ᠪᠦᠬᠦ ᠣᠷᠣᠨ ᠤ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 1.2 ᠳ᠋ᠦᠩᠰᠢᠭᠤᠷ ᠺᠢᠯᠣᠸᠠᠲ ᠢ ᠳᠠᠪᠠᠪᠠ
ᠨᠡᠶᠢᠲᠡᠯᠡᠭᠰᠡᠨ ᠴᠠᠭ᠄
2018/9/5
     1 — 7 ᠳ᠋ᠤᠭᠠᠷ ᠰᠠᠷ᠎ᠠ ᠳᠤ᠂ ᠪᠥᠬᠦ ᠣᠷᠣᠨ ᠤ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ 257 ᠲᠦᠮᠡᠨ ᠺᠢᠯᠣᠸᠠᠲ ᠴᠡᠪᠡᠷ ᠨᠡᠮᠡᠭᠳᠡᠵᠦ᠂ 6000 ᠺᠢᠯᠣᠸᠠᠲ ᠵᠢᠴᠢ ᠲᠡᠭᠦᠨ ᠠᠴᠠ ᠳᠡᠭᠡᠭᠰᠢᠬᠢ ᠴᠠᠬᠢᠯᠭᠠᠨ ᠤ ᠦᠢᠯᠡᠳᠪᠦᠷᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠡᠶᠢᠲᠡ 12066 ᠲᠦᠮᠡᠨ ᠺᠢᠯᠣᠸᠠᠲ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.7%᠎ ᠪᠠᠷ ᠨᠡᠮᠡᠭᠳᠡᠪᠡ᠃ ᠠᠵᠢᠯ ᠲᠥᠷᠥᠯ ᠢᠶᠠᠷ ᠨᠢ ᠬᠤᠪᠢᠶᠠᠷᠢᠯᠠᠪᠠᠯ᠂ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ 8164 ᠲᠦᠮᠡᠨ ᠺᠢᠯᠣᠸᠠᠲ᠂ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ 2792 ᠲᠦᠮᠡᠨ ᠺᠢᠯᠣᠸᠠᠲ᠂ ᠭᠡᠷᠡᠯ ᠸᠣᠯᠲ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ 873 ᠲᠦᠮᠡᠨ ᠺᠢᠯᠣᠸᠠᠲ᠂ ᠤᠰᠤᠨ ᠴᠠᠬᠢᠯᠭᠠᠨ ᠤ ᠮᠠᠰᠢᠨ ᠴᠣᠭᠴᠠᠯᠠᠪᠤᠷᠢ 238 ᠲᠦᠮᠡᠨ ᠺᠢᠯᠣᠸᠠᠲ ᠪᠣᠯᠣᠨ᠎ᠠ᠃ ᠭᠠᠵᠠᠷ ᠣᠷᠣᠨ ᠢᠶᠠᠷ ᠨᠢ ᠬᠤᠪᠢᠶᠠᠷᠢᠯᠠᠪᠠᠯ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ 8775 ᠲᠦᠮᠡᠨ ᠺᠢᠯᠣᠸᠠᠲ᠂ ᠵᠡᠭᠦᠨ ᠬᠡᠰᠡᠭ ᠤᠨ ᠭᠠᠵᠠᠷ ᠣᠷᠣᠨ ᠤ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ 3291 ᠲᠦᠮᠡᠨ ᠺᠢᠯᠣᠸᠠᠲ ᠪᠣᠯᠣᠨ᠎ᠠ᠃ ᠴᠢᠯᠠᠭᠤᠵᠢᠮᠠᠯ ᠪᠤᠰᠤ ᠡᠨᠧᠷᠬᠢ ᠶᠢᠨ ᠮᠠᠰᠢᠨ ᠴᠣᠭᠴᠠᠯᠠᠪᠤᠷᠢ 3921 ᠲᠦᠮᠡᠨ ᠺᠢᠯᠣᠸᠠᠲ ᠳᠤ ᠬᠦᠷᠴᠦ᠂ 32.5%᠎ ᠶᠢ ᠡᠵᠡᠯᠡᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号