ᠂ ᠠᠵᠤ ᠠᠬᠤᠶ ᠶᠢᠨ ᠦᠷ᠎ᠡ ᠠᠰᠢᠭ ᠦᠷᠭᠦᠯᠵᠢᠯᠡᠨ ᠰᠠᠶᠢᠵᠢᠷᠠᠪᠠ᠃ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠪᠠᠶᠢᠵᠤ᠂ ᠠᠵᠤ ᠠᠬᠤᠶᠢᠯᠠᠯ ᠤᠨ ᠠᠰᠢᠭ ᠬᠤᠨᠵᠢᠪᠣᠷᠢ ᠨᠡᠯᠢᠶᠡᠳ ᠲᠦᠷᠭᠡᠨ ᠨᠡᠮᠡᠭᠳᠡᠪᠡ᠃      1 — 8 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.6%᠎ ᠪᠠᠷ ᠨᠡᠮᠡᠭᠳᠡᠪᠡ᠃ ᠠᠵᠤ ᠠᠬᠤᠶ ᠶᠢᠨ ᠲᠥᠷᠥᠯ ᠬᠡᠯᠪᠡᠷᠢ ᠠᠴᠠ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 5.3%᠎ ᠪᠠᠷ ᠨᠡᠮᠡᠭᠳᠡᠵᠡᠶ︔ ᠬᠠᠮᠲᠤ ᠶᠢᠨ ᠠᠵᠤ ᠠᠬᠤᠶᠢᠯᠠᠯ ᠤᠨ ᠎ ᠬᠢ 1.6%᠎ ᠪᠠᠷ ᠪᠠᠭᠤᠷᠠᠵᠠᠢ︔ ᠬᠤᠪᠢ ᠤᠷᠤᠭᠤᠯᠤᠯᠲᠠ ᠶᠢᠨ ᠳᠦᠷᠢᠮᠲᠦ ᠠᠵᠤ ᠠᠬᠤᠶᠢᠯᠠᠯ ᠤᠨ ᠬᠢ          6.4%᠎ ᠪᠠᠷ ᠨᠡᠮᠡᠭᠳᠡᠵᠡᠢ︔ ᠭᠠᠳᠠᠭᠠᠳᠤ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠢ 4.3%᠎ ᠪᠠᠷ ᠨᠡᠮᠡᠭᠳᠡᠪᠡ᠃ ᠡᠨᠡ ᠭᠤᠷᠪᠠᠨ ᠲᠣᠮᠣ ᠲᠥᠷᠥᠯ ᠠᠴᠠ ᠦᠵᠡᠪᠡᠯ᠂ ᠠᠭᠤᠷᠬᠠᠶ ᠮᠠᠯᠲᠠᠬᠤ ᠦᠶᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.1%᠎ ᠪᠠᠷ ᠨᠡᠮᠡᠭᠳᠡᠵᠡᠢ︔ ᠦᠢᠯᠡᠳᠬᠦ ᠦᠢᠯᠡᠰ ᠤᠨ ᠨᠡᠮᠡᠭᠳᠡᠯ ᠦᠷᠲᠡᠭ 5.1%᠎ ᠪᠠᠷ ᠨᠡᠮᠡᠭᠳᠡᠵᠡᠢ︔ ᠴᠠᠬᠢᠯᠭᠠᠨ ᠬᠦᠴᠦ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠶᠯᠡᠳᠪᠦᠷᠢᠯᠡᠯ ᠪᠠ ᠬᠠᠩᠭᠠᠯᠭ᠎ᠠ ᠶᠢᠨ ᠦᠶᠯᠡᠰ ᠤᠨ ᠨᠡᠮᠡᠭᠳᠡᠯ ᠥᠷᠲᠡᠭ 4%᠎ ᠪᠠᠷ ᠨᠡᠮᠡᠭᠳᠡᠪᠡ᠃      ᠳᠤᠮᠳᠠ ᠳᠡᠭᠡᠳᠦ ᠲᠡᠰ ᠵᠦᠭ ᠬᠦᠭᠵᠢᠵᠡᠢ᠃ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠮᠡᠭᠳᠡᠯ ᠦᠷᠲᠡᠭ 15.5%᠎ ᠪᠠᠷ ᠨᠡᠮᠡᠭᠳᠡᠪᠡ᠂ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠮᠡᠳᠡᠭᠳᠡᠮ᠎ᠡ ᠲᠦᠷᠭᠡᠨ ᠪᠤᠯᠵᠠᠢ᠃ ᠡᠭᠦᠨ ᠳᠤ᠂ ᠬᠤᠪᠣᠷ ᠰᠢᠷᠣᠶ ᠶᠢᠨ ᠬᠢ 25.3%᠎ ᠪᠠᠷ ᠨᠡᠮᠡᠭᠳᠡᠵᠦ᠂ ᠡᠯᠧᠺᠲᠷᠣᠨ ᠺᠣᠮᠫᠢᠦ᠋ᠲ᠋ᠧᠷ ᠴᠢᠮᠡᠭᠡ ᠬᠤᠯᠪᠤᠭ᠎ᠠ ᠶᠢᠨ ᠬᠢ 13.7%᠎ ᠪᠠᠷ ᠨᠡᠮᠡᠭᠳᠡᠵᠦ᠂ ᠡᠮ ᠡᠮᠨᠡᠯᠭᠡ ᠶᠢᠨ ᠦᠢᠯᠡᠳᠬᠦ ᠦᠢᠯᠡᠰ ᠤᠨ ᠬᠢ 10.9%᠎ ᠪᠠᠷ ᠨᠡᠮᠡᠭᠳᠡᠪᠡ᠃ ᠰᠢᠨ᠎ᠡ ᠦᠢᠯᠡᠳᠬᠦᠨ ᠤ ᠬᠢ ᠦᠳᠲᠡᠷ ᠲᠦᠷᠭᠡᠨ ᠨᠡᠮᠡᠭᠳᠡᠪᠡ᠃ ᠲᠠᠩ ᠲᠠᠯᠠᠰᠲᠤ ᠴᠠᠬᠢᠭᠤᠷ ᠤᠨ ᠭᠠᠷᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 1.4 ᠳᠠᠬᠢᠨ ᠢᠶᠠᠷ ᠨᠡᠮᠡᠭᠳᠡᠵᠦ᠂ ᠣᠯᠠᠨ ᠲᠠᠯᠠᠰᠲᠤ ᠴᠠᠬᠢᠭᠤᠷ 52.6% ᠨᠡᠮᠡᠭᠳᠡᠵᠦ᠂ ᠪᠠᠯ ᠴᠢᠯᠠᠭᠤ ᠪᠣᠯᠤᠨ ᠨᠡᠭᠦᠷᠡᠰᠦᠲᠥ᠋ᠷᠥᠭᠴᠢ ᠶᠢᠨ ᠪᠦᠲᠦᠭᠡᠭᠳᠡᠬᠦᠨ 25.1% ᠨᠡᠮᠡᠭᠳᠡᠵᠡᠶ᠃ ᠦᠢᠯᠡᠳᠪᠦᠷᠢᠯᠡᠯ ᠪᠣᠷᠣᠯᠠᠭᠤᠯᠭ᠎ᠠ ᠶᠢᠨ ᠠᠪᠤᠴᠠᠯᠳᠤᠯ ᠦᠷᠭᠦᠯᠵᠢᠯᠡᠨ ᠰᠠᠶᠢᠵᠢᠷᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠨᠤᠷᠮ᠎ᠠ 99.4%᠎ ᠳᠤ ᠬᠦᠷᠴᠦ᠂ 1 — 7 ᠳ᠋ᠤᠭᠠᠷ ᠰᠠᠷ᠎ᠠ ᠶᠢᠨ ᠬᠢ ᠠᠴᠠ 0.2 ᠵᠠᠭᠤᠨ ᠤ ᠴᠡᠭ ᠳᠡᠭᠡᠭᠰᠢᠯᠡᠵᠡᠢ᠃      ᠠᠵᠤ ᠠᠬᠤᠶᠢᠯᠠᠯ ᠤᠨ ᠠᠰᠢᠭ ᠬᠤᠨᠵᠢᠪᠣᠷᠢ ᠨᠡᠯᠢᠶᠡᠳ ᠲᠦᠷᠭᠡᠨ ᠨᠡᠮᠡᠭᠳᠡᠪᠡ᠃ 1 — 7 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠣᠷᠢ ᠶᠢᠨ ᠪᠥᠬᠦ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 27.9% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 10.8 ᠵᠠᠭᠤᠨ ᠤ ᠴᠡᠭ ᠲᠦᠷᠭᠡᠨ ᠪᠤᠯᠪᠠ︔ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ ᠠᠰᠢᠭ ᠬᠤᠨᠵᠢᠪᠣᠷᠢ ᠶᠢᠨ ᠨᠤᠷᠮ᠎ᠠ ᠨᠢ      10.5% ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.2 ᠵᠠᠭᠤᠨ ᠤ ᠴᠡᠭ ᠳᠡᠭᠡᠭᠰᠢᠯᠡᠵᠦ᠂ ᠪᠦᠬᠦ ᠤᠯᠤᠰ ᠤᠨ ᠳᠤᠮᠳᠠᠴᠢ ᠲᠦᠪᠰᠢᠨ ᠠᠴᠠ 4.0 ᠵᠠᠭᠤᠨ ᠤ ᠴᠡᠭ ᠥᠨᠳᠥᠷ ᠪᠤᠯᠵᠠᠢ᠃      ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠬᠠᠰᠤᠬᠤ ᠲᠠᠯ᠎ᠠ ᠪᠠᠷ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠨᠥᠬᠦᠵᠦ ᠪᠠᠭᠤᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ 1 — 8 ᠳ᠋ᠤᠭᠠᠷ ᠰᠠᠷ᠎ᠠ ᠳᠤ᠂ ᠱᠦᠢᠨᠢ ᠶᠢᠨ ᠦᠢᠯᠡᠳᠬᠦᠨ ᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 11.5%᠎ ᠪᠠᠷ ᠪᠠᠭᠤᠷᠠᠵᠤ᠂ ᠪᠣᠯᠪᠠᠰᠤᠷᠠᠭᠤᠯᠤᠭᠰᠠᠨ ᠬᠤᠵᠢᠷ ᠤᠨ ᠭᠠᠷᠤᠯᠲᠠ 56%᠎ ᠪᠠᠷ ᠪᠠᠭᠤᠷᠠᠪᠠ᠃ ᠬᠥᠮᠥᠷᠭᠡᠯᠡᠯᠲᠡ ᠶᠢ ᠪᠠᠭᠠᠰᠬᠠᠬᠤ ᠲᠠᠯ᠎ᠠ ᠪᠠᠷ᠂ 8 ᠳ᠋ᠤᠭᠠᠷ ᠰᠠᠷ᠎ᠠ ᠶᠢᠨ ᠡᠴᠦᠰ ᠪᠤᠯᠬᠤ ᠳᠤ᠂ ᠪᠥᠬᠦ ᠣᠷᠣᠨ ᠤ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ ᠨᠢ 1330.9 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.9%᠎ ᠪᠠᠷ ᠪᠠᠭᠤᠷᠠᠪᠠ᠃ ᠬᠦᠰᠢᠬᠦᠷᠭᠡ ᠶᠢ ᠬᠠᠰᠤᠬᠤ ᠲᠠᠯ᠎ᠠ ᠪᠠᠷ᠂ 1  — 7 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠦᠷᠦᠩᠭᠡ ᠶᠢᠨ ᠥᠭᠴᠡᠭᠡᠨ ᠤ ᠨᠤᠷᠮ᠎ᠠ ᠨᠢ ᠠᠳᠠᠯᠢ ᠬᠤᠭᠤᠴᠠᠭᠠᠨ ᠤ ᠬᠢ ᠠᠴᠠ 1.6 ᠵᠠᠭᠤᠨ ᠤ ᠴᠡᠭ ᠪᠠᠭᠤᠷᠠᠪᠠ᠃ ᠥᠪᠡᠷ ᠤᠨ ᠦᠷᠳᠡᠭ ᠢ ᠪᠠᠭᠤᠷᠠᠭᠤᠯᠬᠤ ᠲᠠᠯ᠎ᠠ ᠪᠠᠷ᠂ 1 — 7 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠵᠠᠭᠤᠨ ᠲᠥᠭᠦᠷᠢᠭ ᠪᠦᠷᠢ ᠶᠢᠨ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ ᠥᠪᠡᠷ ᠤᠨ ᠦᠷᠲᠡᠭ ᠠᠳᠠᠯᠢ ᠬᠤᠭᠤᠴᠠᠭᠠᠨ ᠤ ᠬᠢ ᠠᠴᠠ 0.65 ᠲᠥᠭᠦᠷᠢᠭ ᠪᠠᠭᠤᠷᠠᠵᠤ᠂ ᠪᠥᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ 7.5 ᠲᠥᠭᠦᠷᠢᠭ ᠳᠤᠤᠷ᠎ᠠ ᠪᠤᠯᠪᠠ᠃ ᠳᠤᠲᠠᠭᠤᠳᠠᠯ ᠢ ᠨᠥᠬᠦᠪᠥᠷᠢᠯᠡᠬᠦ ᠲᠠᠯ᠎ᠠ ᠪᠠᠷ᠂ 1 — 8 ᠳ᠋ᠤᠭᠠᠷ ᠰᠠᠷ᠎ᠠ ᠳᠤ᠂ ᠮᠡᠳᠡᠭᠡ ᠵᠠᠩᠭᠢ ᠶᠢᠨ ᠳᠠᠮᠵᠢᠭᠤᠯᠭ᠎ᠠ ᠶᠢᠨ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠶᠯᠡᠴᠢᠯᠡᠭᠡᠨ ᠤ ᠦᠶᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ      17.4%᠎ ᠪᠠᠷ ᠨᠡᠮᠡᠭᠳᠡᠪᠡ᠃      ᠳᠠᠷᠠᠭᠠᠬᠢ ᠱᠠᠲᠤᠨ ᠳᠤ᠂ ᠥᠪᠡᠷᠲᠡᠭᠡᠨ ᠵᠠᠰᠠᠬᠤ ᠣᠷᠣᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠤᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠣᠳᠣᠬᠠᠨ ᠤ ᠠᠵᠤ ᠠᠬᠤᠶ ᠶᠢᠨ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠰᠠᠭᠤᠷᠢ ᠪᠡᠯᠡᠳᠬᠡᠮᠵᠢ ᠶᠢᠨ ᠬᠦᠷᠢᠶᠡᠨ ᠳᠠᠬᠢ ᠳᠤᠲᠠᠭᠤᠳᠠᠯ ᠢ ᠨᠥᠬᠦᠪᠥᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠥᠭᠵᠢᠯᠲᠡ ᠶᠢᠨ ᠰᠡᠯᠭᠦᠬᠦ ᠬᠦᠴᠦᠨ ᠢ ᠨᠡᠮᠡᠭᠳᠡᠭᠦᠯᠵᠦ᠂ ᠠᠵᠤ ᠠᠬᠤᠶ ᠶᠢᠨ ᠠᠵᠢᠯᠯᠠᠭᠠᠨ ᠤ ᠲᠣᠭᠲᠠᠭᠤᠨ ᠡᠷᠡᠭᠦᠯ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号