ᠪᠤᠭᠤᠲᠤ ᠬᠤᠲᠠ ᠶᠢᠨ ᠬᠤᠶᠠᠷ ᠡᠮᠨᠡᠯᠭᠡ ᠶᠢᠨ ᠬᠤᠷᠢᠶ᠎ᠠ ᠳᠤᠮᠳᠠᠳᠤ ᠤᠯᠤᠰ ᠤᠨ ᠰᠢᠷᠬ᠎ᠠ ᠡᠮᠨᠡᠨ ᠵᠠᠰᠠᠬᠤ ᠲᠥᠪ ᠢ ᠪᠠᠶᠢᠭᠤᠯᠵᠤ ᠡᠬᠢᠯᠡᠪᠡ
ᠨᠡᠶᠢᠲᠡᠯᠡᠭᠰᠡᠨ ᠴᠠᠭ᠄
2018/9/3
     ᠦᠢᠷ᠎ᠠ ᠳᠤ᠂ ᠳᠤᠮᠳᠠᠳᠤ ᠤᠯᠤᠰ ᠤᠨ ᠰᠢᠷᠬ᠎ᠠ ᠡᠮᠨᠡᠨ ᠵᠠᠰᠠᠬᠤ ᠬᠤᠯᠪᠣᠭ᠎ᠠ ᠶᠢᠨ ᠬᠢᠨ ︽ᠰᠢᠷᠬ᠎ᠠ ᠡᠮᠨᠡᠨ ᠵᠠᠰᠠᠬᠤ ᠲᠥᠪ ᠢ ᠪᠥᠳᠥᠭᠡᠨ ᠪᠠᠶᠢᠭᠤᠯᠬᠤ ᠨᠢᠭᠡᠴᠢ︾᠎ ᠶᠢᠨ ᠭᠡᠷ᠎ᠡ ᠲᠣᠭᠲᠠᠬᠤ ᠡᠬᠢᠯᠡᠯᠲᠡ ᠶᠢᠨ ᠶᠣᠰᠣᠯᠠᠯ ᠵᠢᠴᠢ ᠡᠷᠳᠡᠮ ᠰᠢᠨᠵᠢᠯᠡᠭᠡᠨ ᠤ ᠢᠯᠡᠳᠬᠡᠯ ᠪᠤᠭᠤᠲᠤ ᠬᠤᠲᠠ ᠳᠤ ᠪᠣᠯᠪᠠ᠃ ᠪᠤᠭᠤᠲᠤ ᠬᠤᠲᠠ ᠶᠢᠨ ᠭᠤᠣᠯ ᠡᠮᠨᠡᠯᠭᠡ ᠶᠢᠨ ᠬᠤᠷᠢᠶ᠎ᠠ᠂  ᠪᠤᠭᠤᠳᠤ ᠡᠮᠨᠡᠯᠭᠡ ᠶᠢᠨ ᠬᠤᠷᠢᠶ᠎ᠠ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠨᠢ ᠳᠤᠮᠳᠠᠳᠤ ᠤᠯᠤᠰ ᠤᠨ ᠰᠢᠷᠭ᠎ᠠ ᠡᠮᠨᠡᠨ ᠵᠠᠰᠠᠬᠤ ᠬᠤᠯᠪᠣᠭ᠎ᠠ ᠶᠢᠨ ᠰᠢᠷᠬ᠎ᠠ ᠡᠮᠨᠡᠨ ᠵᠠᠰᠠᠬᠤ ᠲᠥᠪ ᠤᠨ ᠪᠦᠲᠦᠭᠡᠨ ᠪᠠᠶᠢᠭᠤᠯᠤᠯᠲᠠ ᠳᠤ ᠭᠠᠷ ᠤᠨ ᠦᠰᠦᠭ ᠵᠢᠷᠤᠵᠤ ᠡᠬᠢᠯᠡᠭᠦᠯᠵᠡᠢ᠂ ᠡᠨᠡ ᠨᠢ ᠥᠪᠡᠷᠲᠡᠭᠡᠨ ᠵᠠᠰᠠᠬᠤ ᠣᠷᠣᠨ ᠤ ᠳᠤᠮᠳᠠᠳᠤ ᠤᠯᠤᠰ ᠤᠨ ᠰᠢᠷᠬ᠎ᠠ ᠡᠮᠨᠡᠨ ᠵᠠᠰᠠᠬᠤ ᠬᠤᠯᠪᠣᠭ᠎ᠠ ᠶᠢᠨ ᠰᠢᠷᠬ᠎ᠠ ᠡᠮᠨᠡᠨ ᠵᠠᠰᠠᠬᠤ ᠲᠥᠪ ᠢ ᠪᠦᠲᠦᠭᠡᠨ ᠪᠠᠶᠢᠭᠤᠯᠬᠤ ᠠᠵᠢᠯ ᠪᠦᠬᠦ ᠲᠠᠯ᠎ᠠ ᠪᠠᠷ ᠡᠬᠢᠯᠡᠭᠰᠡᠨ ᠢ ᠬᠠᠷᠠᠭᠤᠯᠵᠤ ᠪᠤᠢ᠃ ᠲᠤᠰ ᠵᠢᠯ ᠳᠤ᠂ ᠥᠪᠡᠷᠲᠡᠭᠡᠨ ᠵᠠᠰᠠᠬᠤ ᠣᠷᠣᠨ ᠲᠤᠰ ᠣᠷᠣᠨ ᠤ ᠳᠡᠰ ᠤᠨ ᠬᠤᠲᠠ ᠳᠤ ᠳᠤᠮᠳᠠᠳᠤ ᠤᠯᠤᠰ ᠤᠨ ᠰᠢᠷᠬ᠎ᠠ ᠡᠮᠨᠡᠨ ᠵᠠᠰᠠᠬᠤ ᠬᠤᠯᠪᠣᠭ᠎ᠠ ᠶᠢᠨ ᠰᠢᠷᠬ᠎ᠠ ᠶᠢ ᠡᠮᠨᠡᠨ ᠵᠠᠰᠠᠬᠤ ᠲᠥᠪ ᠤᠨ ᠪᠠᠶᠢᠭᠤᠯᠤᠯᠲᠠ ᠶᠢᠨ ᠠᠵᠢᠯ ᠢ ᠪᠡᠶᠡᠯᠡᠭᠦᠯᠵᠦ᠂ 2020 ᠣᠨ ᠪᠣᠯᠬᠤ ᠳᠤ ᠳᠤᠮᠳᠠᠳᠤ ᠤᠯᠤᠰ ᠤᠨ ᠰᠢᠷᠬ᠎ᠠ ᠡᠮᠨᠡᠨ ᠵᠠᠰᠠᠬᠤ ᠬᠤᠯᠪᠣᠭ᠎ᠠ ᠶᠢᠨ ᠰᠢᠷᠬ᠎ᠠ ᠡᠮᠨᠡᠨ ᠵᠠᠰᠠᠬᠤ ᠲᠥᠪ ᠢ ᠰᠢᠶᠠᠨ ᠤ ᠲᠠᠰ ᠤᠨ ᠬᠤᠲᠠ ᠳᠤ ᠪᠦᠬᠦ ᠲᠠᠯ᠎ᠠ ᠪᠠᠷ ᠳᠡᠯᠭᠡᠷᠡᠭᠦᠯᠬᠦ ᠶᠢ ᠪᠡᠶᠡᠯᠡᠭᠦᠯᠦᠨ᠎ᠡ᠃ ᠡᠨᠡ ᠤᠳᠠᠭᠠᠨ ᠤ ᠰᠢᠷᠬ᠎ᠠ ᠡᠮᠨᠡᠨ ᠵᠠᠰᠠᠬᠤ ᠲᠥᠪ ᠢ ᠪᠠᠶᠢᠭᠤᠯᠬᠤ ᠠᠵᠢᠯ ᠢ ᠡᠬᠢᠯᠡᠭᠦᠯᠦᠭᠰᠡᠨ ᠶᠠᠪᠤᠳᠠᠯ ᠨᠢ ᠬᠤᠵᠢᠮ ᠤᠨ ᠭᠡᠨᠡᠳᠲᠡ ᠶᠢᠨ ᠬᠡᠷᠡᠭ ᠠᠴᠠ ᠪᠣᠯᠣᠭᠰᠠᠨ ᠰᠢᠷᠬ᠎ᠠ ᠡᠮᠨᠡᠨ ᠵᠠᠰᠠᠬᠤ ᠳᠤ ᠭᠦᠨ ᠨᠥᠯᠥᠭᠡ ᠦᠵᠡᠭᠦᠯᠬᠦ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号