ᠪᠦᠬᠦ ᠤᠯᠤᠰ ᠤᠨ ᠰᠦ ᠶᠢᠨ ᠦᠢᠯᠡᠰ ᠢ ᠬᠦᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠬᠤᠷᠠᠯ ᠬᠦᠯᠦᠨ ᠪᠤᠶᠢᠷ ᠬᠤᠳᠠ ᠳᠤ ᠬᠤᠷᠠᠯᠳᠤᠵᠤ ᠬᠤ᠋ ᠴᠦᠨ ᠬᠤᠸᠠ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2018/9/29
     ᠪᠦᠬᠦ ᠤᠯᠤᠰ ᠤᠨ ᠰᠦ ᠶᠢᠨ ᠦᠢᠯᠡᠰ ᠢ ᠬᠦᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠬᠤᠷᠠᠯ 9 ᠳ᠋ᠦ᠋ᠭᠡᠷ ᠰᠠᠷ᠎ᠠ ᠶᠢᠨ 27᠎ ᠤ ᠡᠳᠦᠷ ᠬᠦᠯᠦᠨ ᠪᠤᠶᠢᠷ ᠬᠤᠳᠠ ᠳᠤ ᠬᠤᠷᠠᠯᠳᠤᠪᠠ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠬᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠡᠳ᠋ ᠶᠡᠷᠦᠩᠬᠡᠢ ᠰᠠᠶᠢᠳ ᠬᠤ᠋ ᠴᠦᠨ ᠬᠤᠸᠠ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃ ᠲᠡᠷᠡ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠰᠦ ᠶᠢᠨ ᠦᠢᠯᠡᠰ ᠢ ᠬᠦᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠵᠢᠭᠠᠪᠤᠷᠢ ᠨᠤᠭᠤᠳ ᠤᠨ ᠵᠤᠷᠢᠭ ᠰᠠᠨᠠᠭ᠎ᠠ ᠶᠢ ᠬᠦᠨᠵᠡᠭᠡᠢ ᠳᠤᠭᠤᠰᠢᠯᠠᠭᠤᠯᠵᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠤᠰᠤᠭᠠᠷ᠂ ᠰᠦ ᠶᠢᠨ ᠦᠢᠯᠡᠰ ᠤᠨ ᠦᠢᠯᠡᠳᠪᠦᠷᠢᠯᠡᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠤ᠂ ᠰᠦ ᠶᠢᠨ ᠦᠢᠯᠡᠰ ᠤᠨ ᠬᠦᠭᠵᠢᠯᠳᠡ ᠶᠢᠨ ᠠᠷᠭ᠎ᠠ ᠬᠡᠯᠪᠡᠷᠢ ᠶᠢ ᠰᠢᠨᠡᠴᠢᠯᠡᠨ᠂ ᠰᠦ ᠶᠢᠨ ᠦᠢᠯᠡᠰ ᠤᠨ ᠬᠦᠭᠵᠢᠯᠳᠡ ᠶᠢᠨ ᠶᠠᠰᠦ ᠴᠢᠨᠠᠷ ᠦᠷ᠎ᠠ ᠠᠰᠢᠭ ᠪᠤᠯᠤᠨ ᠦᠷᠢᠰᠦᠯᠳᠦᠭᠦ ᠬᠦᠴᠦᠨ ᠢ ᠲᠠᠰᠤᠷᠠᠯᠳᠠ ᠦᠭᠡᠢ ᠲᠡᠭᠡᠭᠰᠢᠯᠡᠭᠦᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠢᠯᠠᠯᠳᠠ ᠶᠢ ᠤᠯᠬᠤ ᠳᠤ ᠬᠦᠴᠦᠳᠦ ᠲᠤᠯᠭᠠᠭᠤᠷᠢᠯᠠᠯ ᠬᠠᠩᠭᠠᠬᠤ ᠬᠡᠷᠡᠭᠳᠡᠢ ᠭᠡᠵᠡᠢ᠃      ᠬᠤ᠋ ᠴᠦᠨ ᠬᠤᠸᠠ ᠵᠢᠭᠠᠭᠰᠠᠨ ᠨᠢ᠂ ᠰᠦ ᠶᠢᠨ ᠦᠢᠯᠡᠰ ᠢ ᠬᠦᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠪᠤᠯ ᠪᠤᠳᠤᠯᠢᠶᠠᠨᠳᠠᠢ ᠰᠢᠰᠲ᠋ᠧᠮᠳᠦ ᠢᠨᠵᠧᠨᠧᠷᠢᠩ ᠪᠤᠯᠤᠨ᠎ᠠ᠂ ᠡᠷᠬᠡᠪᠰᠢ ᠭᠤᠤᠯᠳᠠᠯᠭ᠎ᠠ ᠶᠢ ᠳᠤᠪᠤᠶᠢᠯᠭᠠᠨ᠂ ᠵᠠᠩᠬᠢᠯᠠᠭ᠎ᠠ ᠶᠢ ᠡᠵᠡᠮᠳᠡᠭᠦ ᠬᠡᠷᠡᠭᠳᠡᠢ᠃ ᠰᠦ ᠶᠢᠨ ᠦᠢᠯᠡᠰ ᠤᠨ ᠬᠦᠭᠵᠢᠯᠳᠡ ᠳᠠᠬᠢ ᠰᠠᠭᠠᠯᠢᠴᠢᠨ ᠤ ᠬᠡᠪᠴᠢᠶᠡᠵᠢᠭᠰᠡᠨ ᠲᠡᠵᠢᠭᠡᠪᠦᠷᠢ ᠶᠢᠨ ᠰᠠᠭᠤᠷᠢ ᠪᠤᠯᠬᠤ ᠪᠠᠶᠢᠷᠢ ᠰᠠᠭᠤᠷᠢ ᠶᠢ ᠲᠦᠷᠭᠡᠨ ᠲᠤᠬᠳᠠᠭᠠᠵᠤ᠂ ᠰᠠᠭᠠᠯᠢᠴᠢᠨ ᠤ ᠬᠡᠷ ᠪᠦᠯᠢ ᠶᠢᠨ ᠮᠠᠯᠵᠢᠯ ᠤᠨ ᠲᠠᠯᠠᠪᠠᠢ ᠶᠢ ᠢᠳᠡᠪᠬᠢᠳᠡᠢ ᠬᠦᠭᠵᠢᠭᠦᠯᠦᠨ᠂ ᠰᠠᠭᠠᠯᠢᠴᠢᠨ ᠤ ᠬᠤᠷᠰᠢᠶ᠎ᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠨᠦᠬᠦᠴᠡᠯ ᠲᠠᠢ ᠰᠠᠭᠠᠯᠢᠴᠢᠨ ᠪᠤᠯᠤᠨ ᠬᠤᠷᠰᠢᠶ᠎ᠠ ᠶᠢᠨ ᠴᠠᠭᠠᠨ ᠢᠳᠡᠭᠡ ᠪᠤᠯᠪᠠᠰᠤᠷᠠᠭᠤᠯᠵᠤ ᠬᠦᠢᠯᠭᠡᠭᠡᠬᠦ ᠬᠦᠭᠵᠢᠭᠦᠯᠭᠦ ᠶᠢ ᠲᠡᠮᠵᠢᠭᠦ ᠬᠡᠷᠡᠭᠳᠡᠢ᠃ ᠴᠠᠭᠠᠨ ᠢᠳᠡᠭᠡ ᠶᠢ ᠪᠤᠯᠪᠠᠰᠤᠷᠠᠭᠤᠯᠬᠤ ᠠᠵᠤ ᠠᠬᠤᠶᠢᠯᠠᠯ ᠤᠨ ᠰᠢᠯᠢᠳᠡᠭᠵᠢᠨ ᠬᠦᠴᠦᠷᠭᠡᠭᠵᠢᠭᠦ ᠶᠢ ᠵᠤᠷᠢᠬᠵᠢᠭᠤᠯᠵᠤ᠂ ᠰᠠᠭᠠᠯᠢᠴᠢᠨ ᠤ ᠠᠰᠢᠭ ᠲᠤᠰᠠ ᠶᠢᠨ ᠬᠤᠯᠪᠤᠭᠠᠨ ᠤ ᠲᠤᠬᠳᠠᠴᠠ ᠶᠢ ᠪᠠᠶᠢᠭᠤᠯᠤᠨ ᠪᠦᠷᠢᠨᠰᠢᠭᠦᠯᠵᠤ᠂ ᠰᠠᠭᠠᠯᠢᠴᠢᠨ ᠤ ᠠᠰᠢᠭ ᠲᠤᠰᠠ ᠶᠢ ᠦᠨᠡᠨ ᠬᠦ ᠪᠠᠳᠤᠯᠠᠬᠤ ᠬᠡᠷᠡᠭᠳᠡᠢ᠃ ᠨᠢᠯᠬ᠎ᠠ ᠬᠡᠤᠭᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠲᠦᠷᠦᠯ ᠲᠡᠮᠳᠡᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠦᠳᠦᠭᠡᠭᠳᠡᠭᠦᠨ ᠤ ᠶᠠᠰᠦ ᠴᠢᠨᠠᠷ᠂ ᠦᠷᠢᠰᠦᠯᠳᠦᠭᠦ ᠬᠦᠴᠦᠨ ᠪᠠ ᠨᠡᠷ᠎ᠠ ᠠᠯᠳᠠᠷᠰᠢᠯ ᠢ ᠨᠢ ᠲᠡᠭᠡᠭᠰᠢᠯᠡᠭᠦᠯᠭᠦ ᠬᠡᠷᠡᠭᠳᠡᠢ᠃ ᠴᠠᠭᠠᠨ ᠢᠳᠡᠭᠡ ᠶᠢᠨ ᠶᠠᠰᠦ ᠴᠢᠨᠠᠷ ᠤᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢ ᠴᠢᠩᠭᠠᠷᠠᠭᠤᠯᠵᠤ᠂ ᠬᠢᠨᠠᠨ ᠰᠢᠯᠭᠠᠵᠤ ᠬᠢᠨᠠᠨ ᠪᠠᠶᠢᠴᠠᠭᠠᠬᠤ ᠰᠢᠰᠲ᠋ᠧᠮ ᠢ ᠪᠦᠷᠢᠨᠰᠢᠭᠦᠯᠦᠨ᠂ ᠶᠠᠰᠦ ᠴᠢᠨᠠᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠳᠤ ᠰᠠᠬᠢᠬᠤ ᠬᠡᠷᠡᠭᠳᠡᠢ᠃ ᠲᠦᠷᠦ ᠶᠢᠨ ᠪᠤᠳᠤᠯᠭ᠎ᠠ ᠶᠢᠨ ᠲᠡᠮᠵᠢᠯᠭᠡ ᠶᠢ ᠴᠢᠩᠭᠠᠳᠬᠠᠵᠤ᠂ ᠰᠢᠨᠵᠢᠯᠡᠭᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠦᠢᠯᠡᠴᠢᠯᠡᠭᠡ ᠪᠠᠨ ᠴᠢᠩᠭᠠᠷᠠᠭᠤᠯᠵᠤ᠂ ᠲᠤᠰ ᠪᠡᠶ᠎ᠠ ᠶᠢᠨ ᠲᠠᠪᠠᠭᠤᠯᠢᠭ ᠢᠶᠠᠨ ᠪᠠᠳᠠᠷᠠᠭᠤᠯᠤᠨ᠂ ᠦᠷᠢᠰᠦᠯᠳᠦᠭᠦ ᠬᠦᠴᠦᠨ ᠪᠦᠬᠦᠢ ᠦᠨᠳᠦᠰᠦᠳᠡᠨ ᠤ ᠰᠦ ᠶᠢᠨ ᠦᠢᠯᠡᠰ ᠢ ᠴᠤᠬᠴᠠᠯᠠᠬᠤ ᠬᠡᠷᠡᠭᠳᠡᠢ ᠭᠡᠵᠡᠢ᠃      ᠦᠪᠦᠷ ᠮᠤᠩᠭᠤᠯ ᠳᠤ ᠪᠠᠶᠢᠭᠰᠠᠨ ᠬᠤᠭᠤᠴᠠᠭᠠᠨ ᠳᠤ ᠪᠠᠨ᠂ ᠬᠤ᠋ ᠴᠦᠨ ᠬᠤᠸᠠ ᠬᠦᠯᠦᠨ ᠪᠤᠶᠢᠷ ᠬᠤᠳᠠ ᠶᠢᠨ ᠬᠠᠶᠢᠯᠠᠷ ᠲᠤᠭᠤᠷᠢᠭ ᠪᠠ ᠬᠢᠩᠭᠠᠨ ᠠᠶᠢᠮᠠᠭ ᠤᠨ ᠤᠯᠠᠭᠠᠨᠬᠤᠳᠠ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠳᠤ ᠬᠦᠷᠴᠤ᠂ ᠰᠦ ᠶᠢᠨ ᠦᠢᠯᠡᠰ ᠢ ᠬᠦᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠵᠤ ᠪᠠᠶᠢᠭ᠎ᠠ ᠵᠢᠴᠢ ᠬᠦᠳᠡᠭᠡ ᠲᠤᠰᠬᠤᠨ ᠤ ᠬᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ ᠤ ᠴᠡᠭᠴᠡᠯᠡᠯᠳᠡ ᠪᠠ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠵᠡᠷᠭᠡ ᠠᠵᠢᠯ ᠤᠨ ᠠᠬᠢᠴᠠ ᠶᠢ ᠪᠤᠳᠠᠳᠠᠢ ᠭᠠᠵᠠᠷ ᠲᠤ ᠨᠢ ᠪᠠᠶᠢᠴᠠᠭᠠᠨ ᠰᠤᠳᠤᠯᠵᠤ᠂ ᠲᠠᠷᠢᠶᠠᠯᠠᠩ ᠤᠨ ᠬᠤᠷᠰᠢᠶ᠎ᠠ ᠶᠢᠨ ᠰᠢᠬᠢᠷ ᠯᠤᠤᠪᠠᠩ ᠤᠨ ᠦᠢᠯᠡᠳᠪᠦᠷᠢᠯᠡᠯ ᠤᠨ ᠰᠠᠭᠤᠷᠢᠨ ᠢᠶᠠᠷ ᠰᠢᠨᠵᠢᠯᠡᠨ ᠪᠠᠶᠢᠴᠠᠭᠠᠬᠤ ᠶᠢᠨ ᠬᠠᠮᠳᠤ᠂ ᠶᠠᠳᠠᠭᠤ ᠬᠦᠴᠢᠷᠳᠡᠯᠳᠡᠢ ᠭᠠᠴᠠᠭ᠎ᠠ ᠪᠤᠯᠤᠨ ᠮᠠᠯᠴᠢᠨ ᠲᠠᠷᠢᠶᠠᠴᠢᠨ ᠤ ᠬᠡᠷ ᠲᠤ ᠭᠦᠨᠵᠡᠭᠡᠶᠢᠷᠡᠵᠦ᠂ ᠶᠠᠳᠠᠭᠤ ᠬᠦᠴᠢᠷᠳᠡᠯᠳᠡᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠎ ᠤᠨ ᠪᠠᠶᠢᠳᠠᠯ ᠢ ᠨᠠᠷᠢᠨ ᠤᠶᠢᠯᠠᠭᠠᠵᠠᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠳᠤ ᠤᠷᠤᠯᠴᠠᠵᠤ ᠪᠠᠶᠠᠷ ᠤᠨ ᠦᠭᠡ ᠬᠡᠯᠡᠵᠤ᠂ ᠲᠦᠪ ᠤᠨ ᠬᠦᠳᠡᠭᠡ ᠲᠤᠰᠬᠤᠨ ᠤ ᠠᠵᠢᠯ ᠤᠨ ᠠᠯᠪᠠᠨ ᠬᠡᠷ ᠤᠨ ᠡᠷᠬᠢᠯᠡᠭᠴᠢ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠶᠠᠮᠤᠨ ᠤ ᠰᠠᠶᠢᠳ ᠬᠠᠨ ᠴᠠᠩ ᠹᠦ᠋ ᠬᠤᠷᠠᠯ ᠢ ᠡᠷᠬᠢᠯᠡᠵᠡᠢ᠃ ᠲᠦᠷᠦ ᠶᠢᠨ ᠶᠠᠪᠤᠳᠠᠯ ᠎ ᠤᠨ ᠬᠤᠷᠢᠶ᠎ᠠ ᠶᠢᠨ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠭᠤᠤ ᠢᠤᠢ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠶᠠᠮᠤᠨ ᠤ ᠲᠡᠳ᠋ ᠰᠠᠶᠢᠳ ᠬᠠᠨ ᠵᠢᠶᠦ᠋ᠨ᠂ ᠢᠤᠢ ᠺᠠᠩ ᠵᠧᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠲᠡᠳᠭᠦᠭᠦ ᠠᠯᠪᠠᠨ ᠬᠡᠷ ᠤᠨ ᠲᠡᠳ᠋ ᠡᠷᠬᠢᠯᠡᠭᠴᠢ ᠬᠤᠩ ᠲᠢᠶᠠᠨ ᠶᠦᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠦᠪᠡᠷᠳᠡᠭᠡᠨ ᠵᠠᠰᠬᠠᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠨᠠᠷᠢᠨ ᠪᠢᠴᠢᠭ ᠤᠨ ᠲᠠᠷᠤᠭ᠎ᠠ ᠯᠦᠸᠧ ᠶᠦᠩ ᠭᠠᠩ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢ ᠪᠢᠩ ᠷᠦᠩ ᠲᠤᠰ ᠲᠤᠰ ᠬᠠᠮᠢᠶ᠎ᠠ ᠪᠦᠬᠦᠢ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号