ᠤᠯᠠᠭᠠᠨᠬᠠᠳᠠ ᠶᠢᠨ ᠮᠥᠩᠭᠦᠨ ᠭᠦᠢᠯᠭᠡᠭᠡᠨ ᠡᠳ᠋ ᠪᠠᠷᠠᠭᠠᠨ ᠤ ᠭᠦᠢᠯᠭᠡᠭᠡ ᠶᠢᠨ ᠭᠠᠷᠠᠮ ᠪᠣᠯ ᠤᠯᠠᠭᠠᠨᠬᠠᠳᠠ | ᠬᠤᠲᠠ ᠶᠢᠨ ᠬᠠᠮᠤᠭ ᠤᠨ ᠲᠤᠮᠤ ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡ ᠶᠢᠨ ᠠᠵᠤ ᠦᠢᠯᠡᠰ ᠤᠨ ᠲᠠᠪᠴᠠᠩ | ᠮᠦᠨ᠂ ᠬᠤᠩᠱᠠᠨ ᠡᠳ᠋ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠤᠨ 2019 ᠣᠨ ᠤ | ᠭᠤᠣᠯᠳᠠᠯᠭ᠎ᠠ ᠲᠠᠢ ᠨᠥᠭᠡᠴᠡᠯᠡᠬᠦ ᠲᠥᠷᠥᠯ ᠵᠦᠢᠯ ᠪᠣᠯᠤᠭᠰᠠᠨ ᠤ ᠬᠤᠪᠢ ᠳᠤ᠂ ᠪᠦᠲᠦᠭᠡᠨ ᠪᠠᠶᠢᠭᠤᠯᠵᠤ | ᠳᠠᠭᠤᠰᠤᠭᠰᠠᠨ ᠤ ᠳᠠᠷᠠᠭ᠎ᠠ ᠤᠯᠠᠭᠠᠨᠬᠠᠳᠠ ᠬᠤᠲᠠ ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ | ᠡᠳ᠋ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠶᠡᠭᠡ ᠪᠠᠶᠢᠷᠢᠰᠢᠯ ᠢ ᠪᠤᠢ ᠪᠣᠯᠭᠠᠬᠤ ᠪᠣᠯᠣᠨ᠎ᠠ᠃ ᠨᠢᠭᠡᠨᠲᠡ | ᠠᠰᠢᠭᠯᠠᠯᠲᠠ ᠳᠤ ᠣᠷᠣᠭᠰᠠᠨ ᠮᠥᠩᠭᠦᠨ ᠭᠦᠢᠯᠭᠡᠭᠡᠨ ᠡᠳ᠋ ᠪᠠᠷᠠᠭᠠᠨ ᠤ ᠭᠦᠢᠯᠭᠡᠭᠡ ᠶᠢᠨ ᠭᠠᠷᠠᠮ ᠤᠨ ᠨᠢᠭᠡ᠂ | ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠳᠤ 308 ᠠᠵᠤ ᠠᠬᠤᠶᠢᠯᠠᠯ ᠣᠷᠣᠵᠤ ᠰᠠᠭᠤᠭᠠᠳ᠂ 5000 | ᠬᠥᠮᠦᠨ ᠳᠤ ᠠᠵᠢᠯ ᠣᠯᠭᠤᠵᠤ᠂ ᠲᠡᠷᠭᠡ ᠦᠭᠡᠢ ᠪᠠᠷ ᠲᠡᠭᠡᠭᠡᠪᠦᠷᠢᠯᠡᠬᠦ᠂ ᠣᠷᠬᠢᠭᠤᠯ ᠴᠢᠷᠦᠭᠦᠯ ᠲᠡᠷᠭᠡ ᠪᠠᠷ | ᠲᠡᠭᠡᠭᠡᠪᠦᠷᠢᠯᠡᠬᠦ᠂ ᠬᠤᠲᠠ ᠶᠢᠨ ᠲᠤᠲᠤᠷ᠎ᠠ ᠲᠣᠬᠢᠷᠠᠭᠤᠯᠤᠨ ᠬᠦᠷᠭᠡᠬᠦ ᠪᠠᠷ ᠪᠡᠯᠭᠡ ᠲᠡᠮᠳᠡᠭ ᠪᠣᠯᠭᠠᠭᠰᠠᠨ ᠡᠳ᠋ | ᠪᠠᠷᠠᠭᠠᠨ ᠤ ᠭᠦᠢᠯᠭᠡᠭᠡ ᠶᠢᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠰᠢᠨ᠎ᠡ ᠲᠠᠪᠴᠠᠩ ᠢ ᠪᠠᠶᠢᠭᠤᠯᠵᠤ᠂ ᠬᠤᠲᠠ ᠶᠢᠨ | ᠲᠤᠲᠤᠷ᠎ᠠ ᠲᠣᠬᠢᠷᠠᠭᠤᠯᠤᠨ ᠬᠦᠷᠭᠡᠬᠦ ᠶᠢ ᠨᠡᠶᠢᠲᠡ ᠶᠢᠨ ᠮᠠᠰᠢᠨᠴᠢᠯᠠᠭᠰᠠᠨ᠂ ᠰᠢᠶᠠᠩ ᠲᠣᠰᠬᠤᠨ ᠤ ᠪᠠᠷᠠᠭᠠᠨ ᠤ | ᠭᠦᠢᠯᠭᠡᠭᠡ ᠶᠢ ᠬᠠᠭᠠᠰ ᠡᠳᠦᠷ ᠲᠤ ᠬᠦᠷᠭᠡᠵᠦ ᠥᠭᠬᠦ ᠶᠢ ᠪᠡᠶᠡᠯᠡᠭᠦᠯᠪᠡ᠃ ᠭᠤᠷᠪᠠᠳᠤᠭᠠᠷ ᠬᠤᠭᠤᠴᠠᠭᠠᠨ ᠤ | ᠢᠨᠵᠧᠨᠧᠷᠢᠩ ᠨᠢ ᠭᠤᠣᠯᠳᠠᠭᠤ ᠶᠡᠷᠦᠩᠬᠡᠶᠢᠯᠡᠭᠰᠡᠨ ᠬᠤᠳᠠᠯᠳᠤᠭᠠᠨ ᠤ ᠶᠠᠪᠤᠳᠠᠯ ᠤᠨ ᠲᠣᠭᠤᠷᠢᠭ᠂ ᠣᠷᠣᠨ ᠪᠦᠰᠡ ᠪᠠᠷ | ᠬᠤᠪᠢᠶᠠᠨ ᠰᠠᠯᠭᠠᠵᠤ ᠥᠭᠬᠦ ᠲᠥᠪ᠂ ᠵᠠᠰᠠᠮᠠᠯ ᠵᠠᠮ ᠤᠨ ᠭᠠᠷᠠᠮ᠂ ᠮᠡᠳᠡᠭᠡ ᠵᠠᠩᠭᠢ ᠶᠢᠨ ᠲᠥᠪ ᠢ ᠪᠠᠶᠢᠭᠤᠯᠤᠨ᠎ᠠ᠂ | ᠶᠡᠷᠦᠩᠬᠡᠶ ᠲᠠᠯᠠᠪᠠᠶ ᠨᠢ ᠪᠠᠷᠤᠭ 10 ᠲᠦᠮᠡᠨ ᠲᠡᠭᠰᠢ ᠳᠥᠷᠪᠡᠯᠵᠢᠨ ᠮᠧᠲᠷ᠂ ᠶᠡᠷᠦᠩᠬᠡᠶ ᠪᠡᠯᠡ ᠣᠷᠣᠭᠤᠯᠤᠯᠲᠠ ᠨᠢ | 5.5 ᠳ᠋ᠦᠩᠰᠢᠭᠤᠷ ᠲᠥᠭᠦᠷᠢᠭ ᠲᠤ ᠬᠦᠷᠦᠨ᠎ᠡ᠃ ᠣᠶᠢᠯᠠᠭᠠᠭᠰᠠᠨ ᠢᠶᠠᠷ᠂ ᠭᠤᠷᠪᠠᠳᠤᠭᠠᠷ ᠬᠤᠭᠤᠴᠠᠭᠠᠨ ᠤ | ᠢᠨᠵᠧᠨᠧᠷᠢᠩ ᠪᠣᠯ ᠡᠳ᠋ ᠪᠠᠷᠠᠭᠠᠨ ᠤ ᠭᠦᠢᠯᠭᠡᠭᠡ ᠶᠢᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠰᠢᠨ᠎ᠡ ᠲᠠᠪᠴᠠᠩ ᠤᠨ | ᠰᠠᠭᠤᠷᠢᠨ ᠳᠡᠭᠡᠷ᠎ᠡ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠰᠢᠨ᠎ᠡ ᠲᠠᠪᠴᠠᠩ ᠢ | ᠪᠠᠶᠢᠭᠤᠯᠵᠤ᠂ ᠪᠠᠶᠢᠭᠤᠯᠤᠭᠰᠠᠨ ᠤ ᠳᠠᠷᠠᠭ᠎ᠠ ᠠᠩᠬ᠎ᠠ ᠠᠯᠬᠤᠮ ᠤᠨ ᠵᠢᠱᠢᠯᠲᠡ ᠪᠠᠷ ᠵᠢᠯ ᠤᠨ ᠪᠠᠷᠠᠭ᠎ᠠ ᠣᠷᠣᠭᠤᠯᠵᠤ | ᠭᠠᠷᠭᠠᠬᠤ ᠬᠡᠮᠵᠢᠶ᠎ᠡ ᠨᠢ 100 ᠲᠦᠮᠡᠨ ᠲᠣᠨ᠂ ᠡᠵᠡᠩᠨᠡᠯᠲᠡ ᠶᠢᠨ ᠨᠣᠷᠮ᠎ᠠ ᠨᠢ 2.2 ᠳ᠋ᠦᠩᠰᠢᠭᠤᠷ ᠲᠥᠭᠦᠷᠢᠭ ᠲᠤ | ᠬᠦᠷᠴᠦ᠂ 1000 ᠠᠴᠠ1500 ᠬᠥᠮᠥᠨ ᠳᠤ ᠠᠵᠢᠯ ᠣᠯᠭᠤᠨ᠂ ᠭᠠᠶᠢᠯᠢ ᠲᠠᠲᠠᠪᠤᠷᠢ ᠨᠢ 1500 ᠲᠦᠮᠡᠨ | ᠲᠥᠭᠦᠷᠢᠭ ᠣᠷᠴᠢᠮ ᠳᠤ ᠬᠦᠷᠦᠨ᠎ᠡ᠃ ᠡᠳ᠋ ᠪᠠᠷᠠᠭᠠᠨ ᠤ ᠭᠦᠢᠯᠭᠡᠭᠡ ᠶᠢᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ | ᠰᠢᠨ᠎ᠡ ᠲᠠᠪᠴᠠᠩ ᠤᠨ ᠰᠠᠭᠤᠷᠢᠨ ᠳᠡᠭᠡᠷ᠎ᠡ ᠵᠢᠵᠢᠭᠯᠡᠨ ᠬᠤᠳᠠᠯᠳᠤᠬᠤ ᠰᠢᠨ᠎ᠡ ᠵᠠᠬ᠎ᠠ ᠳᠡᠯᠭᠡᠭᠦᠷ ᠪᠠᠶᠢᠭᠤᠯᠤᠨ᠂ | ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠨᠠᠬᠢ ᠠᠷᠠᠯᠵᠢᠶᠠᠨ ᠤ ᠪᠡᠶᠡᠴᠢᠯᠡᠨ ᠣᠶᠢᠯᠠᠭᠠᠬᠤ ᠶᠢ ᠵᠡᠷᠭᠡ ᠪᠠᠷ | ᠶᠠᠪᠤᠭᠳᠠᠭᠤᠯᠤᠭᠰᠠᠨ᠂ ᠲᠥᠪᠯᠡᠷᠡᠭᠦᠯᠵᠦ ᠲᠠᠷᠬᠠᠭᠠᠬᠤ᠂ ᠬᠤᠪᠢᠶᠠᠷᠢᠯᠠᠬᠤ᠂ ᠳᠡᠯᠭᠡᠨ ᠦᠵᠡᠭᠦᠯᠵᠦ ᠪᠣᠷᠣᠯᠠᠭᠤᠯᠬᠤ ᠶᠢ | ᠨᠢᠭᠡ ᠴᠣᠠᠠᠴᠠᠵᠢᠭᠤᠯᠥᠠᠠᠰᠡᠨ᠂ ᠤᠳᠤ ᠦᠶ᠎ᠡ ᠶᠢᠨ ᠭᠦᠢᠯᠭᠡᠭᠡ ᠪᠣᠯᠤᠨ ᠬᠠᠩᠭᠠᠯᠭ᠎ᠠ ᠶᠢᠨ ᠬᠡᠯᠬᠢᠶᠡᠰᠦ ᠶᠢᠨ ᠮᠥᠩᠭᠦᠨ | ᠭᠦᠢᠯᠭᠡᠭᠡᠨ ᠤ ᠪᠦᠬᠦ ᠶᠠᠪᠤᠴᠠ ᠳᠤ ᠭᠦᠨᠵᠡᠭᠡᠢ ᠠᠭᠤᠰᠤᠯᠴᠠᠭᠰᠠᠨ ᠬᠤᠳᠠᠯᠳᠤᠭᠠᠨ ᠤ ᠡᠵᠡᠩᠨᠡᠯᠲᠡ ᠶᠢᠨ ᠰᠢᠨ᠎ᠡ | ᠵᠠᠭᠪᠤᠷ ᠢ ᠦᠷᠨᠢᠭᠦᠯᠵᠦ᠂ ︽ ᠪᠠᠷᠠᠭᠠᠨ ᠤ ᠭᠦᠢᠯᠭᠡᠭᠡ᠂ ᠲᠠᠸᠠᠷ ᠤᠨ ᠭᠦᠢᠯᠭᠡᠭᠡ᠂ ᠪᠡᠯᠠ ᠮᠥᠩᠭᠦ ᠶᠢᠨ ᠭᠦᠢᠯᠭᠡᠭᠡ᠂ | ᠮᠡᠳᠡᠭᠡ ᠵᠠᠩᠭᠢ ᠶᠢᠨ ᠭᠦᠢᠯᠭᠡᠭᠡ︾ ᠶᠢ ᠨᠢᠢᠳᠬᠡᠬᠦ ᠪᠣᠯᠣᠨ᠎ᠠ᠃ | ᠮᠥᠩᠭᠦᠨ ᠭᠦᠢᠯᠭᠡᠭᠡᠨ ᠤ ᠡᠳ᠋ ᠪᠠᠷᠠᠭᠠᠨ ᠤ ᠭᠦᠢᠯᠭᠡᠭᠡ ᠶᠢᠨ ᠭᠠᠷᠠᠮ ᠤᠨ ᠳᠥᠷᠪᠡᠳᠦᠭᠡᠷ ᠬᠤᠭᠤᠴᠠᠭᠠᠨ ᠤ | ᠢᠨᠵᠧᠨᠧᠷᠢᠩ ᠢ ᠪᠠᠷᠤᠭ 2020 ᠣᠨ ᠳᠤ ᠪᠠᠷᠢᠯᠭ᠎ᠠ ᠡᠬᠢᠯᠡᠭᠦᠯᠦᠨ ᠪᠦᠳᠦᠭᠡᠨ ᠪᠠᠶᠢᠭᠤᠯᠵᠤ᠂ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠰᠢᠨ᠎ᠡ ᠲᠠᠪᠴᠠᠩ ᠪᠣᠯᠣᠨ ᠵᠠᠰᠠᠮᠠᠯ ᠵᠠᠮ ᠤᠨ ᠰᠢᠨ᠎ᠡ ᠭᠠᠷᠠᠮ ᠢ ᠪᠦᠲᠦᠭᠡᠨ | ᠪᠠᠶᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ᠂ ᠡᠾᠧᠪᠸᠢ ᠶᠢᠨ ᠬᠤᠶᠢᠲᠤ ᠬᠡᠰᠡᠭ᠂ ᠯᠢᠶᠣᠤᠨᠢᠩ ᠤᠨ | ᠪᠠᠷᠠᠭᠤᠨ ᠬᠡᠰᠡᠭ ᠪᠣᠯᠤᠨ ᠪᠡᠭᠡᠵᠢᠩ ᠲᠢᠶᠠᠨᠵᠢᠨ ᠵᠢᠴᠢ ᠪᠦᠸᠧᠬᠠᠢ ᠲᠠᠩᠭᠢᠰ ᠢ ᠲᠣᠭᠤᠷᠢᠭᠰᠠᠨ ᠭᠠᠵᠠᠷ ᠣᠷᠣᠨ ᠤ | ᠳᠡᠭᠡᠳᠦ ᠳᠡᠰ ᠤᠨ ᠪᠠᠷᠠᠭᠠᠨ ᠤ ᠭᠦᠢᠯᠭᠡᠭᠡ ᠶᠢᠨ ᠭᠠᠷᠠᠮ ᠢ ᠪᠤᠢ ᠪᠣᠯᠭᠠᠨ᠎ᠠ᠃ ᠳᠥᠷᠪᠡᠳᠦᠭᠡᠷ ᠬᠤᠭᠤᠴᠠᠭᠠᠨ ᠤ | ᠢᠨᠵᠧᠨᠧᠷᠢᠩ ᠪᠦᠬᠦᠨ ᠢᠶᠠᠷ ᠢᠶᠠᠨ ᠪᠠᠶᠢᠭᠤᠯᠤᠭᠳᠠᠭᠰᠠᠨ ᠤ ᠳᠠᠷᠠᠭ᠎ᠠ᠂ ᠵᠢᠱᠢᠯᠲᠡ ᠪᠠᠷ ᠪᠠᠷᠠᠭ᠎ᠠ ᠣᠷᠣᠭᠤᠯᠵᠤ ᠭᠠᠷᠭᠠᠬᠤ | ᠬᠡᠮᠵᠢᠶ᠎ᠡ ᠨᠢ 400 ᠲᠦᠮᠡᠨ ᠲᠣᠨ᠂ ᠡᠵᠡᠩᠨᠡᠯᠲᠡ ᠶᠢᠨ ᠨᠤᠷᠮ᠎ᠠ ᠨᠢ 10 ᠳ᠋ᠦᠩᠰᠢᠭᠤᠷ ᠲᠥᠭᠦᠷᠢᠭ ᠲᠤ ᠬᠦᠷᠴᠦ᠂ | 8500 ᠬᠥᠮᠦᠨ ᠳᠤ ᠠᠵᠢᠯ ᠣᠯᠭᠤᠨ᠂ ᠣᠷᠬᠢᠭᠤᠯ ᠴᠢᠷᠦᠭᠦᠯ ᠲᠡᠭᠡᠭᠡᠪᠦᠷᠢ ᠶᠢᠨ ᠦᠷᠳᠡᠭᠡ᠂ ᠬᠤᠲᠠ ᠶᠢᠨ | ᠳᠣᠭᠢᠷᠠᠭᠤᠯᠤᠨ ᠬᠦᠷᠭᠡᠬᠦ ᠲᠥᠪ᠂ ᠮᠡᠳᠡᠭᠡ ᠵᠠᠩᠭᠢ ᠶᠢᠨ ᠲᠥᠪ᠂ ᠣᠷᠣᠨ ᠪᠦᠰᠡ ᠪᠠᠷ ᠬᠤᠪᠢᠶᠠᠨ ᠰᠠᠯᠭᠠᠵᠤ ᠥᠭᠬᠦ | ᠦᠵᠡᠭᠦᠯᠦᠯᠭᠡ ᠶᠢᠨ ᠲᠥᠪ᠂ ᠵᠠᠰᠠᠮᠠᠯ ᠵᠠᠮ ᠤᠨ ᠭᠠᠷᠠᠮ᠂ ᠮᠥᠩᠭᠦᠨ ᠭᠦᠢᠯᠭᠡᠭᠡᠨ ᠤ ᠡᠳ᠋ ᠪᠠᠷᠠᠭᠠᠨ ᠤ ᠭᠦᠢᠯᠭᠡᠭᠡ ᠶᠢᠨ | ᠲᠥᠪ ᠢ ᠴᠣᠭᠴᠠᠯᠠᠨ᠂ ᠰᠢᠨ᠎ᠡ ᠪᠠᠷᠠᠭ᠎ᠠ ᠶᠢᠨ ᠭᠦᠢᠯᠭᠡᠭᠡᠨ᠂ ᠵᠢᠵᠢᠭᠯᠡᠨ ᠬᠤᠳᠠᠯᠳᠤᠬᠤ ᠰᠢᠨ᠎ᠡ ᠪᠠᠶᠢᠳᠠᠯ᠂ ᠰᠢᠨ᠎ᠡ | ᠮᠥᠩᠭᠦᠨ ᠭᠦᠢᠯᠭᠡᠭᠡᠨ ᠭᠡᠬᠦ ᠭᠤᠷᠪᠠᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠰᠢᠨ᠎ᠡ ᠲᠠᠪᠴᠠᠩ ᠢ ᠪᠠᠶᠢᠭᠤᠯᠤᠨ᠎ᠠ᠃ | | |