ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠩᠬᠠᠳᠤᠭᠠᠷ ᠬᠤᠭᠤᠴᠠᠭᠠᠨ ᠤ ᠦᠪᠦᠷ ᠮᠤᠩᠭᠤᠯ ᠎ ᠤᠨ ᠵᠢᠭᠤᠯᠴᠢᠯᠠᠯ ᠤᠨ ᠠᠵᠤ ᠦᠢᠯᠡᠰ ᠤᠨ ᠦᠵᠡᠰᠭᠦᠯᠡᠩ ᠤᠨ ᠪᠦᠬᠦ ᠬᠡᠰᠢᠭᠦᠤᠨ ᠤᠨ ᠬᠤᠷᠠᠯ ᠢ ᠬᠤᠷᠠᠯᠳᠤᠭᠤᠯᠵᠤ  ᠠᠢ ᠯᠢ ᠬᠤᠸᠠ ᠤᠷᠤᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2018-09-06
     9 ᠳ᠋ᠦ᠋ᠭᠡᠷ ᠰᠠᠷ᠎ᠠ ᠶᠢᠨ 2᠎ ᠤᠨ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠪᠤᠭᠤᠳᠤ ᠬᠤᠳᠠ ᠳᠤ ᠠᠩᠬᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠵᠢᠭᠤᠯᠴᠢᠯᠠᠯ ᠤᠨ ᠠᠵᠤ ᠦᠢᠯᠡᠰ ᠤᠨ ᠦᠵᠡᠰᠭᠦᠯᠡᠩ ᠤᠨ ᠪᠦᠬᠦ ᠬᠡᠰᠢᠭᠦᠤᠨ ᠤᠨ ᠬᠤᠷᠠᠯ ᠢ ᠬᠤᠷᠠᠯᠳᠤᠭᠤᠯᠵᠦ᠂ ᠦᠩᠬᠡᠷᠡᠭᠰᠡᠨ ᠤ ᠬᠡᠰᠡᠭ ᠬᠤᠭᠤᠴᠠᠭᠠᠨ ᠤ ᠠᠵᠢᠯ ᠢᠶᠠᠨ ᠳ᠋ᠦᠩᠨᠡᠨ᠂ ᠤᠳᠤᠬᠠᠨ ᠪᠤᠯᠤᠨ ᠲᠠᠷᠠᠭᠠᠴᠢ ᠶᠢᠨ ᠬᠡᠰᠡᠭ ᠬᠤᠭᠤᠴᠠᠭᠠᠨ ᠤ ᠵᠢᠭᠤᠯᠴᠢᠯᠠᠯ ᠤᠨ ᠦᠢᠯᠡᠰ ᠎ ᠤᠨ ᠴᠢᠨᠠᠷ ᠰᠠᠶᠢᠲᠠᠢ ᠬᠦᠭᠵᠢᠯᠳᠡ ᠶᠢ ᠪᠠᠶᠢᠷᠢᠯᠠᠭᠤᠯᠤᠭᠰᠠᠨ ᠪᠠᠶᠢᠨ᠎ᠠ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ᠃      ᠠᠢ ᠯᠢ ᠬᠤᠸᠠ ᠵᠢᠭᠠᠭᠰᠠᠨ ᠨᠢ᠂ ᠡᠷᠬᠡᠪᠰᠢ ᠵᠤᠬᠰᠤᠴᠠ ᠪᠠᠨ ᠲᠡᠭᠡᠭᠰᠢᠯᠡᠬᠦᠯᠦᠨ᠂ ᠡᠭᠦᠷᠭᠡ ᠬᠠᠷᠢᠭᠤᠴᠠᠯᠭ᠎ᠠ ᠪᠠᠨ ᠴᠢᠩᠭᠠᠷᠠᠭᠤᠯᠵᠤ᠂ ᠵᠢᠭᠤᠯᠴᠢᠯᠠᠯ ᠤᠨ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠦᠵᠡᠯ ᠰᠠᠨᠠᠭᠠᠨ ᠤ ᠰᠠᠨᠠᠭᠠᠴᠢᠯᠠᠭᠠᠳᠤ ᠴᠢᠨᠠᠷ ᠪᠤᠯᠤᠨ ᠠᠵᠢᠯᠯᠠᠭ᠎ᠠ ᠶᠢᠨ ᠰᠠᠨᠠᠭᠠᠴᠢᠯᠠᠭᠠᠳᠤ ᠴᠢᠨᠠᠷ ᠢᠶᠠᠨ ᠨᠡᠮᠡᠭᠳᠡᠬᠦᠯᠬᠦ ᠬᠡᠷᠡᠭᠳᠠᠢ᠃ ︽ᠦᠪᠦᠷ ᠮᠤᠩᠭᠤᠯ ᠢ ᠤᠯᠤᠰ ᠤᠨ ᠲᠤᠳᠤᠭᠠᠳᠤ ᠭᠠᠳᠠᠭᠠᠳᠤ ᠶᠢᠨ ᠨᠡᠷᠡᠳᠦ ᠵᠢᠭᠤᠯᠴᠢᠯᠠᠯ ᠤᠨ ᠬᠠᠷᠠᠯᠳᠠᠳᠤ ᠭᠠᠵᠠᠷ ᠪᠤᠯᠭᠠᠨ ᠪᠦᠳᠦᠭᠡᠨ ᠪᠠᠶᠢᠭᠤᠯᠬᠤ︾ ᠲᠤᠭᠤᠷᠢᠨ ᠳᠤ᠂ ᠦᠪᠦᠷ ᠮᠤᠩᠭᠤᠯ ᠤᠨ ᠵᠢᠭᠤᠯᠴᠢᠯᠠᠯ ᠤᠨ ᠨᠡᠷᠡᠳᠦ ᠲᠦᠷᠦᠯ ᠲᠡᠮᠳᠡᠭ ᠢ ᠪᠦᠬᠦ ᠬᠦᠴᠦᠨ ᠢᠶᠠᠷ ᠢᠶᠠᠨ ᠴᠤᠬᠴᠠᠯᠠᠨ᠂ ᠠᠷᠭ᠎ᠠ ᠪᠠᠷᠢᠯ ᠢᠶᠠᠨ ᠲᠡᠭᠦᠯᠳᠡᠷᠵᠢᠬᠦᠯᠵᠦ᠂ ᠨᠠᠶᠢᠳᠠᠪᠤᠷᠢᠵᠢᠭᠤᠯᠤᠯᠲᠠ ᠶᠢ ᠬᠦᠴᠦᠳᠠᠢ ᠠᠳᠬᠤᠬᠤ ᠬᠡᠷᠡᠭᠳᠠᠢ᠃ ᠠᠵᠤ ᠠᠬᠤᠶᠢᠯᠠᠯ ᠤᠨ ᠤᠷᠤᠯᠴᠠᠬᠤ ᠢᠳᠡᠪᠬᠢᠵᠢᠯ ᠢ ᠪᠠᠳᠠᠷᠠᠭᠤᠯᠤᠨ᠂ ᠴᠢᠨᠠᠷ ᠰᠠᠶᠢᠲᠠᠢ ᠵᠢᠭᠤᠯᠴᠢᠯᠠᠯ ᠢ ᠵᠠᠰᠠᠭ ᠤᠨ ᠤᠷᠳᠤᠨ ᠭᠤᠤᠯ ᠵᠢᠯᠤᠭᠤᠳᠴᠤ ᠪᠠᠶᠢᠭᠰᠠᠨ ᠢ ᠠᠵᠤ ᠠᠬᠤᠶᠢᠯᠠᠯ ᠭᠤᠤᠯ ᠵᠢᠯᠤᠭᠤᠳᠬᠤ ᠪᠤᠯᠭᠠᠨ ᠬᠤᠪᠢᠷᠠᠭᠤᠯᠬᠤ ᠶᠢ ᠠᠬᠢᠭᠤᠯᠤᠨ᠂ ᠠᠶᠠᠨᠳᠠᠭᠠᠨ ᠤ ᠠᠵᠢᠯᠯᠠᠭ᠎ᠠ ᠠᠴᠠ ᠰᠠᠨᠠᠭᠠᠴᠢᠯᠠᠭᠠᠳᠤ ᠠᠵᠢᠯᠯᠠᠭ᠎ᠠ ᠪᠤᠯᠭᠠᠨ ᠬᠤᠪᠢᠷᠠᠭᠤᠯᠵᠤ᠂ ᠡᠯ᠎ᠠ ᠭᠠᠵᠠᠷ ᠤᠷᠤᠨ ᠬᠦᠭᠵᠢᠯᠳᠡ ᠶᠢᠨ ᠲᠦᠯᠦᠪᠵᠢᠬᠦᠯᠭᠡ ᠪᠠᠨ ᠲᠡᠭᠦᠯᠳᠡᠷᠵᠢᠭᠦᠯᠦᠨ᠂ ᠵᠢᠭᠤᠯᠴᠢᠯᠠᠯ ᠤᠨ ᠤᠷᠤᠭᠤᠯᠤᠯᠳᠠ ᠪᠠ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠨ᠂ ᠵᠤᠬᠢᠴᠠᠩᠭᠤᠢ ᠬᠤᠯᠪᠤᠯᠴᠠᠬᠤ ᠶᠢ ᠴᠢᠬᠤᠯᠠᠴᠢᠯᠠᠨ᠂ ᠵᠢᠭᠤᠯᠴᠢᠯᠠᠯ ᠤᠨ ᠴᠢᠨᠠᠷ ᠰᠠᠶᠢᠲᠠᠢ ᠬᠦᠭᠵᠢᠯᠳᠡ ᠶᠢᠨ ᠡᠯ᠎ᠠ ᠲᠦᠷᠤᠯ ᠤᠨ ᠡᠭᠦᠷᠭᠡ ᠶᠢ ᠪᠡᠶᠡᠯᠡᠬᠦᠯᠬᠦ ᠶᠢ ᠪᠠᠳᠤᠯᠠᠬᠤ ᠬᠡᠷᠡᠭᠳᠠᠢ ᠭᠡᠵᠡᠢ᠃ ᠬᠤᠷᠠᠯ ᠲᠡᠭᠡᠷ᠎ᠠ᠂ ᠦᠪᠦᠷ ᠮᠤᠩᠭᠤᠯ ᠪᠠᠭᠤᠳᠠᠯ᠂ ᠤᠷᠳᠤᠰ ᠤᠨ ᠲᠠᠯ᠎ᠠ ᠨᠤᠳᠤᠭ ᠤᠨ ᠵᠢᠭᠤᠯᠴᠢᠯᠠᠯ ᠤᠨ ᠲᠤᠭᠤᠷᠢᠭ᠂ ᠦᠪᠦᠷ ᠮᠤᠩᠭᠤᠯ ᠤᠨ ᠸᠧᠢ ᠮᠢᠩ ᠶᠠᠩ ᠰᠤᠶᠤᠯ ᠤᠨ ᠠᠵᠤ ᠦᠢᠯᠡᠰ ᠤᠨ ᠬᠠᠷᠢᠭᠤᠴᠠᠯᠭᠠᠳᠤ ᠺᠤᠮᠫᠠᠨᠢ ᠵᠡᠷᠭᠡ 6 ᠵᠢᠭᠤᠯᠴᠢᠯᠠᠯ ᠤᠨ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠨᠡᠶᠢᠲᠡᠯᠢᠭ ᠲᠤᠷᠰᠢᠯᠭ᠎ᠠ ᠪᠠᠨ ᠰᠤᠯᠢᠯᠴᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号