ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2018 ᠣᠨ ᠤ 15 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-09-05
     9 ᠳ᠋ᠦ᠋ᠭᠡᠷ ᠰᠠᠷ᠎ᠠ ᠶᠢᠨ 4᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠪᠡᠷᠳᠡᠭᠡᠨ ᠵᠠᠰᠠᠬᠤ ᠤᠷᠤᠨ ᠤ ᠰᠤᠶᠤᠯ ᠪᠠ ᠵᠤᠭᠠᠴᠠᠯ ᠤᠨ ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠤ᠂ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠢ ᠲᠤᠬᠳᠠᠭᠠᠬᠤ ᠲᠦᠰᠦᠯ ᠢ ᠰᠤᠳᠤᠯᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠵᠢᠷᠤᠮ ᠤᠨ ᠰᠤᠶᠤᠯ ᠢ ᠴᠡᠴᠡᠭᠯᠡᠭᠦᠯᠭᠦ ᠲᠤᠬᠠᠢ ᠴᠢᠬᠤᠯᠠ ᠦᠭᠦᠯᠡᠯᠳᠡ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠤᠨ ᠨᠡᠶᠢᠳᠡᠪᠦᠷᠢᠵᠢᠭᠤᠯᠵᠤ᠂ ᠰᠤᠶᠤᠯ ᠤᠨ ᠢᠳᠡᠭᠡᠯ ᠢᠶᠠᠨ ᠪᠠᠳᠤᠳᠬᠠᠨ᠂ ᠬᠦᠴᠦᠷᠭᠡᠭᠵᠢᠭᠦ ᠦᠵᠡᠯ ᠰᠠᠨᠠᠭ᠎ᠠ ᠶᠢ ᠪᠤᠢ ᠪᠤᠯᠭᠠᠵᠤ᠂ ᠰᠡᠳᠬᠢᠴᠡ ᠪᠤᠯᠤᠠ ᠠᠷᠭ᠎ᠠ ᠪᠠᠷᠢᠯ ᠢᠶᠠᠨ ᠰᠢᠨᠡᠴᠢᠯᠡᠨ᠂ ᠪᠤᠯᠪᠠᠰᠤᠨ ᠦᠪᠦᠷ ᠮᠤᠩᠭᠤᠯ ᠢ ᠲᠦᠷᠭᠡᠳᠭᠡᠨ ᠪᠠᠶᠢᠭᠤᠯᠵᠤ᠂ ᠰᠤᠶᠤᠯ ᠤᠨ ᠵᠦᠭᠡᠯᠡᠨ ᠪᠤᠳᠠᠳᠤ ᠬᠦᠴᠦᠨ ᠢ ᠲᠠᠰᠤᠷᠠᠯᠳᠠ ᠦᠭᠡᠢ ᠲᠡᠭᠡᠭᠰᠢᠯᠡᠭᠦᠯᠭᠦ ᠬᠡᠷᠡᠭᠳᠡᠢ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠬᠦᠷᠲᠡᠭᠡᠬᠦ ᠬᠦᠰᠡᠯ ᠡᠷᠡᠮᠡᠯᠵᠡᠯ ᠳᠤ ᠠᠩᠬᠠᠷᠤᠯ ᠢᠶᠠᠨ ᠬᠠᠨᠳᠤᠭᠤᠯᠵᠤ᠂ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠲᠦᠪᠰᠢᠨ ᠢ ᠦᠨᠡᠨ ᠬᠦ ᠲᠡᠭᠡᠭᠰᠢᠯᠡᠭᠦᠯᠵᠤ᠂ ᠰᠤᠶᠤᠯ ᠢᠶᠠᠷ ᠠᠷᠠᠳ ᠲᠤ ᠠᠰᠢᠭ ᠬᠦᠷᠳᠡᠭᠡᠭᠦ ᠬᠢᠭᠡᠳ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠤᠶᠠᠯᠳᠤᠭᠤᠯᠬᠤ ᠬᠡᠷᠡᠭᠳᠡᠢ ᠬᠡᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠮᠠᠨ ᠤ ᠤᠷᠤᠨ ᠤ ᠵᠤᠭᠠᠴᠠᠯ ᠤᠨ ᠡᠬᠢ ᠪᠠᠶᠠᠯᠢᠭ ᠡᠯᠪᠡᠭ᠂ ᠵᠤᠭᠠᠴᠠᠯ ᠤᠨ ᠦᠢᠯᠡᠰ ᠲᠤᠯᠭᠠᠭᠤᠷᠢᠯᠠᠬᠤ ᠠᠵᠤ ᠦᠢᠯᠡᠰ ᠪᠤᠯᠬᠤ ᠬᠠᠮᠤᠭ ᠤᠨ ᠰᠠᠶᠢᠨ ᠨᠦᠬᠦᠴᠡᠯ ᠲᠠᠢ ᠪᠠᠶᠢᠨ᠎ᠠ᠃ ᠴᠢᠨᠠᠷ ᠰᠠᠶᠢᠳᠠᠢ ᠬᠦᠭᠵᠢᠯᠳᠡ ᠶᠢᠨ ᠱᠠᠭᠠᠷᠳᠠᠯᠭ᠎ᠠ ᠶᠢ ᠨᠡᠶᠢᠳᠡᠪᠦᠷᠢᠵᠢᠭᠤᠯᠵᠤ᠂ ᠰᠢᠨ᠎ᠠ ᠬᠦᠭᠵᠢᠯᠳᠡ ᠶᠢᠨ ᠣᠨᠤᠯᠵᠢᠬᠤᠨ ᠢ ᠪᠠᠷᠢᠮᠳᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠬᠡᠶᠢᠷᠡᠭᠦᠯᠵᠤ᠂ ᠵᠤᠭᠠᠴᠠᠯ ᠪᠠ ᠰᠤᠶᠤᠯ ᠤᠨ ᠠᠭᠤᠰᠤᠯᠴᠠᠯ ᠢ ᠠᠬᠢᠭᠤᠯᠵᠤ᠂ ᠵᠤᠭᠠᠴᠠᠯ ᠢ ᠬᠦᠭᠵᠢᠭᠦᠯᠭᠦ ᠬᠢᠭᠡᠳ ᠠᠮᠢ ᠠᠬᠤᠢ ᠶᠢ ᠬᠠᠮᠠᠭᠠᠯᠠᠬᠤ ᠶᠢᠨ ᠬᠠᠷᠢᠴᠠᠭ᠎ᠠ ᠶᠢ ᠰᠠᠶᠢᠳᠤᠷ ᠰᠢᠢᠳᠪᠦᠷᠢᠯᠡᠵᠤ᠂ ᠵᠤᠭᠠᠴᠠᠯ ᠢ ᠬᠦᠭᠵᠢᠭᠦᠯᠭᠦ ᠤᠷᠴᠢᠨ ᠲᠤᠭᠤᠷᠢᠨ ᠢ ᠰᠢᠯᠢᠳᠡᠭᠵᠢᠭᠦᠯᠵᠦ᠂ ᠦᠪᠦᠷ ᠮᠤᠩᠭᠤᠯ ᠤᠨ ᠵᠤᠭᠠᠴᠠᠯ ᠤᠨ ᠲᠦᠷᠦᠯ ᠲᠡᠮᠳᠡᠭ ᠢ ᠰᠠᠶᠢᠳᠤᠷ ᠪᠠᠶᠢᠭᠤᠯᠦᠨ᠂ ᠰᠠᠶᠢᠳᠤᠷ ᠤᠬᠠᠭᠤᠯᠵᠤ᠂ ᠵᠤᠭᠠᠴᠠᠯ ᠤᠨ ᠦᠢᠯᠡᠰ ᠢ ᠦᠨᠡᠨ ᠬᠦ ᠮᠠᠨ ᠤ ᠤᠷᠤᠨ ᠤ ᠬᠦᠭᠵᠢᠯᠳᠡ ᠶᠢᠨ ᠰᠢᠨ᠎ᠠ ᠨᠡᠮᠡᠭᠳᠡᠯ ᠤᠨ ᠲᠦᠢᠯ ᠪᠤᠯᠭᠠᠬᠤ ᠬᠡᠷᠡᠭᠳᠡᠢ ᠬᠡᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠪᠤᠯ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠪᠠᠳᠤᠯᠠᠨ ᠬᠠᠮᠠᠭᠠᠯᠠᠬᠤ ᠠᠮᠢᠨ ᠰᠤᠳᠠᠰᠤ ᠪᠤᠯᠤᠨ᠎ᠠ᠃ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠢ ᠲᠤᠬᠳᠠᠭᠠᠬᠤ ᠲᠦᠰᠦᠯ ᠢ ᠲᠤᠬᠳᠠᠭᠠᠬᠤ ᠨᠢ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠤᠨ ᠲᠦᠷᠢᠮ ᠢ ᠬᠡᠷᠡᠭᠵᠢᠭᠦᠯᠭᠦ ᠲᠦᠷᠦᠭᠦᠦ ᠠᠯᠬᠤᠮ ᠪᠤᠯᠤᠨ᠎ᠠ᠂ ᠤᠯᠠᠭᠠᠨ ᠱᠤᠭᠤᠮ ᠢ ᠲᠤᠬᠳᠠᠭᠠᠬᠤ ᠳᠤ ᠬᠤᠯᠪᠤᠬᠳᠠᠬᠤ ᠬᠠᠮᠢᠶ᠎ᠠ ᠪᠦᠬᠦᠢ ᠠᠰᠠᠭᠤᠳᠠᠯ ᠢ ᠵᠡᠷᠭᠡ ᠪᠠᠷ ᠰᠤᠳᠤᠯᠵᠤ᠂ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠤᠨ ᠲᠦᠷᠢᠮ ᠤᠨ ᠤᠷᠤᠬᠰᠢᠳᠠᠢ ᠬᠡᠷᠡᠭᠵᠢᠭᠦᠯᠦᠭᠳᠡᠭᠦ ᠶᠢ ᠪᠠᠳᠤᠯᠠᠵᠤ᠂ ᠨᠢᠭᠡ ᠵᠤᠷᠪᠤᠰ ᠤᠯᠠᠭᠠᠨ ᠱᠤᠭᠤᠮ ᠢᠶᠠᠷ ᠴᠢᠬᠤᠯᠠ ᠠᠮᠢ ᠠᠬᠤᠢ ᠶᠢᠨ ᠤᠷᠤᠨ ᠵᠠᠢ ᠶᠢ ᠬᠠᠮᠢᠶᠠᠷᠤᠨ ᠡᠵᠡᠮᠳᠡᠭᠦ ᠶᠢ ᠪᠡᠶᠡᠯᠡᠭᠦᠯᠵᠤ᠂ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠬᠴᠠᠯᠠᠬᠤ ᠬᠡᠷᠡᠭᠳᠡᠢ ᠬᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号