ᠡᠨᠡ ᠵᠢᠯ ᠤᠨ 9 ᠳ᠋ᠦ᠋ᠭᠡᠷ ᠰᠠᠷ᠎ᠠ ᠪᠣᠯ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠴᠢᠨ ᠲᠠᠪᠤᠳᠠᠭᠢ | ᠰᠠᠷ᠎ᠠ ᠶᠢᠨ ᠠᠵᠢᠯᠯᠠᠭ᠎ᠠ ᠪᠣᠯᠣᠨ᠎ᠠ᠂ ᠠᠯᠠᠱᠠ ᠠᠶᠢᠮᠠᠭ ᠤᠨ ᠬᠤᠷᠢᠶ᠎ᠠ᠂ ᠵᠠᠬᠢᠷᠭ᠎ᠠ ᠶᠢᠨ ᠬᠤᠶᠠᠷ ᠠᠯᠪᠠᠨ ᠲᠢᠩᠬᠢᠮ ︽ | 2018 ᠣᠨ ᠤ ᠠᠯᠠᠱᠠ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ | ᠠᠵᠢᠯ ᠢ ᠦᠷᠨᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠲᠠᠷᠬᠠᠭᠠᠵᠤ᠂ ᠡᠯ᠎ᠡ ᠬᠤᠰᠢᠭᠤ | ᠲᠣᠭᠤᠷᠢᠭ᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠡᠯᠲᠡᠰ᠂ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ | ᠠᠷᠠᠳ ᠤᠨ ᠪᠦᠯᠬᠦᠮ ᠪᠣᠯᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠰᠠᠷ᠎ᠠ ᠶᠢᠨ ᠠᠵᠢᠯᠯᠠᠭ᠎ᠠ ᠶᠢᠨ | ᠬᠤᠭᠤᠴᠠᠭᠠᠨ ᠳᠤ ᠦᠷᠨᠢᠭᠦᠯᠬᠦ ᠠᠭᠤᠯᠭ᠎ᠠ ᠶᠢᠨ ᠲᠤᠬᠠᠢ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ | ᠨᠢᠭᠡ ᠳᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠤᠯ ᠬᠥᠮᠦᠵᠢᠯ ᠪᠠ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠰᠤᠷᠲᠠᠯᠴᠢᠯᠠᠨ ᠬᠥᠮᠦᠵᠢᠭᠦᠯᠬᠦ ᠠᠵᠢᠯ ᠢ ᠦᠷᠨᠢᠭᠦᠯᠦᠨ᠎ᠡ︔ | ᠬᠤᠶᠠᠷ ᠲᠤ᠂ ᠭᠤᠣᠯ ᠰᠡᠳᠦᠪ ᠨᠢ ᠢᠯᠡ ᠲᠣᠳᠣ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠭᠤᠣᠯ ᠰᠡᠳᠦᠪᠲᠦ ᠠᠵᠢᠯᠯᠠᠭ᠎ᠠ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ︽ᠲᠤᠯᠤᠭ᠎ᠠ ᠶᠢ ᠣᠷᠣᠭᠤᠯᠬᠤ︾ ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠎ᠡ︔ ᠭᠤᠷᠪᠠ ᠳᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠡᠶᠢᠲᠡᠯᠢᠭ ᠵᠢᠱᠢᠶ᠎ᠡ ᠶᠢᠨ ᠦᠢᠯᠡ ᠠᠵᠢᠯᠯᠠᠭ᠎ᠠ ᠶᠢ ᠤᠬᠠᠭᠤᠯᠬᠤ ᠪᠠ | ᠲᠡᠷᠢᠭᠦᠨ ᠤ ᠲᠤᠷᠰᠢᠯᠭ᠎ᠠ ᠶᠢ ᠳᠡᠯᠭᠡᠷᠡᠭᠦᠯᠬᠦ ᠵᠢᠴᠢ ᠡᠯ᠎ᠡ ᠦᠨᠳᠦᠰᠦᠲᠡᠨ ᠤ ᠪᠦᠯᠬᠦᠮᠳᠡᠯ ᠨᠥᠬᠦᠷᠯᠡᠯ ᠤᠨ ᠭᠦᠨ | ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ︔ ᠳᠥᠷᠪᠡ ᠳᠤ᠂ ᠴᠥᠭᠡᠨ ᠲᠣᠭᠠᠲᠤ | ᠦᠨᠳᠦᠰᠦᠲᠡᠨ ᠤ ᠣᠯᠠᠨ ᠲᠦᠮᠡᠨ ᠤ ᠠᠮᠢᠳᠤᠷᠠᠯ ᠪᠣᠯᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠠᠵᠢᠯ ᠢ ᠰᠠᠶᠢᠲᠤᠷ ᠬᠢᠨ᠎ᠡ︔ ᠲᠠᠪᠤ ᠳᠤ᠂ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ | ᠴᠥᠭᠡᠨ ᠲᠣᠭᠠᠲᠤ ᠦᠨᠳᠦᠰᠦᠲᠡᠨ ᠤ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠦᠷᠨᠢᠭᠦᠯᠦᠨ᠎ᠡ︔ ᠵᠢᠷᠭᠤᠭ᠎ᠠ ᠳᠤ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠵᠤ᠂ ᠬᠤᠲᠠ ᠶᠢᠨ | ᠦᠨᠳᠦᠰᠦᠲᠡᠨ ᠤ ᠠᠵᠢᠯ ᠪᠣᠯᠣᠨ ᠬᠤᠲᠠ ᠪᠠᠯᠭᠠᠰᠤᠨ ᠤ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠦᠨ | ᠠᠮᠠ ᠳᠤ ᠬᠢ ᠦᠢᠯᠡᠴᠢᠯᠡᠭᠡ ᠪᠠ ᠬᠠᠮᠢᠶᠠᠷᠤᠯᠲᠠ ᠶᠢ ᠲᠦᠯᠬᠢᠨ ᠠᠬᠢᠭᠤᠯᠵᠤ᠂ ᠡᠯ᠎ᠡ ᠦᠨᠳᠦᠰᠦᠲᠡᠨ ᠤ ᠣᠯᠠᠨ | ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ︔ ᠲᠤᠯᠤᠭ᠎ᠠ ᠳᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠵᠢᠯᠤᠭᠤᠳᠬᠤ | ᠪᠠ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠠᠵᠢᠯ ᠢ ᠴᠢᠩᠭᠠᠳᠬᠠᠨ᠎ᠠ᠃ |