ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠨ ᠰᠠᠯᠠᠭ᠎ᠠ ᠮᠥᠴᠢᠷ ᠬᠤᠳᠠᠯ ᠬᠠᠭᠤᠷᠮᠠᠭ ᠮᠡᠬᠡᠯᠡᠯ ᠳᠤ ᠴᠣᠬᠢᠯᠲᠠ ᠥᠭᠬᠦ ᠬᠤᠶᠠᠷ ᠵᠢᠯ ᠤᠨ ᠲᠤᠰᠬᠠᠶ ᠠᠵᠢᠯᠯᠠᠭ᠎ᠠ ᠥᠷᠨᠢᠭᠦᠯᠬᠦ ᠪᠠᠷ ᠪᠣᠢ
ᠨᠡᠶᠢᠲᠡᠯᠡᠭᠰᠡᠨ ᠴᠠᠭ᠄
2018/9/30
     ᠦᠢᠷ᠎ᠠ ᠶᠢᠨ ᠡᠳᠦᠷ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠲᠣᠪᠴᠢᠶ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠢᠴᠢ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠲᠠᠢ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠪᠦᠬᠦ ᠣᠷᠣᠨ ᠤ ᠬᠤᠳᠠᠯ ᠪᠠᠷᠢᠮᠲᠠ ᠵᠣᠬᠢᠶᠠᠵᠤ ᠭᠠᠶᠢᠯᠢ ᠶᠢᠨ ᠪᠤᠴᠠᠭᠠᠯᠲᠠ ᠶᠢ ᠮᠡᠬᠡᠯᠡᠨ ᠠᠪᠤᠭᠰᠠᠨ ᠬᠠᠤᠯᠢ ᠵᠥᠷᠢᠴᠡᠬᠦ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠬᠤᠶᠠᠷ ᠵᠢᠯ ᠤᠨ ᠲᠤᠰᠬᠠᠶ ᠠᠵᠢᠯᠯᠠᠭ᠎ᠠ ᠶᠢ ᠬᠠᠮᠲᠤ ᠪᠠᠷ ᠪᠠᠶᠢᠷᠢᠯᠠᠭᠤᠯᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠴᠢᠩᠭᠠᠳᠬᠠᠨ᠂ ᠠᠵᠢᠯ ᠤᠨ ᠲᠥᠰᠦᠯ ᠢᠶᠠᠨ ᠨᠠᠷᠢᠯᠢᠬᠵᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠬᠤᠳᠠᠯ ᠪᠠᠷᠢᠮᠲᠠ ᠵᠣᠬᠢᠶᠠᠵᠤ ᠭᠠᠶᠢᠯᠢ ᠶᠢᠨ ᠪᠤᠴᠠᠭᠠᠯᠲᠠ ᠶᠢ ᠮᠡᠬᠡᠯᠡᠨ ᠠᠪᠬᠤ ᠭᠠᠶᠢᠯᠢ ᠳᠤ ᠬᠤᠯᠪᠣᠭᠳᠠᠭᠰᠠᠨ ᠬᠠᠤᠯᠢ ᠶᠢ ᠵᠦᠷᠢᠴᠡᠬᠦ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠬᠦ ᠪᠠᠷ ᠪᠣᠯᠵᠠᠢ᠃      ᠣᠶᠢᠯᠠᠭᠠᠭᠰᠠᠨ ᠢᠶᠠᠷ᠂ ᠬᠤᠳᠠᠯ ᠪᠠᠷᠢᠮᠲᠠ ᠵᠣᠬᠢᠶᠠᠵᠤ ᠭᠠᠶᠢᠯᠢ ᠶᠢᠨ ᠪᠤᠴᠠᠭᠠᠯᠲᠠ ᠶᠢ ᠮᠡᠬᠡᠯᠡᠨ ᠠᠪᠬᠤ ᠬᠠᠤᠯᠢ ᠵᠦᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠬᠤᠶᠠᠷ ᠵᠢᠯ ᠤᠨ ᠲᠤᠰᠬᠠᠶ ᠠᠵᠢᠯᠯᠠᠭ᠎ᠠ ᠪᠣᠯ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ᠂ ᠪᠣᠭᠤᠮᠲᠠ ᠶᠢᠨ ᠶᠡᠷᠦᠩᠬᠡᠶ ᠵᠠᠬᠢᠷᠭ᠎ᠠ ᠪᠣᠯᠤᠨ ᠳᠤᠮᠳᠠᠳᠤ ᠤᠯᠤᠰ ᠤᠨ ᠠᠷᠠᠳ ᠤᠨ ᠪᠠᠩᠬᠢ ᠵᠡᠷᠭᠡ ᠳᠥᠷᠪᠡᠨ ᠶᠠᠮᠤᠨ ᠵᠥᠪᠯᠡᠯ ᠤᠨ ᠬᠠᠮᠲᠤᠷᠠᠭᠰᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠪᠣᠯᠣᠨ᠎ᠠ᠂ ᠬᠡᠪ ᠤᠨ ᠠᠵᠤ ᠠᠬᠤᠶ ᠶᠢᠨ ᠭᠠᠶᠢᠯᠢ ᠲᠠᠲᠠᠪᠤᠷᠢ ᠶᠢᠨ ᠡᠮᠬᠢ ᠳᠢᠭᠯᠢᠮ ᠢ ᠬᠠᠮᠠᠭᠠᠯᠠᠵᠤ᠂ ᠲᠥᠪ ᠭᠤᠣᠯᠴᠢ ᠪᠠ ᠲᠣᠭᠲᠠᠭᠤᠨ ᠪᠦᠭᠡᠳ ᠵᠢᠱᠢᠵᠦ ᠪᠣᠯᠬᠤᠶᠢᠴᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠨ᠂ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ︽ᠬᠤᠶᠠᠷ ᠲᠤ ᠴᠣᠬᠢᠯᠲᠠ ᠥᠭᠬᠦ︾ ᠬᠤᠶᠠᠷ ᠵᠢᠯ ᠤᠨ ᠲᠤᠰᠬᠠᠶ ᠠᠵᠢᠯᠯᠠᠭ᠎ᠠ ᠶᠢ ᠬᠠᠮᠲᠤᠷᠠᠨ ᠥᠷᠨᠢᠭᠦᠯᠬᠦ ᠶᠠᠪᠤᠳᠠᠯ ᠨᠢ ᠴᠠᠭ ᠬᠤᠭᠤᠴᠠᠭ᠎ᠠ ᠪᠣᠯᠣᠨ ᠬᠦᠴᠦ ᠪᠠᠨ ᠲᠥᠪᠯᠡᠷᠡᠭᠦᠯᠵᠦ ᠪᠠᠶᠢᠭᠠᠳ ᠬᠤᠳᠠᠯ ᠪᠠᠷᠢᠮᠲᠠ ᠵᠣᠬᠢᠶᠠᠵᠤ ᠭᠠᠶᠢᠯᠢ ᠶᠢᠨ ᠪᠤᠴᠠᠭᠠᠯᠲᠠ ᠶᠢ ᠮᠡᠬᠡᠯᠡᠨ ᠠᠪᠬᠤ ᠵᠡᠷᠭᠡ ᠭᠠᠶᠢᠯᠢ ᠲᠠᠲᠠᠪᠤᠷᠢ ᠶᠢᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠪᠥᠬᠦ ᠬᠡᠯᠬᠢᠶᠡᠨ ᠤ᠂ ᠤᠯᠠᠨ ᠳᠠᠪᠲᠠᠮᠵᠢᠲᠤ ᠲᠥᠪᠯᠡᠷᠡᠩᠭᠦᠢ ᠴᠣᠬᠢᠯᠲᠠ ᠥᠭᠴᠦ᠂ ᠨᠡᠩ ᠪᠦᠲᠦᠮᠵᠢᠲᠡᠢ ᠠᠷᠭ᠎ᠠ ᠬᠡᠮᠵᠢᠶ᠎ᠡ᠂ ᠨᠡᠩ ᠴᠢᠩᠭ᠎ᠠ ᠠᠷᠭ᠎ᠠ ᠪᠠᠷᠢᠯ ᠢᠶᠠᠷ ᠬᠢᠨᠠᠯᠲᠠ ᠬᠠᠮᠢᠶᠠᠷᠤᠯᠲᠠ ᠪᠠᠨ ᠪᠠᠬᠢᠵᠢᠭᠦᠯᠵᠦ᠂ ᠭᠠᠶᠢᠯᠢ ᠲᠠᠲᠠᠪᠤᠷᠢ ᠶᠢᠨ ᠡᠮᠬᠢ ᠳᠢᠭᠯᠢᠮ ᠢ ᠴᠡᠪᠡᠷᠰᠢᠭᠦᠯᠬᠦ  ᠪᠠᠷ ᠵᠣᠷᠢᠯᠭ᠎ᠠ ᠪᠠᠨ ᠪᠣᠯᠭᠠᠵᠠᠢ᠃      ᠪᠥᠬᠦ ᠣᠷᠣᠨ ᠤ ᠬᠤᠶᠠᠷ ᠵᠢᠯ ᠤᠨ ᠲᠤᠰᠬᠠᠶ ᠠᠵᠢᠯᠯᠠᠭ᠎ᠠ ᠶᠢᠨ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠶᠢᠨ ᠲᠤᠰᠠᠳᠠ᠂ ᠳᠥᠷᠪᠡᠨ ᠰᠠᠯᠠᠭ᠎ᠠ ᠮᠥᠴᠢᠷ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠦᠲᠦᠮᠵᠢᠲᠡᠶ ᠳᠥᠯᠭᠢᠨ ᠠᠬᠢᠭᠤᠯᠬᠤ ᠪᠣᠯᠣᠨ᠎ᠠ᠃ ᠨᠢᠭᠡ ᠳᠤ ᠭᠤᠣᠯᠳᠠᠯᠭ᠎ᠠ ᠶᠢ ᠨᠢ ᠡᠵᠡᠮᠳᠡᠵᠦ᠂ ᠪᠣᠳᠠᠲᠠᠶ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠦᠭᠡᠢ ᠪᠠᠶᠢᠲᠠᠯ᠎ᠠ ᠪᠠᠨ ᠬᠤᠳᠠᠯ ᠪᠠᠷᠢᠮᠲᠠ ᠵᠣᠬᠢᠶᠠᠬᠤ ᠪᠠᠷ ᠪᠠᠶᠢᠭᠤᠯᠤᠭᠰᠠᠨ ︽ᠬᠠᠭᠤᠷᠮᠠᠭ ᠠᠵᠤ ᠠᠬᠤᠶᠢᠯᠠᠯ︾ ᠳᠤ ᠴᠢᠩᠭ᠎ᠠ ᠴᠣᠬᠢᠯᠲᠠ ᠥᠭᠴᠦ᠂ ᠪᠣᠳᠠᠲᠠᠶ ᠪᠠᠷ ᠭᠠᠳᠠᠭᠠᠳᠤ ᠳᠤ ᠭᠠᠷᠭᠠᠭᠰᠠᠨ ᠦᠭᠡᠢ ᠪᠠᠶᠢᠲᠠᠯ᠎ᠠ ᠪᠠᠨ ᠭᠠᠶᠢᠯᠢ ᠶᠢᠨ ᠪᠤᠴᠠᠭᠠᠯᠲᠠ ᠶᠢ ᠮᠡᠬᠡᠯᠡᠨ ᠠᠪᠬᠤ ︽ᠬᠠᠭᠤᠷᠮᠠᠭ ᠭᠠᠳᠠᠭᠠᠳᠤ ᠭᠠᠷᠭᠠᠯᠲᠠ︾ ᠳᠤ ᠴᠢᠩᠭ᠎ᠠ ᠴᠣᠬᠢᠯᠲᠠ ᠥᠭᠭᠦᠨ᠎ᠡ︔ ᠬᠤᠶᠠᠷ ᠲᠤ ᠠᠶᠢᠵᠠᠮ ᠴᠣᠬᠢᠯᠭ᠎ᠠ ᠶᠢ ᠡᠵᠡᠮᠳᠡᠵᠦ᠂ ᠴᠠᠭ ᠲᠤᠬᠠᠶᠢᠴᠢ ᠴᠢᠨᠠᠷ ᠢ ᠴᠢᠬᠤᠯᠠᠴᠢᠯᠠᠬᠤ ᠮᠥᠷᠲᠡᠭᠡᠨ ᠤᠷᠲᠤ ᠬᠤᠭᠤᠴᠠᠭᠠᠨ ᠤ ᠬᠦᠴᠦᠨ ᠪᠦᠬᠦᠢ ᠴᠢᠨᠠᠷ ᠢ ᠴᠢᠬᠤᠯᠠᠴᠢᠯᠠᠵᠤ᠂ ᠭᠤᠣᠯᠳᠠᠯᠭ᠎ᠠ ᠲᠠᠢ ᠬᠦᠴᠦᠯᠡᠬᠦ ᠮᠥᠷᠲᠡᠭᠡᠨ᠂ ᠪᠠᠰᠠ ᠤᠳᠠᠭᠠᠨ ᠳᠠᠭᠠᠭᠠᠮᠠᠭᠠᠢ ᠪᠠᠶᠢᠵᠤ᠂ ︽ᠵᠠᠯᠭᠠᠯᠳᠤᠭ᠎ᠠ ᠪᠠᠷ ᠴᠣᠬᠢᠯᠲᠠ ᠥᠭᠬᠦ᠂ ᠠᠬᠢᠨ ᠳᠠᠪᠰᠢᠬᠤ᠂ ᠴᠢᠩᠭ᠎ᠠ ᠰᠦᠷᠳᠡᠭᠦᠯᠬᠦ᠂ ᠤᠷᠲᠤ ᠬᠤᠭᠤᠴᠠᠭᠠᠨ ᠤ ᠦᠢᠯᠡᠳᠦᠯ ᠭᠠᠷᠭᠠᠬᠤ︾ ᠠᠵᠢᠯ ᠤᠨ ᠭᠦᠭ ᠠᠶᠢᠵᠠᠮ ᠢ ᠪᠣᠢ ᠪᠣᠯᠭᠠᠨ᠎ᠠ︔ ᠭᠤᠷᠪᠠ ᠳᠤ ᠬᠡᠮᠵᠢᠶ᠎ᠡ ᠬᠡᠮ ᠢ ᠡᠵᠡᠮᠰᠢᠵᠦ᠂ ᠪᠠᠷᠢᠮᠲᠠ ᠶᠢ ᠬᠦᠯᠢᠶᠡᠨ ᠠᠪᠬᠤ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠬᠢᠨᠠᠨ ᠲᠤᠳᠤᠯᠠᠵᠤ᠂ ᠲᠥᠷᠥᠯ ᠬᠤᠪᠢᠶᠠᠨ ᠰᠢᠢᠳᠪᠦᠷᠢᠯᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号