ᠡᠷᠢᠶᠡᠨ ᠬᠤᠲᠠ ᠶᠢᠨ ᠭᠡᠷ ᠭᠠᠵᠠᠷ ᠬᠦᠷᠦᠩᠭᠡ ᠶᠢᠨ ᠦᠯᠡᠳᠡᠭᠳᠡᠵᠦ ᠢᠷᠡᠭᠰᠡᠨ ᠠᠰᠠᠭᠤᠳᠠᠯ ᠤᠳ ᠢ ᠰᠢᠢᠳᠪᠦᠷᠢᠯᠡᠭᠰᠡᠨ ᠨᠢ ᠮᠢᠩᠭ᠎ᠠ ᠶᠢ ᠳᠠᠪᠠᠵᠠᠢ
ᠨᠡᠶᠢᠲᠡᠯᠡᠭᠰᠡᠨ ᠴᠠᠭ᠄
2018/9/5
     2017 ᠣᠨ ᠤ 10 ᠳ᠋ᠤᠭᠠᠷ ᠰᠠᠷ᠎ᠠ ᠶᠢᠨ 18᠎ ᠤ ᠡᠳᠦᠷ ᠠᠴᠠ ᠨᠠᠰᠢ᠂ ᠡᠷᠢᠶᠡᠨ ᠬᠤᠳᠠ ᠦᠯᠡᠳᠡᠭᠳᠡᠵᠦ ᠢᠷᠡᠭᠰᠡᠨ ᠥᠯᠥ ᠬᠥᠳᠡᠯᠬᠦ ᠬᠥᠷᠥᠩᠭᠡ ᠶᠢᠨ ᠡᠷᠬᠡ ᠶᠢ ᠳᠠᠩᠰᠠᠯᠠᠬᠤ ᠦᠨᠡᠮᠯᠡᠯ ᠢ 1002 ᠳᠡᠪᠲᠡᠷ ᠭᠦᠢᠴᠡᠳᠬᠡᠵᠦ᠂ ᠲᠣᠭᠲᠠᠭᠠᠭᠰᠠᠨ ᠬᠠᠷᠠᠯᠲᠠ ᠪᠠᠨ ᠤᠷᠢᠳᠴᠢᠯᠠᠨ ᠪᠡᠶᠡᠯᠡᠭᠦᠯᠦᠭᠰᠡᠨ ᠪᠠᠶᠢᠨ᠎ᠠ᠃      ᠭᠡᠷ  ᠭᠠᠵᠠᠷ ᠬᠦᠷᠦᠩᠭᠡ ᠶᠢᠨ ᠦᠨᠡᠮᠯᠡᠯ ᠭᠦᠢᠴᠡᠳᠬᠡᠬᠦ ᠦᠯᠡᠳᠡᠭᠳᠡᠵᠦ ᠢᠷᠡᠭᠰᠡᠨ ᠠᠰᠠᠭᠤᠳᠠᠯ ᠶᠡᠷᠦ ᠠᠴᠠ ᠪᠠᠨ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠭᠰᠠᠨ ︽ᠬᠠᠭᠤᠴᠢᠨ ᠪᠡᠷᠬᠡᠲᠡᠶ︾ ᠠᠰᠠᠭᠤᠳᠠᠯ ᠪᠣᠯᠤᠨ᠎ᠠ᠃ 2017 ᠣᠨ ᠠᠴᠠ ᠡᠬᠢᠯᠡᠨ᠂ ᠡᠷᠢᠶᠡᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠭᠡᠷ ᠭᠠᠵᠠᠷ ᠬᠦᠷᠦᠩᠭᠡ ᠶᠢᠨ ᠦᠨᠡᠮᠯᠡᠯ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠢ ᠠᠷᠠᠳ ᠤᠨ ᠠᠮᠢᠳᠤᠷᠠᠯ ᠤᠨ ᠪᠣᠳᠠᠲᠠᠶ ᠶᠠᠪᠤᠳᠠᠯ ᠪᠣᠯᠭᠠᠵᠤ ᠪᠦᠬᠦ ᠬᠦᠴᠦᠨ ᠢᠶᠠᠷ ᠢᠶᠠᠨ ᠴᠢᠩᠭ᠎ᠠ ᠠᠳᠬᠤᠵᠤ ᠪᠤᠳᠠᠲᠠᠶᠢᠵᠢᠭᠤᠯᠵᠤ ᠢᠷᠡᠵᠡᠢ᠃ ᠲᠡᠭᠡᠬᠦ ᠮᠥᠷᠲᠡᠭᠡᠨ ᠲᠤᠰᠬᠠᠶᠢᠯᠠᠨ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠠᠯᠪᠠᠨ ᠭᠡᠷ ᠪᠠᠶᠢᠭᠤᠯᠤᠨ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠦᠷᠦᠭᠦᠯᠡᠨ᠂ ᠡᠭᠦᠨ ᠤ ᠬᠠᠮᠲᠤ ᠠᠵᠢᠯ ᠤᠨ ᠴᠠᠭ ᠬᠤᠭᠤᠴᠠᠭᠠᠲᠤ ᠴᠢᠨᠠᠷ ᠢ ᠦᠨᠡᠨ ᠬᠦ ᠪᠠᠲᠤᠯᠠᠬᠤ ᠶᠢᠨ ᠲᠤᠯᠠᠳᠠ᠂ ᠬᠤᠳᠠ ᠶᠢᠨ ᠤᠳᠤᠷᠢᠳᠤᠯᠭ᠎ᠠ ᠪᠡᠶ᠎ᠡ ᠪᠠᠷ ᠢᠶᠠᠨ ᠬᠡᠷᠡᠭ ᠢ ᠳᠠᠭᠠᠭᠠᠨ ᠠᠪᠴᠤ᠂ ᠲᠣᠭᠲᠠᠭᠰᠠᠨ ᠬᠤᠭᠤᠴᠠᠭ᠎ᠠ ᠲᠠᠢ ᠪᠠᠷ ᠬᠤᠷᠠᠯ ᠬᠢᠵᠦ ᠠᠰᠠᠭᠤᠳᠠᠯ ᠢ ᠰᠤᠳᠤᠯᠵᠤ᠂ ᠵᠠᠰᠠᠭ ᠤᠨ ᠣᠷᠳᠣᠨ ᠭᠤᠣᠯᠯᠠᠨ ᠤᠳᠤᠷᠢᠳᠤᠭᠰᠠᠨ ᠡᠯ᠎ᠡ ᠰᠠᠯᠠᠭ᠎ᠠ ᠮᠥᠴᠢᠷ ᠤᠳ ᠬᠠᠮᠵᠢᠯᠴᠠᠭᠰᠠᠨ᠂ ᠤᠯᠠᠨ ᠲᠦᠮᠡᠨ ᠤ ᠣᠷᠣᠯᠴᠠᠭᠰᠠᠨ ᠠᠵᠢᠯ ᠤᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠵᠡᠢ᠃ 2017 ᠣᠨ ᠤ 10 ᠳ᠋ᠤᠭᠠᠷ ᠰᠠᠷ᠎ᠠ ᠠᠴᠠ ᠣᠳᠣ ᠪᠣᠯᠲᠠᠯ᠎ᠠ᠂ ᠨᠢᠭᠡᠨᠲᠡ 10 ᠰᠠᠭᠤᠭᠠᠯᠢ ᠲᠣᠭᠤᠷᠢᠭ ᠤᠨ ᠦᠯᠡᠳᠡᠭᠳᠡᠵᠦ ᠢᠷᠡᠭᠰᠡᠨ ᠠᠰᠠᠭᠤᠳᠠᠯ ᠢ ᠭᠦᠢᠴᠡᠳᠬᠡᠨ ᠳᠠᠭᠤᠰᠬᠠᠵᠤ᠂ ᠦᠯᠦ ᠬᠥᠳᠡᠯᠬᠦ ᠬᠦᠷᠦᠩᠬᠡ ᠶᠢᠨ ᠡᠷᠬᠡ ᠶᠢᠨ 1002 ᠦᠨᠡᠮᠯᠡᠯ ᠳᠤ ᠬᠤᠯᠪᠣᠭᠳᠠᠨ᠂ ᠶᠡᠷᠦᠩᠬᠡᠶ ᠡᠭᠦᠷᠭᠡ ᠶᠢᠨ 35%᠎ ᠶᠢ ᠪᠡᠶᠡᠯᠡᠭᠦᠯᠵᠦ᠂ ᠤᠯᠤᠰ ᠤᠨ ᠪᠠᠶᠢᠴᠠᠭᠠᠬᠤ ᠬᠤᠷᠢᠶ᠎ᠠ ᠶᠢᠨ C ᠲᠣᠭᠤᠷᠢᠭ ᠂ ᠷᠦᠨ ᠽᠧ ᠪᠠᠭ᠎ᠠ ᠲᠣᠭᠤᠷᠢᠭ᠂ ᠬᠢᠶᠠᠭᠳᠤ ᠶᠢᠨ ᠪᠠᠭ᠎ᠠ ᠲᠣᠭᠤᠷᠢᠭ᠂ ᠡᠮᠦᠨ᠎ᠡ ᠨᠥᠬᠦᠷᠯᠡᠯ ᠪᠠᠭ᠎ᠠ ᠲᠣᠭᠤᠷᠢᠭ ᠵᠡᠷᠭᠡ ᠨᠢᠭᠡ ᠪᠦᠯᠦᠭ ᠭᠡᠷ ᠭᠠᠵᠠᠷ ᠰᠢᠷᠣᠶ ᠶᠢᠨ ᠬᠥᠷᠥᠩᠭᠡ ᠶᠢᠨ ᠦᠯᠡᠳᠡᠭᠳᠡᠵᠦ ᠢᠷᠡᠭᠰᠡᠨ ᠵᠦᠢᠯᠡᠰ ᠢ ᠲᠣᠬᠢᠲᠠᠶ ᠰᠠᠶᠢᠬᠠᠨ ᠰᠢᠢᠳᠪᠦᠷᠢᠯᠡᠵᠡᠢ᠃  ᠣᠳᠣᠬᠠᠨ ᠳᠤ᠂ ᠪᠤᠰᠤᠳ ᠦᠯᠡᠳᠡᠭᠳᠡᠯ ᠵᠦᠢᠯᠡᠰ ᠨᠢ ᠬᠠᠤᠯᠢ ᠵᠠᠷᠭᠤ ᠳᠤ ᠬᠤᠯᠪᠣᠭᠳᠠᠵᠤ᠂ ᠪᠦᠲᠦᠭᠡᠨ ᠪᠠᠶᠢᠭᠤᠯᠤᠯᠲᠠ ᠶᠢᠨ ᠶᠠᠮᠠᠷᠴᠤ ᠭᠠᠷᠳᠠᠮ ᠦᠭᠡᠢ ᠪᠣᠯᠬᠤᠷ ᠲᠦᠷ ᠬᠤᠶᠢᠰᠢᠯᠠᠭᠤᠯᠤᠨ ᠰᠢᠢᠳᠪᠦᠷᠢᠯᠡᠬᠦ ᠶᠢ ᠭᠠᠷᠭᠠᠪᠠᠯ᠂ ᠪᠤᠰᠤᠳ ᠦᠯᠡᠳᠡᠭᠳᠡᠯ ᠵᠦᠢᠯᠡᠰ ᠨᠢ ᠴᠥᠮ ᠤᠷᠤᠭᠰᠢᠲᠠᠶ ᠪᠠᠷ ᠦᠨᠡᠮᠯᠡᠯ  ᠠᠪᠬᠤ ᠱᠠᠲᠤᠨ ᠳᠤ ᠣᠷᠣᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号