ᠬᠥᠬᠡᠬᠤᠲᠠ ᠰᠣᠶᠣᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2018/9/30
     10 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠬᠥᠬᠡᠬᠤᠲᠠ ᠭᠡᠷᠡᠴᠢ ᠦᠨᠡᠮᠯᠡᠯ ᠦᠭᠡᠢ ᠵᠤᠭ᠎ᠠ ᠴᠡᠩᠭᠡᠯ᠂ ᠰᠦᠯᠵᠢᠶᠡᠨ ᠪᠠᠭᠠᠷ ᠵᠡᠷᠭᠡ ᠰᠣᠶᠣᠯ ᠤᠨ ᠡᠵᠡᠩᠨᠡᠯᠲᠡ ᠶᠢᠨ ᠲᠠᠯᠠᠪᠤᠷ ᠭᠠᠵᠠᠷ ᠲᠤ ᠢᠯᠭᠠᠷᠠᠭᠤᠯᠤᠨ ᠴᠡᠭᠴᠡᠯᠡᠬᠦ ᠠᠵᠢᠯ ᠴᠡᠭᠴᠡᠯᠡᠯᠲᠡ ᠬᠢᠵᠦ᠂ ᠠᠶᠤᠯ ᠦᠭᠡᠢ ᠦᠢᠯᠡᠳᠪᠦᠷᠢᠯᠡᠯ ᠤᠨ ᠬᠡᠮ ᠰᠣᠭᠤᠭ ᠢ ᠵᠠᠰᠠᠵᠤ᠂ ᠬᠦᠨᠳᠦ ᠶᠡᠭᠡ ᠠᠳᠡᠯ ᠢ ᠪᠦᠲᠦᠮᠵᠢᠲᠡᠶ ᠰᠡᠷᠭᠡᠶᠢᠯᠡᠬᠦ ᠪᠠ ᠡᠷᠡᠰ ᠬᠤᠷᠢᠭᠯᠠᠵᠤ᠂ ᠰᠣᠶᠣᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠬᠤ ᠪᠠᠷ ᠪᠠᠶᠢᠨ᠎ᠠ᠃      ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠯᠲᠠ ᠳᠤ ᠭᠤᠤᠯᠳᠠᠭᠤ ᠰᠣᠶᠣᠯ᠂ ᠳᠣᠲᠣᠭᠠᠳᠤ ᠶᠢ ᠬᠠᠮᠠᠭᠠᠯᠠᠬᠤ᠂ ᠭᠠᠯ ᠢ ᠰᠡᠷᠭᠡᠶᠢᠯᠡᠬᠦ᠂ ᠠᠵᠤ ᠦᠢᠯᠡᠳᠪᠦᠷᠢ ᠬᠤᠳᠠᠯᠳᠤᠭ᠎ᠠ ᠵᠡᠷᠭᠡ ᠰᠠᠯᠠᠭ᠎ᠠ ᠮᠥᠴᠢᠷ ᠢᠶᠠᠷ ᠵᠦᠪᠰᠢᠶᠡᠷᠡᠭᠦᠯᠦᠭᠰᠡᠨ ᠦᠭᠡᠢ᠂ ᠳᠤᠷ᠎ᠠ ᠪᠠᠷ ᠢᠶᠠᠨ ᠪᠠᠶᠢᠭᠤᠯᠤᠭᠰᠠᠨ ᠵᠤᠭ᠎ᠠ ᠴᠡᠩᠭᠡᠯ ᠤᠨ ᠲᠠᠯᠠᠪᠤᠷ ᠭᠠᠵᠠᠷ ᠢ ᠴᠢᠩᠭ᠎ᠠ ᠪᠠᠶᠢᠴᠠᠭᠠᠵᠤ᠂ ᠡᠷᠬᠢᠯᠡᠬᠦ ᠨᠦᠭᠦᠴᠡᠯ ᠳᠤ ᠨᠡᠶᠢᠴᠡᠬᠦ ᠦᠭᠡᠢ ᠵᠢᠴᠢ ᠳᠤᠷ᠎ᠠ ᠪᠠᠷ ᠢᠶᠠᠨ ᠪᠠᠶᠢᠭᠤᠯᠤᠭᠰᠠᠨ ᠵᠤᠭ᠎ᠠ ᠴᠡᠩᠭᠡᠯ ᠤᠨ ᠲᠠᠯᠠᠪᠤᠷ ᠭᠠᠵᠠᠷ᠂ ᠰᠦᠯᠵᠢᠶᠡᠨ ᠪᠠᠭᠠᠷ ᠵᠡᠷᠭᠡ ᠰᠣᠶᠣᠯ ᠤᠨ ᠡᠵᠡᠩᠨᠡᠯᠲᠡ ᠶᠢᠨ ᠲᠠᠯᠠᠪᠤᠷ ᠭᠠᠵᠠᠷ ᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠡᠭᠦᠷᠭᠡ ᠬᠠᠷᠢᠭᠤᠴᠠᠯᠭ᠎ᠠ ᠶᠢᠨ ᠬᠡᠪᠴᠢᠶ᠎ᠡ ᠶᠤᠰᠤᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠬᠠᠤᠯᠢ ᠬᠡᠷᠡᠭᠵᠢᠭᠦᠯᠬᠦ ᠠᠵᠢᠯᠲᠠᠳ ᠲᠤ ᠰᠦᠯᠵᠢᠶᠡᠨ ᠪᠠᠭᠠᠷ᠂ ᠵᠤᠭ᠎ᠠ ᠴᠡᠩᠭᠡᠯ ᠤᠨ ᠲᠠᠯᠠᠪᠤᠷ ᠭᠠᠵᠠᠷ ᠤᠨ ᠭᠠᠯ ᠤᠨᠲᠠᠷᠠᠭᠠᠬᠤ ᠠᠮᠤᠷ ᠲᠦᠪᠰᠢᠨ ᠳᠤ ᠵᠠᠬ᠎ᠠ ᠳᠠᠷᠠᠭᠠᠯᠠᠨ ᠪᠠᠶᠢᠴᠠᠭᠠᠯᠲᠠ ᠬᠢᠵᠦ᠂ ᠡᠯ᠎ᠡ ᠲᠦᠷᠦᠯ ᠤᠨ ᠰᠣᠶᠣᠯ ᠤᠨ ᠡᠵᠡᠩᠨᠡᠯᠲᠡ ᠶᠢᠨ ᠲᠠᠯᠠᠪᠤᠷ ᠭᠠᠵᠠᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠡᠯᠡᠳᠬᠡᠮᠵᠢ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠡᠵᠡᠩᠨᠡᠯᠲᠡ ᠶᠢᠨ ᠲᠠᠯᠠᠪᠤᠷ ᠭᠠᠵᠠᠷ ᠠᠮᠤᠷ ᠲᠦᠪᠰᠢᠨ ᠤ ᠠᠵᠢᠯ ᠤᠨ ᠪᠡᠯᠡᠳᠬᠡᠯ ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠬᠤ ᠲᠠᠷᠬᠠᠭᠠᠬᠤ ᠪᠡᠯᠡᠳᠬᠡᠯ ᠲᠥᠰᠦᠯ ᠵᠡᠷᠭᠡ ᠡᠯ᠎ᠡ ᠵᠦᠶᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢ ᠨᠢ ᠰᠢᠮᠳᠠᠭᠤᠯᠵᠤ᠂ ᠴᠤᠬᠤᠶᠢᠯᠲᠠ ᠶᠢᠨ ᠴᠢᠨᠠᠷᠲᠠᠶ ᠪᠠ ᠬᠡᠯᠪᠡᠶᠢᠯᠲᠡ ᠶᠢᠨ ᠴᠢᠨᠠᠷᠲᠠᠢ ᠠᠮᠤᠷ ᠲᠦᠪᠰᠢᠨ ᠤ ᠠᠰᠠᠭᠤᠳᠠᠯ ᠢ ᠳᠠᠷᠤᠶᠢᠬᠠᠨ ᠰᠢᠢᠳᠪᠦᠷᠢᠯᠡᠵᠦ᠂ ᠭᠠᠯ ᠤᠨᠲᠠᠷᠠᠭᠠᠬᠤ ᠲᠠᠯᠠᠪᠤᠷ ᠭᠠᠵᠠᠷ ᠤᠨ ᠠᠶᠤᠯ ᠥᠭᠡᠢ ᠦᠢᠯᠡᠳᠪᠦᠷᠢᠯᠡᠯ ᠤᠨ ᠭᠠᠯ ᠤᠨ ᠠᠶᠤᠯ ᠤᠨ ᠭᠡᠮ ᠰᠤᠭᠤᠭ ᠢ ᠠᠷᠢᠯᠭᠠᠵᠤ᠂ ᠬᠦᠨᠳᠦ ᠶᠡᠭᠡ ᠠᠳᠡᠯ ᠢ ᠪᠦᠲᠦᠮᠵᠢᠲᠡᠶ ᠰᠡᠷᠭᠡᠶᠢᠯᠡᠬᠦ ᠪᠠ ᠡᠷᠡᠰ ᠬᠤᠷᠢᠭᠯᠠᠬᠤ ᠬᠡᠷᠡᠭᠲᠡᠢ ᠭᠡᠵᠦ ᠱᠠᠭᠠᠷᠳᠠᠵᠠᠢ᠃ ᠡᠭᠦᠨ ᠤ ᠬᠠᠮᠲᠤ ᠡᠯ᠎ᠡ ᠬᠤᠰᠢᠭᠤ ᠰᠢᠶᠠᠨ ᠲᠣᠭᠤᠷᠢᠭ ᠤᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠶᠡᠭᠡ ᠠᠩᠭᠢ ᠳᠤ 10 ᠳ᠋ᠤᠭᠠᠷ ᠰᠠᠷ᠎ᠠ ᠶᠢᠨ 25᠎ ᠤ ᠡᠳᠦᠷ ᠠᠴᠠ ᠡᠮᠦᠨ᠎ᠡ᠂ ᠬᠠᠷᠢᠶ᠎ᠠ ᠣᠷᠣᠨ ᠤ ᠪᠠᠨ ᠭᠡᠷᠡᠴᠢ ᠦᠨᠡᠮᠯᠡᠯ ᠦᠭᠡᠢ᠂ ᠠᠶᠤᠯ ᠦᠭᠡᠢ ᠦᠢᠯᠡᠳᠪᠦᠷᠢᠯᠡᠯ ᠤᠨ ᠭᠡᠮ ᠰᠣᠭᠤᠭ ᠣᠷᠣᠰᠢᠵᠤ ᠪᠠᠶᠢᠭ᠎ᠠ ᠰᠦᠯᠵᠢᠶᠡᠨ ᠪᠠᠭᠠᠷ᠂ ᠵᠤᠭ᠎ᠠ ᠴᠡᠩᠭᠡᠯ ᠤᠨ ᠲᠠᠯᠠᠪᠤᠷ ᠭᠠᠵᠠᠷ ᠤᠨ ᠨᠡᠷᠡᠰ ᠢ ᠳᠡᠭᠡᠭᠰᠢ ᠮᠡᠳᠡᠭᠦᠯᠬᠦ ᠬᠡᠷᠡᠭᠲᠡᠢ᠃ ᠦᠨᠡᠨ ᠮᠥᠨ ᠢᠶᠠᠷ ᠨᠢ ᠦᠯᠦ ᠳᠡᠭᠡᠭᠰᠢ ᠮᠡᠳᠡᠭᠦᠯᠦᠭᠰᠡᠨ᠂ ᠤᠷᠬᠢᠭᠳᠠᠭᠤᠯᠤᠭᠰᠠᠨ ᠭᠠᠵᠠᠷ ᠤᠷᠤᠨ ᠢ ᠪᠠᠶᠢᠴᠠᠭᠠᠨ ᠢᠯᠡᠷᠡᠭᠦᠯᠪᠡᠯ ᠪᠦᠬᠦ ᠬᠤᠲᠠ ᠳᠤ ᠨᠡᠪᠲᠡᠷᠡᠭᠦᠯᠬᠦ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号