ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠤᠨᠤᠯ ᠰᠤᠷᠤᠯᠴᠠᠬᠤ ᠭᠤᠤᠯ ᠲᠤᠭᠤᠢᠢᠯᠠᠩ 8 ᠳ᠋ᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠬᠢᠵᠠᠢ  ᠪᠦ᠋ ᠰᠢᠶᠤᠤ ᠯᠢᠨ ᠤᠷᠤᠯᠴᠠᠪᠠ
ᠨᠡᠶᠢᠲᠡᠯᠡᠭᠰᠡᠨ ᠴᠠᠭ᠄
2018/9/30
     9 ᠳ᠋ᠤᠭᠡᠷ ᠰᠠᠷ᠎ᠠ ᠶᠢᠨ 29 ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠤᠨᠤᠯ ᠰᠤᠷᠤᠯᠴᠠᠬᠤ ᠭᠤᠤᠯ ᠲᠤᠭᠤᠢᠢᠯᠠᠩ 2018 ᠣᠨ ᠤ 8 ᠳ᠋ᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ︵ᠦᠷᠭᠡᠳᠭᠡᠭᠰᠡᠨ︶ ᠶᠢᠨ ᠬᠤᠷᠠᠯ ᠵᠢᠴᠢ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠲᠤᠭᠤᠢᠢᠯᠠᠩ ᠤᠨ ᠤᠨᠤᠯ ᠰᠤᠷᠤᠯᠴᠠᠬᠤ ᠭᠤᠤᠯ ᠲᠤᠭᠤᠢᠢᠯᠠᠩ ᠤᠨ ᠠᠷᠪᠠᠳᠤᠭᠠᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠬᠢᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ ᠪᠦ᠋ ᠰᠢᠶᠤᠤ ᠯᠢᠨ ᠬᠤᠷᠠᠯ ᠳᠤ ᠤᠷᠤᠯᠴᠠᠵᠠᠢ᠃      ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠲᠡᠭᠡᠷ᠎ᠠ᠂ ᠪᠡᠭᠡᠵᠢᠩ ᠤᠨ ᠴᠡᠷᠢᠭ ᠤᠨ ᠲᠤᠭᠤᠷᠢᠭ ᠤᠨ ᠠᠭᠠᠷ ᠤᠨ ᠴᠡᠷᠢᠭ ᠤᠨ ᠤᠤᠯ ᠤᠨ ᠲᠡᠳ᠋ ᠺᠤᠮᠢᠰᠰᠠᠷ ᠢᠤᠢ ᠠᠢ ᠱᠦᠢ ᠵᠠᠩᠵᠤᠨ ᠤᠷᠢᠯᠭ᠎ᠠ ᠪᠠᠷ ᠲᠤᠰᠬᠠᠢ ᠰᠡᠳᠦᠪᠳᠤ ᠮᠡᠳᠡᠭᠦᠯᠦᠯᠳᠡ ᠬᠢᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠰᠢ ᠶᠢᠨ ᠫᠢᠩ ᠤᠨ ᠴᠡᠷᠢᠭ ᠢ ᠬᠦᠴᠦᠷᠭᠡᠭᠵᠢᠭᠦᠯᠭᠦ ᠦᠵᠡᠯ ᠰᠠᠨᠠᠭ᠎ᠠ ᠶᠢᠨ ᠲᠤᠭᠤᠷᠢᠨ ᠳᠤ ᠬᠦᠨ ᠬᠦᠨᠵᠡᠭᠡᠢ ᠲᠠᠶᠢᠯᠤᠮᠵᠢ ᠬᠢᠪᠡ᠃ ᠬᠤᠷᠠᠯ ᠳᠤ ᠤᠷᠤᠯᠴᠠᠬᠰᠠᠨ ᠨᠦᠬᠦᠳ᠂ ᠡᠨᠡ ᠨᠢ ᠨᠢᠭᠡ ᠤᠳᠠᠭᠠᠨ ᠤ ᠤᠯᠤᠰ ᠤᠨ ᠪᠠᠳᠤᠯᠠᠠ ᠬᠠᠮᠠᠭᠠᠯᠠᠯᠳᠠ ᠶᠢᠨ ᠲᠤᠬᠠᠢ ᠠᠮᠢᠳᠤᠯᠢᠬ ᠬᠦᠮᠦᠵᠢᠯ ᠤᠨ ᠬᠢᠴᠢᠶᠡᠯ ᠪᠤᠯᠬᠤ ᠪᠦᠭᠡᠳ ᠪᠠᠰᠠ ᠪᠠᠶᠠᠯᠢᠭ ᠠᠭᠤᠯᠭ᠎ᠠ ᠪᠦᠬᠦᠢ ᠤᠯᠤᠰ ᠲᠦᠷᠦ ᠶᠢᠨ ᠬᠢᠴᠢᠶᠡᠯ᠂ ᠠᠵᠤ ᠠᠬᠤᠢ ᠶᠢᠨ ᠬᠢᠴᠢᠶᠡᠯ᠂ ᠨᠡᠶᠢᠭᠡᠮ ᠤᠨ ᠬᠢᠴᠢᠶᠡᠯ᠂ ᠲᠡᠤᠭᠡ ᠶᠢᠨ ᠬᠢᠴᠢᠶᠡᠯ ᠪᠤᠯᠤᠨ᠎ᠠ᠂ ᠪᠢᠳᠡᠨ ᠤ ︽ᠲᠦᠷᠪᠡᠨ ᠤᠬᠠᠮᠰᠠᠷ︾ ᠢᠶᠠᠨ ᠴᠢᠨᠠᠬᠰᠢᠳᠠ ᠴᠢᠩᠭᠠᠷᠠᠭᠤᠯᠵᠤ᠂ ︽ᠲᠦᠷᠪᠡᠨ ᠢᠳᠡᠭᠡᠯ︾ ᠢᠶᠠᠨ ᠴᠢᠨᠠᠬᠰᠢᠳᠠ ᠪᠠᠳᠤᠳᠬᠠᠬᠤ ᠳᠤ ᠴᠢᠬᠤᠯᠠ ᠵᠢᠯᠤᠭᠤᠳᠬᠤ ᠦᠢᠯᠡᠳᠦᠯ ᠲᠠᠢ ᠶᠤᠮ ᠬᠡᠵᠤ ᠰᠠᠨᠠᠯ ᠨᠢᠭᠡᠳᠡᠢ ᠦᠵᠡᠵᠡᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠰᠢ ᠶᠢᠨ ᠫᠢᠩ ᠤᠨ ᠴᠡᠷᠢᠭ ᠢ ᠬᠦᠴᠦᠷᠭᠡᠭᠵᠢᠭᠦᠯᠭᠦ ᠦᠵᠡᠯ ᠰᠠᠨᠠᠭ᠎ᠠ ᠶᠢ ᠬᠢᠨᠠᠮᠠᠭᠠᠢ ᠰᠤᠷᠤᠯᠴᠠᠨ ᠬᠦᠨᠵᠡᠭᠡᠢ ᠤᠢᠢᠯᠠᠭᠠᠵᠤ᠂ ᠬᠢᠯᠪᠡᠷ ᠪᠤᠰᠤ ᠪᠠᠷ ᠢᠷᠡᠭᠰᠡᠨ ᠡᠩᠭᠡ ᠲᠠᠶᠢᠪᠤᠩ ᠠᠮᠤᠷ ᠲᠤᠬᠳᠠᠭᠤᠨ ᠤᠷᠴᠢᠨ ᠲᠤᠭᠤᠷᠢᠨ ᠢᠶᠠᠨ ᠬᠤᠪᠢ ᠲᠠᠬᠢᠨ ᠢᠶᠠᠷ ᠨᠠᠨᠳᠢᠩᠨᠠᠵᠤ᠂ ᠠᠮᠤᠷ ᠲᠦᠪᠰᠢᠨ ᠦᠶ᠎ᠡ ᠳᠤ ᠪᠠᠨ ᠠᠶᠤᠯ ᠲᠦᠭᠰᠢᠭᠦᠷᠢ ᠶᠢ ᠪᠤᠳᠤᠯᠬᠢᠯᠠᠵᠤ᠂ ᠲᠡᠭᠡᠳᠦ ᠬᠡᠮᠵᠢᠶᠠᠨ ᠤ ᠤᠯᠤᠰ ᠲᠦᠷᠦ ᠶᠢᠨ ᠬᠠᠷᠢᠭᠤᠴᠠᠯᠭ᠎ᠠ ᠪᠠᠷ ᠤᠯᠤᠰ  ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠬᠢ ᠶᠢᠨ ᠤᠳᠤᠬᠢᠴᠢᠯᠠᠬᠤ ᠪᠦᠳᠦᠭᠡᠨ ᠪᠠᠶᠢᠭᠤᠯᠤᠯᠳᠠ᠂ ᠦᠪᠦᠷ ᠮᠤᠩᠭᠤᠯ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠲᠦᠯᠦᠭᠡ ᠨᠡᠩ ᠶᠡᠭᠡ ᠰᠢᠨ᠎ᠠ ᠬᠤᠪᠢ ᠨᠡᠮᠡᠷᠢ ᠦᠵᠡᠭᠦᠯᠭᠦ ᠬᠡᠷᠡᠭᠳᠡᠢ ᠭᠡᠵᠡᠢ᠃      ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠭᠦᠨ᠂ ᠡᠪ ᠬᠠᠮᠳᠤ ᠨᠠᠮ ᠤᠨ ᠭᠡᠰᠢᠭᠦᠨ ᠪᠤᠰᠤ ᠲᠡᠳ᠋ ᠲᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠭᠦᠨ ᠨᠠᠷ ᠬᠤᠷᠠᠯ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠵᠠᠰᠠᠭ‌‍ᠤᠨ ᠤᠷᠳᠤᠨ ᠤ ᠪᠦᠷᠢᠯᠳᠦᠭᠦᠨ ᠰᠠᠯᠠᠭ᠎ᠠ ᠮᠦᠴᠢᠷ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ᠂ ᠬᠦᠬᠡᠬᠤᠳᠠ ᠳᠠᠬᠢ ᠶᠡᠭᠡ ᠲᠡᠭᠡᠳᠦ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠨᠠᠷ ᠬᠠᠮᠳᠤ ᠶᠢᠨ ᠰᠤᠷᠤᠯᠴᠠᠯᠭ᠎ᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号