ᠦᠪᠡᠷᠳᠡᠭᠡᠨ ᠵᠠᠰᠠᠬᠤ ᠤᠷᠤᠨ ᠭᠤᠷᠪᠠᠳᠤᠭᠠᠷ ᠤᠯᠠᠷᠢᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ  ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠵᠤ  ᠪᠦ᠋ ᠰᠢᠶᠤᠤ ᠯᠢᠨ ᠴᠢᠬᠤᠯᠠ ᠴᠤᠬᠤᠯᠠᠪᠤᠷᠢ ᠦᠭᠴᠠᠢ
ᠨᠡᠶᠢᠲᠡᠯᠡᠭᠰᠡᠨ ᠴᠠᠭ᠄
2018-09-03
     8 ᠳ᠋ᠤᠭᠠᠷ ᠰᠠᠷ᠎ᠠ ᠶᠢᠨ 30 ᠤ ᠡᠳᠦᠷ᠂ ᠦᠪᠡᠷᠳᠡᠭᠡᠨ ᠵᠠᠰᠠᠬᠤ ᠤᠷᠤᠨ ᠠᠴᠠ ᠭᠤᠷᠪᠠᠳᠤᠭᠠᠷ ᠤᠯᠠᠷᠢᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠵᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠳᠤᠬᠠᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠢ ᠬᠦᠨᠵᠡᠬᠡᠢ ᠵᠠᠳᠠᠯᠵᠤ᠂ ᠳᠠᠷᠠᠭᠠᠴᠢ ᠶᠢᠨ ᠬᠤᠭᠤᠴᠠᠭᠠᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠪᠠᠶᠢᠷᠢᠯᠠᠭᠤᠯᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠲᠠᠷᠢᠬᠦᠯᠡᠭᠴᠢ ᠪᠦ᠋ ᠰᠢᠶᠤᠤ ᠯᠢᠨ ᠲᠤᠰ ᠤᠳᠠᠭ᠎ᠠ ᠶᠢᠨ ᠬᠤᠷᠠᠯ ᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠶᠢᠯᠠᠨ ᠴᠢᠬᠤᠯᠠ ᠴᠤᠬᠤᠯᠠᠪᠤᠷᠢ ᠦᠭᠴᠡᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠳᠡᠷᠢᠬᠦᠯᠡᠭᠴᠢ ᠮᠠ ᠰᠢᠦᠸᠠᠢ ᠵᠢᠶᠦ᠋ᠨ ᠬᠤᠷᠠᠯ ᠳᠤ ᠤᠷᠤᠯᠴᠠᠵᠤ᠂ ᠪᠦ᠋ ᠰᠢᠶᠤᠤ ᠯᠢᠨ ᠲᠡᠷᠢᠬᠦᠯᠡᠭᠴᠢ ᠶᠢᠨ ᠴᠢᠬᠤᠯᠠ ᠴᠤᠬᠤᠯᠠᠪᠤᠷᠢ ᠶᠢ ᠤᠯᠠᠮᠵᠢᠯᠠᠭᠰᠠᠨ ᠪᠦᠬᠡᠳ ᠶᠠᠷᠢᠶ᠎ᠠ ᠳᠠᠯᠪᠢᠪᠠ᠃      ᠪᠦ᠋ ᠰᠢᠶᠤᠤ ᠯᠢᠨ ᠴᠤᠬᠤᠯᠠᠪᠤᠷᠢ ᠳᠤ ᠪᠠᠨ ᠵᠢᠭᠠᠭᠰᠠᠨ ᠨᠢ᠂ ᠠᠶᠤᠯ ᠦᠭᠡᠢ ᠦᠢᠯᠡᠳᠪᠦᠷᠢᠯᠡᠯ ᠨᠢ ᠠᠷᠠᠳ ᠲᠦᠮᠡᠨ ᠤ ᠵᠤᠯ ᠵᠢᠷᠭᠠᠯ ᠲᠠᠢ ᠬᠤᠯᠪᠤᠭᠳᠠᠨ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠶᠡᠭᠡ ᠳᠠᠯ᠎ᠠ ᠲᠠᠢ ᠬᠤᠯᠪᠤᠭᠳᠠᠵᠤ ᠪᠠᠶᠢᠳᠠᠭ᠂ ᠦᠴᠦᠭᠡᠨ ᠲᠡᠳᠤᠢ ᠴᠤ ᠰᠤᠯᠠᠷᠠᠭᠤᠯᠵᠤ ᠪᠤᠯᠬᠤ ᠦᠭᠡᠢ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠳ ᠶᠡᠷᠦᠩᠬᠡᠢ ᠱᠦᠵᠢ ᠰᠢ ᠶᠢᠨ ᠫᠢᠡᠭ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠳᠤᠬᠠᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠵᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠤ᠂ ᠠᠮᠦᠷ ᠲᠦᠪᠰᠢᠨ ᠬᠦᠭᠵᠢᠯᠳᠡ ᠶᠢᠨ ᠤᠨᠤᠯᠵᠢᠬᠤᠨ ᠢ ᠪᠠᠳᠤ ᠪᠤᠢ ᠪᠤᠯᠭᠠᠵᠤ᠂ ᠤᠷᠤᠨ ᠨᠤᠳᠤᠬ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠠᠵᠢᠯ ᠲᠦᠷᠦᠯ ᠬᠦᠷᠢᠶ᠎ᠠ ᠴᠠᠷᠠᠭ᠎ᠠ ᠶᠢᠨ ᠳᠤᠰᠬᠠᠢ ᠲᠦᠷᠦᠯ ᠤᠨ ᠴᠡᠭᠴᠡᠯᠡᠨ ᠵᠠᠰᠠᠯᠳᠠ ᠶᠢ ᠳᠤᠪᠤᠶᠢᠯᠭᠠᠨ ᠰᠠᠶᠢᠲᠤᠷ ᠠᠳᠬᠤᠵᠤ᠂ ᠬᠢᠨᠠᠨ ᠬᠠᠮᠢᠶᠠᠷᠴᠦ ᠬᠠᠤᠯᠢ ᠬᠡᠷᠡᠭᠵᠢᠬᠦᠯᠬᠦ᠂ ᠠᠮᠦᠷ ᠲᠦᠪᠰᠢᠨ ᠤ ᠠᠶᠤᠯ ᠲᠦᠭᠰᠢᠬᠦᠷᠢ ᠶᠢ ᠬᠠᠮᠢᠶᠠᠷᠴᠦ ᠡᠵᠡᠮᠳᠡᠬᠦ ᠪᠠ ᠬᠡᠮ ᠰᠤᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠦᠨᠳᠤ ᠨᠤᠴᠢᠳᠠᠢ ᠤᠨᠴᠠ ᠶᠡᠭᠡ ᠠᠳᠡᠯ ᠡᠬᠦᠰᠬᠦ ᠶᠢ ᠴᠢᠩᠭ᠎ᠠ ᠰᠡᠷᠭᠡᠶᠢᠯᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠳᠡ ᠪᠠ ᠨᠡᠶᠢᠭᠡᠮ ᠤᠨ ᠡᠶ᠎ᠡ ᠵᠤᠬᠢᠴᠠᠩᠭᠤᠢ ᠳᠤᠭᠳᠠᠭᠤᠨ ᠢ ᠠᠬᠢᠭᠤᠯᠬᠤ ᠳᠤ ᠦᠵᠡᠬᠦᠯᠪᠡᠰᠤ ᠵᠤᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠳᠠᠢ ᠭᠡᠵᠡᠢ᠃      ᠬᠤᠷᠠᠯ ᠠᠴᠠ ᠵᠢᠭᠠᠭᠰᠠᠨ ᠨᠢ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠠᠷᠠᠳ ᠤᠯᠠᠨ ᠤ ᠠᠮᠦᠷ ᠲᠦᠪᠰᠢᠨ ᠲᠠᠢ ᠬᠤᠯᠪᠤᠭᠳᠠᠨ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠶᠡᠭᠡ ᠳᠠᠯ᠎ᠠ ᠲᠠᠢ ᠬᠤᠯᠪᠤᠭᠳᠠᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠳ ᠤᠯᠤᠰ ᠲᠦᠷᠦ ᠶᠢᠨ ᠵᠤᠭᠰᠤᠴᠠ ᠪᠠᠨ ᠦᠨᠡᠨ ᠬᠦ ᠳᠡᠭᠡᠭᠰᠢᠯᠡᠬᠦᠯᠵᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠵᠤ᠂ ᠬᠠᠷᠢᠭᠤᠴᠠᠯᠭ᠎ᠠ ᠪᠠᠨ ᠴᠢᠩᠭᠠᠳᠬᠠᠨ ᠬᠤᠷᠢᠭ᠎ᠠ ᠱᠤᠭᠤᠮ ᠢ ᠪᠠᠳᠤ ᠰᠠᠬᠢᠵᠤ ᠲᠦᠷᠢᠮ ᠢ ᠳᠡᠬᠦᠯᠳᠡᠷᠵᠢᠬᠦᠯᠤᠨ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠦᠴᠦᠭᠡᠨ ᠴᠤ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠬᠤ ᠬᠡᠷᠡᠭᠳᠠᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠳ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠯᠭᠠᠮ᠎ᠠ ᠪᠠᠶᠢᠳᠠᠯ ᠢ ᠰᠡᠷᠭᠡᠭ ᠢᠶᠠᠷ ᠳᠠᠨᠢᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠵᠠᠩᠬᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠭᠤᠤᠯᠳᠠᠯᠭ᠎ᠠ ᠲᠠᠢ ᠬᠦᠷᠢᠶ᠎ᠠ ᠴᠠᠷᠠᠭ᠎ᠠ ᠭᠤᠤᠯᠳᠠᠯᠭ᠎ᠠ ᠲᠠᠢ ᠠᠵᠢᠯ ᠲᠦᠷᠦᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠦᠷᠬᠦᠯᠵᠢᠯᠡᠨ ᠰᠠᠶᠢᠲᠤᠷ ᠬᠢᠵᠤ᠂ ᠠᠮᠦᠷ ᠲᠦᠪᠰᠢᠨ ᠤ ᠬᠡᠮ ᠰᠤᠭᠤᠭ ᠤᠨ ᠪᠠᠶᠢᠴᠠᠭᠠᠯᠲᠠ ᠶᠢ ᠪᠠᠶᠢᠩᠭᠤ ᠶᠢᠨ ᠴᠢᠨᠠᠷᠳᠠᠢ ᠪᠠᠷ ᠦᠷᠨᠢᠬᠦᠯᠵᠤ᠂ ᠠᠮᠦᠷ ᠲᠦᠪᠰᠢᠨ ᠤ ᠴᠡᠭᠴᠡᠯᠡᠨ ᠵᠠᠰᠠᠯᠳᠠ ᠶᠢᠨ ᠠᠵᠢᠯ ᠢ ᠪᠠᠶᠢᠩᠭᠤ ᠶᠢᠨ ᠴᠢᠨᠠᠷᠳᠠᠢ ᠪᠠᠷ ᠠᠬᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠬᠠᠤᠯᠢ ᠬᠡᠷᠡᠭᠵᠢᠬᠦᠯᠦᠯᠳᠡ ᠶᠢ ᠪᠠᠶᠢᠩᠭᠤ ᠶᠢᠨ ᠴᠢᠨᠠᠷᠳᠠᠢ ᠪᠠᠷ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠳᠤᠰᠠᠯᠠᠬᠤ ᠰᠢᠰᠲ᠋ᠧᠮ ᠤᠨ ᠪᠠᠶᠢᠭᠤᠯᠤᠯᠲᠠ ᠶᠢ ᠪᠠᠶᠢᠩᠭᠤ ᠶᠢᠨ ᠴᠢᠨᠠᠷᠳᠠᠢ ᠪᠠᠷ ᠴᠢᠩᠭᠠᠳᠬᠠᠵᠤ᠂ ᠠᠮᠤᠷ ᠲᠦᠪᠰᠢᠨ ᠤ ᠤᠬᠠᠭᠤᠯᠭ᠎ᠠ ᠬᠦᠮᠦᠵᠢᠯ ᠤᠨ ᠠᠵᠢᠯ ᠢ ᠪᠠᠶᠢᠩᠭᠤ ᠶᠢᠨ ᠴᠢᠨᠠᠷᠳᠠᠢ ᠪᠠᠷ ᠰᠠᠶᠢᠲᠤᠷ ᠬᠢᠵᠤ᠂ ᠪᠦᠬᠦ ᠵᠢᠯ ᠤᠨ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠤᠨ ᠳᠤᠭᠳᠠᠭᠤᠨ ᠪᠠᠶᠢᠬᠤ ᠶᠢ ᠪᠠᠳᠤᠯᠠᠬᠤ ᠬᠡᠷᠡᠭᠳᠠᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号