ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2018 ᠣᠨ ᠤ 14 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠪᠠ
ᠨᠡᠶᠢᠲᠡᠯᠡᠭᠰᠡᠨ ᠴᠠᠭ᠄
2018-09-04
     9 ᠳ᠋ᠦ᠋ᠭᠡᠷ ᠰᠠᠷ᠎ᠠ ᠶᠢᠨ 3᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠳᠠ ᠶᠢ ᠲᠦᠷᠭᠡᠳᠭᠡᠨ ᠠᠬᠢᠭᠤᠯᠬᠤ᠂ ᠰᠢᠨ᠎ᠠ ᠴᠠᠭ ᠦᠶ᠎ᠠ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠳᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠠᠵᠢᠯ ᠢ ᠰᠤᠳᠤᠯᠵᠤ᠂ ᠦᠪᠡᠷᠳᠡᠭᠡᠨ ᠵᠠᠰᠠᠬᠤ ᠤᠷᠤᠨ ᠤ ᠮᠦᠩᠭᠦᠨ ᠬᠦᠢᠯᠭᠡᠭᠡᠨ ᠤ ᠭᠤᠤᠯᠳᠠᠯᠭ᠎ᠠ ᠲᠠᠢ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠳᠡ ᠶᠢ ᠰᠤᠨᠤᠰᠪᠠ᠃      ᠬᠤᠷᠠᠯ ᠠᠴᠠ ᠵᠢᠭᠠᠭᠰᠠᠨ ᠨᠢ᠂ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠵᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠤᠬᠠᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠰᠢᠨ᠎ᠠ ᠣᠨᠣᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠡᠯ᠎ᠠ ᠵᠦᠢᠯ ᠤᠨ ᠡᠭᠦᠷᠭᠡ ᠶᠢ ᠡᠷᠡᠰ ᠭᠤᠶᠢᠪᠢᠰᠢ ᠦᠭᠡᠢ ᠪᠠᠷ ᠰᠠᠶᠢᠳᠤᠷ ᠨᠡᠶᠢᠳᠡᠪᠦᠷᠢᠵᠢᠭᠤᠯᠬᠤ ᠬᠡᠷᠡᠭᠳᠡᠢ᠃ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢ ᠬᠠᠤᠯᠢᠵᠢᠯ ᠤᠨ ᠪᠠᠶᠢᠭᠤᠯᠤᠯᠳᠠ ᠶᠢᠨ ᠡᠯ᠎ᠠ ᠭᠤᠬᠴᠤᠭᠠᠨ ᠳᠤ ᠲᠤᠭᠤᠰᠢᠯᠠᠭᠤᠯᠵᠤ᠂ ᠰᠠᠶᠢᠨ ᠬᠠᠤᠯᠢ ᠪᠠᠷ ᠰᠠᠶᠢᠳᠤᠷ ᠵᠠᠰᠠᠬᠤ ᠶᠢ ᠦᠨᠡᠨ ᠬᠦ ᠢᠯᠡᠷᠡᠭᠦᠯᠭᠦ ᠬᠡᠷᠡᠭᠳᠡᠢ᠃ ᠬᠠᠤᠯᠢᠵᠢᠯ ᠎ ᠤᠨ ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠬᠠᠮᠢᠶ᠎ᠠ ᠪᠦᠬᠦᠢ ᠦᠭᠡᠷᠡᠴᠢᠯᠡᠯᠳᠡ ᠶᠢ ᠯᠠᠪᠳᠠᠭᠤᠨ ᠪᠠᠳᠤᠳᠠᠢ ᠠᠬᠢᠭᠤᠯᠵᠤ᠂ ᠬᠠᠤᠯᠢ ᠶᠤᠰᠤᠭᠠᠷ ᠰᠢᠢᠳᠪᠦᠷᠢᠳᠤ ᠪᠤᠳᠤᠯᠭ᠎ᠠ ᠲᠤᠬᠳᠠᠭᠠᠬᠤ ᠲᠤᠬᠳᠠᠴᠠ ᠶᠢ ᠪᠦᠷᠢᠨᠰᠢᠭᠦᠯᠵᠦ᠂ ᠤᠬᠠᠮᠰᠠᠷ ᠠᠴᠠ ᠪᠠᠨ ᠬᠢᠨᠠᠯᠳᠠ ᠶᠢ ᠬᠦᠯᠢᠶᠡᠵᠤ᠂ ᠵᠠᠰᠠᠭ ᠵᠠᠬᠢᠷᠭᠠᠨ ᠤ ᠡᠷᠭᠡ ᠶᠢ ᠢᠯᠡ ᠪᠠᠷ ᠬᠡᠷᠡᠭᠵᠢᠭᠦᠯᠭᠦ ᠬᠡᠷᠡᠭᠳᠡᠢ᠃ ᠡᠯ᠎ᠠ ᠱᠠᠳᠤᠨ ᠤ ᠵᠠᠰᠠᠭ ᠤᠨ ᠤᠷᠳᠤᠨ ᠤ ᠭᠤᠤᠯ ᠬᠠᠷᠢᠭᠤᠴᠠᠯᠭᠠᠳᠠᠨ ᠨᠦᠬᠦᠳ ᠬᠠᠤᠯᠢᠵᠢᠯ ᠤᠨ ᠪᠠᠶᠢᠭᠤᠯᠤᠯᠳᠠ ᠶᠢᠨ ᠨᠢᠭᠡᠳᠦᠭᠡᠷ ᠬᠠᠷᠢᠭᠤᠴᠠᠯᠭᠠᠳᠡᠨ ᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠵᠤ᠂ ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠳᠠ ᠶᠢ ᠵᠤᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠬᠤ ᠬᠡᠷᠡᠭᠳᠡᠢ᠃ ᠡᠯ᠎ᠠ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠳᠠᠨ ᠵᠠᠰᠠᠭ ᠵᠠᠬᠢᠷᠭᠠᠨ ᠤ ᠵᠠᠷᠭᠤ ᠬᠦᠯᠢᠶᠡᠭᠦ ᠬᠠᠤᠯᠢ ᠳᠤ ᠲᠤᠬᠳᠠᠬᠰᠠᠨ ᠡᠭᠦᠷᠭᠡ ᠬᠠᠷᠢᠭᠤᠴᠠᠯᠭ᠎ᠠ ᠪᠠᠨ ᠵᠠᠪᠠᠯ ᠲᠦᠷᠦᠭᠦᠯᠡᠨ ᠬᠦᠢᠴᠡᠳᠭᠡᠭᠦ ᠬᠡᠷᠡᠭᠳᠡᠢ ᠭᠡᠵᠡᠢ᠃       ᠬᠤᠷᠠᠯ ᠠᠴᠠ ᠵᠢᠭᠠᠭᠰᠠᠨ ᠨᠢ᠂ ᠪᠠᠭᠰᠢ ᠪᠤᠯ ᠰᠤᠷᠭᠠᠨ ᠬᠦᠮᠦᠵᠢᠯ ᠤᠨ ᠨᠢᠭᠡᠳᠦᠭᠡᠷ ᠡᠬᠢ ᠪᠠᠶᠠᠯᠢᠭ ᠪᠤᠯᠤᠨ᠎ᠠ᠂ ᠰᠤᠷᠭᠠᠨ ᠬᠦᠮᠦᠵᠢᠯ ᠤᠨ ᠦᠢᠯᠡᠰ ᠢ ᠬᠦᠭᠵᠢᠭᠦᠯᠭᠦ ᠵᠠᠩᠬᠢᠯᠠᠭ᠎ᠠ ᠪᠤᠯᠤᠨ᠎ᠠ᠂ ᠡᠯ᠎ᠠ ᠱᠠᠳᠤ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠪᠠᠭᠰᠢ ᠶᠢᠨ ᠡᠩᠨᠡᠭᠡ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠬᠤ ᠪᠠᠷ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠ ᠦᠨᠳᠦᠰᠦᠨ ᠴᠢᠨᠠᠷᠳᠠᠢ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠭᠠᠬᠤ ᠬᠡᠷᠡᠭᠳᠡᠢ᠃ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠭᠦ ᠴᠢᠭᠯᠡᠯ ᠢ ᠪᠠᠷᠢᠮᠳᠠᠯᠠᠨ᠂ ᠰᠤᠷᠭᠠᠨ ᠬᠦᠮᠦᠵᠢᠯ ᠢ ᠤᠷᠢᠤᠨ ᠢᠶᠠᠷ ᠬᠦᠭᠵᠢᠭᠦᠯᠭᠦ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠵᠤ᠂ ᠶᠤᠰᠤ ᠰᠤᠷᠳᠠᠬᠤᠨ ᠢᠶᠠᠷ ᠬᠦᠮᠦᠨ ᠢ ᠬᠦᠮᠦᠵᠢᠭᠦᠯᠭᠦ ᠦᠨᠳᠦᠰᠦᠨ ᠡᠭᠦᠷᠭᠡ ᠶᠢ ᠨᠡᠶᠢᠳᠡᠪᠦᠷᠢᠵᠢᠭᠤᠯᠦᠨ᠂ ᠴᠠᠭ ᠦᠶ᠎ᠠ ᠶᠢᠨ ᠬᠡᠷᠡᠭᠴᠡᠭᠡ ᠪᠤᠯᠤᠨ ᠦᠷᠭᠡᠨ ᠤᠯᠠᠨ ᠪᠠᠭᠰᠢ ᠶᠢᠨ ᠬᠠᠮᠤᠭ ᠠᠴᠠ ᠠᠩᠬᠠᠷᠤᠯ ᠲᠠᠯᠪᠢᠵᠤ ᠪᠠᠶᠢᠬᠤ᠂ ᠬᠠᠮᠤᠭ ᠤᠨ ᠰᠢᠭᠤᠳ᠂ ᠬᠠᠮᠤᠭ ᠤᠨ ᠪᠤᠳᠠᠳᠠᠢ ᠠᠰᠠᠭᠤᠳᠠᠯ ᠢ ᠨᠢᠬᠳᠠ ᠠᠩᠬᠠᠷᠴᠤ᠂ ᠰᠢᠪᠳᠤᠯᠬᠤ ᠴᠡᠭ ᠪᠤᠯᠤᠨ ᠬᠦᠴᠦᠯᠡᠭᠦ ᠴᠡᠭ ᠢᠶᠠᠨ ᠵᠦᠪ ᠤᠯᠵᠤ᠂ ᠦᠨᠳᠦᠷ ᠬᠡᠪ ᠪᠤᠯᠪᠠᠰᠤᠷᠠᠯ ᠲᠠᠢ ᠪᠠᠭᠰᠢ ᠶᠢᠨ ᠡᠩᠨᠡᠭᠡ ᠶᠢ ᠬᠦᠴᠦᠯᠡᠨ ᠪᠤᠶᠢᠵᠢᠭᠤᠯᠵᠤ᠂ ᠪᠠᠭᠰᠢ ᠶᠢᠨ ᠪᠠᠶᠢᠷᠢ ᠰᠠᠭᠤᠷᠢ ᠬᠦᠯᠦᠰᠤ ᠤᠯᠭᠤᠮᠵᠢ ᠶᠢ ᠬᠦᠴᠦᠯᠡᠨ ᠲᠡᠭᠡᠭᠰᠢᠯᠡᠭᠦᠯᠵᠤ᠂ ᠨᠡᠶᠢᠭᠡᠮ ᠲᠠᠶᠠᠭᠠᠷ ᠲᠤ ᠪᠠᠭᠰᠢ ᠶᠢ ᠬᠦᠨᠳᠦᠯᠡᠨ ᠰᠤᠷᠭᠠᠨ ᠬᠦᠮᠦᠵᠢᠯ ᠢ ᠬᠦᠨᠳᠦᠳᠭᠡᠭᠦ ᠦᠳᠭᠡᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠪᠠᠭᠰᠢ ᠶᠢᠨ ᠠᠵᠢᠯ ᠢ ᠦᠨᠡᠨ ᠬᠦ ᠬᠦᠮᠦᠰ ᠤᠨ ᠪᠠᠭ᠋ᠠᠷᠠᠬᠨ ᠪᠢᠰᠢᠷᠡᠬᠦ ᠲᠤᠬᠠᠢᠢᠯᠠᠬᠰᠠᠨ ᠠᠵᠢᠯ ᠪᠤᠯᠭᠠᠬᠤ ᠬᠡᠷᠡᠭᠳᠡᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠤᠯᠤᠰ ᠤᠨ ᠮᠦᠩᠭᠦᠨ ᠬᠦᠢᠯᠭᠡᠭᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠲᠠᠬᠢᠨ ᠰᠤᠷᠤᠯᠴᠠᠨ ᠲᠠᠬᠢᠨ ᠤᠢᠢᠯᠠᠭᠠᠵᠤ᠂ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠡᠶᠢᠳᠡᠪᠦᠷᠢᠵᠢᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠳᠡᠢ᠃ ᠪᠤᠳᠠᠳᠤ ᠴᠤᠬᠴᠠ ᠶᠢᠨ ᠠᠵᠤ ᠠᠬᠤᠢ ᠳᠤ ᠦᠢᠯᠡᠴᠢᠯᠡᠭᠦ ᠮᠦᠩᠭᠦᠨ ᠬᠦᠢᠯᠭᠡᠭᠡᠨ ᠤ ᠴᠢᠳᠠᠪᠤᠷᠢ ᠶᠢ ᠲᠡᠭᠡᠭᠰᠢᠯᠡᠭᠦᠯᠵᠤ᠂ ᠰᠢᠨ᠎ᠠ ᠬᠦᠭᠵᠢᠯᠳᠡ ᠶᠢᠨ ᠣᠨᠣᠯᠵᠢᠬᠤᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠪᠠ ᠴᠢᠨᠠᠷ ᠰᠠᠶᠢᠳᠠᠢ ᠬᠦᠭᠵᠢᠯᠳᠡ ᠶᠢᠨ ᠱᠠᠭᠠᠷᠳᠠᠯᠭ᠎ᠠ ᠶᠤᠰᠤᠭᠠᠷ᠂ ᠮᠥᠩᠭᠦᠨ ᠭᠦᠢᠯᠭᠡᠭᠡᠨ ᠤ ᠵᠢᠮ᠎ᠡ ᠶᠣᠰᠣ ᠶᠢ ᠵᠢᠷᠤᠮᠯᠠᠨ᠂ ᠮᠥᠩᠭᠦᠨ ᠭᠦᠢᠯᠭᠡᠭᠡ ᠨᠢ ᠰᠢᠨ᠎ᠡ ᠶᠢ ᠡᠭᠦᠳᠬᠦ ᠬᠡᠯᠪᠡᠷᠢ ᠶᠢ ᠤᠯᠠᠷᠢᠭᠤᠯᠬᠤ ᠳᠤ ᠦᠢᠯᠡᠴᠢᠯᠡᠬᠦ ᠶᠢ ᠬᠦᠳᠦᠯᠦᠨ ᠵᠢᠯᠤᠭᠤᠳᠬᠤ ᠪᠠ ᠲᠡᠮᠵᠢᠵᠤ᠂ ᠮᠦᠩᠭᠦᠨ ᠬᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠂ ᠮᠦᠩᠭᠦᠨ ᠬᠦᠢᠯᠭᠡᠭᠡᠨ ᠤ ᠠᠮᠢ ᠠᠬᠤᠢ ᠶᠢ ᠰᠢᠯᠢᠳᠡᠭᠵᠢᠭᠦᠯᠵᠤ᠂ ᠮᠦᠩᠭᠦᠨ ᠬᠦᠢᠯᠭᠡᠭᠡ᠂ ᠰᠢᠨᠵᠢᠯᠡᠭᠦ ᠤᠬᠠᠭᠠᠨ ᠮᠡᠷᠭᠡᠵᠢᠯ᠂ ᠠᠵᠤ ᠦᠢᠯᠡᠰ ᠤᠨ ᠬᠦᠨᠵᠡᠭᠡᠢ ᠠᠭᠤᠰᠤᠯᠴᠠᠯ ᠪᠠ ᠰᠠᠶᠢᠨ ᠬᠤᠷᠰᠢᠯᠴᠠᠭ᠎ᠠ ᠶᠢ ᠦᠨᠡᠨ ᠬᠦ ᠠᠬᠢᠭᠤᠯᠬᠤ ᠬᠡᠷᠡᠭᠳᠡᠢ᠃ ᠴᠢᠬᠤᠯᠠ ᠶᠡᠭᠡ ᠲᠦᠭᠰᠢᠭᠦᠷᠢ ᠶᠢ ᠰᠡᠷᠬᠡᠶᠢᠯᠡᠨ ᠰᠢᠢᠳᠪᠦᠷᠢᠯᠡᠭᠦ ᠰᠢᠪᠲᠤᠯᠤᠯᠲᠠ ᠶᠢ ᠰᠠᠶᠢᠳᠤᠷ ᠬᠢᠵᠤ᠂ ᠮᠦᠩᠭᠦᠨ ᠬᠦᠢᠯᠭᠡᠭᠡᠨ ᠤ ᠬᠦᠷᠢᠶᠡᠨ ᠳᠠᠬᠢ ᠦᠭᠡᠷᠡᠴᠢᠯᠡᠯᠳᠡ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ ᠬᠡᠵᠠᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号