2018 ᠤᠨ ᠤ 9 ᠳ᠋ᠦ᠋ᠭᠡᠷ ᠰᠠᠷ᠎ᠠ ᠶᠢᠨ 19 ᠤ ᠡᠳᠦᠷ ᠪᠤᠯᠲᠠᠯ᠎ᠠ᠂ ᠴᠡᠭᠡ ᠪᠣᠭᠤᠮᠲᠠ ᠶᠢᠨ ᠭᠠᠳᠠᠭᠠᠳᠤ ᠠᠴᠠ | ᠤᠷᠤᠭᠤᠯᠤᠭᠰᠠᠨ ᠨᠡᠭᠦᠷᠡᠰᠦᠨ ᠤ ᠬᠡᠮᠵᠢᠶ᠎ᠡ 1004.03 ᠲᠦᠮᠡᠨ ᠲᠤᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 14.21% ᠨᠡᠮᠡᠭᠳᠡᠵᠦ᠂ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦᠨ ᠤ | ᠬᠡᠮᠵᠢᠶ᠎ᠡ ᠨᠢ 2017 ᠤᠨ ᠤ ᠬᠢ ᠲᠠᠢ ᠬᠠᠷᠢᠴᠠᠭᠤᠯᠪᠠᠯ 1000 ᠲᠦᠮᠡ ᠲᠤᠨ ᠢ ᠳᠠᠪᠠᠭᠰᠠᠨ ᠶᠠᠪᠤᠳᠠᠯ ᠨᠢ 35 | ᠡᠳᠦᠷ ᠤᠷᠢᠳᠴᠢᠯᠠᠵᠠᠢ᠃ ᠴᠡᠭᠡ ᠪᠣᠭᠤᠮᠲᠠ ︽ᠭᠤᠷᠪᠠᠨ ᠬᠠᠷᠢᠯᠴᠠᠭ᠎ᠠ︾ ᠪᠠᠷ ᠪᠣᠭᠤᠮᠲᠠ ᠪᠠᠷ ᠥᠩᠭᠡᠷᠡᠭᠦᠯᠬᠦ᠂ ︽ | ᠨᠢᠭᠡ ᠯᠡ ᠴᠤᠩᠬᠤᠪᠴᠢ︾ ᠶᠢᠨ ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠵᠤ᠂ ᠰᠠᠯᠠᠭ᠎ᠠ ᠮᠥᠴᠢᠷ | ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠪᠣᠭᠤᠮᠲᠠ ᠪᠠᠷ ᠥᠩᠭᠡᠷᠡᠭᠦᠯᠬᠦ ᠬᠠᠮᠵᠢᠯᠴᠠᠭ᠎ᠠ ᠶᠢ ᠴᠢᠩᠭᠠᠳᠬᠠᠨ᠂ | ᠪᠣᠭᠤᠮᠲᠠ ᠪᠠᠷ ᠥᠩᠭᠡᠷᠡᠭᠦᠯᠬᠦ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠡᠢ᠃ ᠡᠭᠦᠨ ᠤ ᠬᠠᠮᠲᠤ᠂ | ᠴᠡᠭᠡ ᠪᠣᠭᠤᠮᠲᠠ ᠶᠢᠨ ︽ᠤᠶᠤᠨᠲᠤ ᠬᠠᠭᠠᠯᠭ᠎ᠠ︾ ᠶᠢ ᠪᠠᠶᠢᠭᠤᠯᠤᠭᠰᠠᠨ ᠪᠦᠭᠡᠳ ᠲᠤᠷᠰᠢᠨ ᠠᠵᠢᠯᠯᠠᠭᠤᠯᠵᠤ᠂ | ᠪᠣᠭᠤᠮᠲᠠ ᠪᠠᠷ ᠨᠡᠪᠲᠡᠷᠡᠭᠦᠯᠬᠦ ᠴᠤᠪᠤᠷᠠᠯ ᠢ ᠰᠢᠯᠢᠳᠡᠭᠵᠢᠭᠦᠯᠬᠦ ᠪᠠᠷ ᠲᠠᠮᠵᠢᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ | ᠪᠠᠶᠢᠴᠠᠭᠠᠨ ᠰᠢᠯᠭᠠᠵᠤ᠂ ᠪᠣᠭᠤᠮᠲᠠ ᠪᠠᠷ ᠥᠩᠭᠡᠷᠡᠭᠦᠯᠬᠦ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠡᠢ᠃ |