ᠤᠷᠴᠢᠮᠬᠠᠨ᠂ ᠥᠪᠥᠷ ᠮᠣᠩᠭᠤᠯ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠦᠪᠯᠡᠯ ᠪᠤᠯᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠵᠡᠷᠭᠡ ᠲᠠᠪᠤᠨ ᠰᠠᠯᠠᠭ᠎ᠠ ᠮᠥᠴᠢᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠡᠦᠬᠡᠳ ᠤᠨ ᠴᠢᠰᠤ ᠴᠠᠶᠢᠬᠤ ᠡᠪᠡᠳᠴᠢᠨ ᠢ ᠠᠪᠤᠷᠠᠨ ᠵᠠᠰᠠᠬᠤ ᠬᠠᠮᠢᠶᠠᠷᠤᠯᠲᠠ ᠶᠢᠨ ᠠᠵᠢᠯ ᠤᠨ | ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠬᠡᠦᠬᠡᠳ ᠤᠨ ᠴᠢᠰᠤ ᠴᠠᠶᠢᠬᠤ ᠡᠪᠡᠳᠴᠢᠨ ᠢ ᠣᠨᠣᠰᠢᠯᠠᠨ | ᠡᠮᠨᠡᠬᠦ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠬᠡᠦᠬᠡᠳ ᠤᠨ ᠴᠢᠰᠤ ᠴᠠᠶᠢᠬᠤ | ᠡᠪᠡᠳᠴᠢᠨ ᠢ ᠱᠠᠳᠤ ᠬᠤᠪᠢᠶᠠᠨ ᠣᠨᠣᠰᠢᠯᠠᠨ ᠡᠮᠨᠡᠬᠦ ᠪᠠ ᠬᠤᠤᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ | ᠪᠠᠷᠢᠮᠵᠢᠶ᠎ᠠ ᠶᠢ ᠲᠣᠭᠲᠠᠭᠠᠨ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠳᠡᠰ ᠤᠨ ᠲᠣᠭᠲᠠᠮᠠᠯ ᠴᠡᠭ ᠤᠨ | ᠡᠮᠨᠡᠯᠭᠡ ᠶᠢᠨ ᠬᠤᠷᠢᠶ᠎ᠠ ᠲᠦᠷᠦᠭᠦᠯᠡᠨ᠂ ᠡᠯ᠎ᠡ ᠠᠶᠢᠮᠠᠭ ᠬᠤᠳᠠ ᠶᠢᠨ ᠱᠠᠲᠤᠨ ᠤ ᠲᠤᠭᠲᠠᠮᠠᠯ ᠴᠢᠭ ᠤᠨ ᠡᠮᠨᠡᠯᠭᠡ ᠶᠢᠨ | ᠬᠤᠷᠢᠶ᠎ᠠ ᠱᠠᠲᠤ ᠬᠤᠪᠢᠶᠠᠨ ᠣᠨᠣᠰᠢᠯᠠᠨ ᠡᠮᠨᠡᠬᠦ ᠦᠶᠯᠡᠴᠢᠯᠡᠭᠡᠨ ᠤ ᠲᠣᠤᠷ ᠰᠦᠯᠵᠢᠶ᠎ᠡ ᠶᠢ ᠪᠤᠢ ᠪᠤᠯᠭᠠᠵᠤ᠂ ᠴᠡᠭ | ᠲᠣᠭᠲᠠᠭᠠᠨ ᠲᠥᠪᠯᠡᠷᠡᠭᠦᠯᠦᠨ ᠠᠪᠤᠷᠠᠨ ᠵᠠᠰᠠᠬᠤ ᠶᠢ ᠬᠡᠷᠡᠭᠵᠢᠭᠦᠯᠵᠦ᠂ ᠪᠥᠬᠦ ᠶᠠᠪᠤᠴᠠ ᠶᠢ ᠵᠢᠷᠤᠮᠵᠢᠭᠤᠯᠤᠨ | ᠬᠠᠮᠢᠶᠠᠷᠴᠤ᠂ ᠪᠦᠬᠦ ᠣᠷᠣᠨ ᠤ ᠬᠡᠦᠬᠡᠳ ᠤᠨ ᠴᠢᠰᠤ ᠴᠠᠶᠢᠬᠤ ᠡᠪᠡᠳᠴᠢᠨ ᠲᠠᠢ ᠡᠪᠡᠳᠴᠢᠲᠡᠨ ᠢ ᠡᠮᠴᠢᠯᠡᠨ ᠵᠠᠰᠠᠬᠤ᠂ | ᠡᠮ ᠤᠨ ᠵᠦᠢᠯ ᠬᠠᠩᠭᠠᠬᠤ ᠪᠠ ᠡᠮᠴᠢᠯᠡᠭᠡ ᠶᠢ ᠪᠠᠲᠤᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠪᠡᠳᠴᠢᠲᠡᠨ ᠤ | ᠭᠡᠷ ᠪᠦᠯᠢ ᠶᠢᠨ ᠠᠮᠢᠳᠤᠷᠠᠯ ᠤᠨ ᠳᠠᠷᠤᠭᠠᠰᠤ ᠶᠢ ᠬᠦᠩᠭᠡᠷᠡᠭᠦᠯᠵᠦ᠂ ᠬᠡᠦᠬᠡᠳ ᠤᠨ ᠡᠷᠡᠭᠦᠯ ᠮᠡᠨᠳᠦ ᠶᠢᠨ ᠡᠷᠬᠡ | ᠠᠰᠢᠭ ᠢ ᠬᠠᠮᠠᠭᠠᠯᠠᠨ ᠪᠠᠲᠤᠯᠠᠬᠤ ᠬᠡᠷᠡᠭᠲᠡᠶ ᠭᠡᠵᠦ ᠳᠤᠲᠤᠷᠬᠠᠶᠢᠯᠠᠵᠠᠢ᠃ | ᠲᠥᠰᠦᠯ ᠳᠤ ᠵᠢᠭᠠᠭᠰᠠᠨ ᠨᠢ᠂ ᠪᠥᠬᠦ ᠣᠷᠣᠨ ᠤ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ | ᠨᠢᠭᠡᠳᠦᠯᠲᠡᠶ ᠲᠥᠯᠥᠪᠯᠡᠨ᠂ ︽ᠶᠠᠰᠤ ᠴᠢᠨᠠᠷ ᠢ ᠪᠠᠲᠤᠯᠠᠬᠤ᠂ ᠡᠪᠡᠳᠴᠢᠲᠡᠨ ᠳᠤ ᠲᠥᠬᠦᠮ ᠦᠵᠡᠭᠦᠯᠬᠦ᠂ | ᠬᠠᠮᠢᠶᠠᠷᠤᠯᠲᠠ ᠶᠢ ᠵᠢᠷᠤᠮᠵᠢᠭᠤᠯᠬᠤ︾ ᠵᠠᠷᠴᠢᠮ ᠶᠣᠰᠣᠭᠠᠷ᠂ ᠪᠥᠬᠦ ᠣᠷᠣᠨ ᠤ ᠡᠮᠴᠢᠯᠡᠭᠡᠨ ᠤ ᠠᠪᠤᠷᠠᠨ ᠵᠠᠰᠠᠬᠤ | ᠴᠢᠳᠠᠪᠤᠷᠢ ᠪᠠᠷ ᠴᠢᠩᠭ᠎ᠠ᠂ ᠡᠮᠴᠢᠯᠡᠭᠡᠨ ᠤ ᠶᠠᠰᠤ ᠴᠢᠨᠠᠷ ᠤᠨ ᠬᠢᠷᠢ ᠬᠡᠮᠵᠢᠶ᠎ᠡ ᠨᠢ ᠦᠨᠳᠦᠷ ᠡᠮᠨᠡᠯᠭᠡ ᠶᠢᠨ ᠬᠤᠷᠢᠶ᠎ᠠ ᠶᠢ | ᠰᠢᠯᠢᠨ ᠰᠤᠩᠭᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠴᠢᠰᠤ ᠴᠠᠶᠢᠬᠤ ᠡᠪᠡᠳᠴᠢᠨ ᠢ ᠡᠮᠨᠡᠨ ᠵᠠᠰᠠᠬᠤ | ᠲᠤᠭᠲᠠᠮᠠᠯ ᠴᠢᠭ ᠤᠨ ᠡᠮᠨᠡᠯᠭᠡ ᠶᠢᠨ ᠬᠤᠷᠢᠶ᠎ᠠ ᠪᠠᠷ ᠲᠤᠭᠲᠠᠭᠠᠬᠤ ᠬᠡᠷᠡᠭᠲᠡᠢ᠃ ︽ᠤᠨᠤᠰᠢᠯᠠᠨ ᠡᠮᠨᠡᠬᠦ ᠳᠤ ᠴᠢᠬᠤᠯᠠᠲᠠᠢ | ᠂ ᠠᠶᠤᠯ ᠦᠭᠡᠢ ᠪᠦᠲᠦᠮᠵᠢᠲᠡᠶ᠂ ᠦᠨ᠎ᠡ ᠨᠢ ᠵᠤᠬᠢᠰᠲᠠᠢ᠂ ᠬᠡᠷᠡᠭᠯᠡᠬᠦ ᠳᠤ ᠳᠦᠬᠦᠮ ᠪᠠᠶᠢᠬᠤ᠂ ᠬᠢᠲᠠᠳ ᠧᠦ᠋ᠷᠣᠫᠠ | ᠡᠮ ᠢ ᠬᠠᠮᠲᠤ ᠳᠤ ᠨᠢ ᠴᠢᠬᠤᠯᠠᠴᠢᠯᠠᠬᠤ︾ ᠵᠠᠷᠴᠢᠮ ᠶᠣᠰᠣᠭᠠᠷ᠂ ᠬᠡᠷᠡᠭᠰᠡᠬᠦ ᠡᠮ ᠤᠨ ᠵᠦᠶᠯᠡᠰ ᠪᠣᠯᠤᠨ ᠬᠤᠷᠣᠭᠳᠠᠯ | ᠮᠠᠲ᠋ᠧᠷᠢᠶᠠᠯ ᠢ ᠰᠢᠨᠵᠢᠯᠡᠬᠦ ᠤᠬᠠᠭᠠᠨᠴᠢ ᠪᠠᠷ ᠰᠢᠯᠢᠨ ᠰᠤᠩᠭᠤᠵᠤ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢ | ᠬᠡᠷᠡᠭᠯᠡᠬᠦ ᠶᠢ ᠵᠣᠷᠢᠭᠵᠢᠭᠤᠯᠬᠤ ᠬᠡᠷᠡᠭᠲᠡᠶ᠃ ᠡᠯ᠎ᠡ ᠲᠤᠭᠲᠠᠮᠠᠯ ᠴᠢᠭ ᠤᠨ ᠡᠮᠨᠡᠯᠭᠡ ᠶᠢᠨ ᠬᠤᠷᠢᠶ᠎ᠠ ᠨᠢ ᠬᠤᠯᠪᠣᠭᠳᠠᠯ | ᠪᠦᠬᠦᠢ ᠡᠮᠴᠢᠯᠡᠭᠡᠨ ᠤ ᠠᠷᠭ᠎ᠠ ᠵᠠᠮ ᠪᠠ ᠣᠨᠣᠰᠢᠯᠠᠨ ᠡᠮᠨᠡᠬᠦ ᠵᠢᠷᠤᠮᠵᠢᠯ ᠢᠶᠠᠷ ᠰᠠᠭᠤᠷᠢ ᠪᠤᠯᠭᠠᠵᠤ᠂ ᠣᠨᠣᠰᠢᠯᠠᠨ ᠡᠮᠨᠡᠬᠦ | ᠠᠷᠭ᠎ᠠ ᠬᠡᠮᠵᠢᠶ᠎ᠡ ᠤᠨ ᠤᠯᠠᠮ ᠨᠢᠭᠡ ᠠᠯᠬᠤᠮ ᠨᠠᠷᠢᠯᠢᠬᠵᠢᠭᠤᠯᠤᠨ᠂ ᠥᠪᠡᠷᠮᠢᠴᠡ ᠣᠨᠣᠰᠢᠯᠠᠨ ᠡᠮᠨᠡᠬᠦ ᠲᠥᠰᠦᠯ ᠪᠠ | ᠡᠮᠴᠢᠯᠡᠭᠡᠨ ᠤ ᠠᠷᠭ᠎ᠠ ᠵᠠᠮ ᠢ ᠲᠤᠭᠲᠠᠭᠠᠵᠤ᠂ ᠣᠨᠣᠰᠢᠯᠠᠨ ᠡᠮᠨᠡᠬᠦ ᠴᠤᠪᠤᠷᠠᠯ ᠢ ᠰᠢᠯᠢᠳᠡᠭᠵᠢᠭᠦᠯᠦᠨ᠂ ᠬᠦᠯᠢᠶᠡᠬᠦ | ᠴᠠᠭ ᠢ ᠪᠣᠭᠤᠨᠢᠰᠬᠠᠵᠤ᠂ ᠬᠡᠦᠬᠡᠳ ᠤᠨ ᠴᠢᠰᠤ ᠴᠠᠶᠢᠬᠤ ᠡᠪᠡᠳᠴᠢᠨ ᠲᠠᠢ ᠡᠪᠡᠳᠴᠢᠲᠡᠨ ᠳᠤ ᠡᠪᠡᠳᠴᠢᠨ ᠦᠵᠡᠭᠦᠯᠬᠦ | ᠰᠢᠯᠤᠭᠤᠨ ᠨᠡᠪᠲᠡᠷᠡᠬᠦ ᠵᠠᠮ ᠢ ᠨᠡᠭᠡᠭᠡᠵᠦ ᠦᠭᠬᠦ ᠬᠡᠷᠡᠭᠲᠡᠢ᠃ ᠬᠡᠤᠬᠡᠳ ᠤᠨ ᠡᠮᠴᠢᠯᠡᠭᠡᠨ ᠤ ᠰᠠᠯᠠᠭ᠎ᠠ᠂ ᠲᠦᠷᠭᠡᠨ ᠡᠮᠨᠡᠬᠦ | ᠰᠠᠯᠠᠭ᠎ᠠ᠂ ᠬᠠᠯᠠᠭᠤᠷᠠᠭᠰᠠᠳ ᠢ ᠦᠵᠡᠬᠦ ᠡᠭᠦᠳᠡᠨ ᠡᠮᠨᠡᠯᠭᠡ ᠵᠡᠷᠭᠡ ᠬᠤᠯᠪᠣᠭᠳᠠᠯ ᠪᠦᠬᠦᠢ ᠡᠮᠨᠡᠯᠭᠡ ᠶᠢᠨ ᠠᠵᠢᠯᠲᠠᠨ ᠢ | ᠬᠦᠮᠦᠵᠢᠭᠦᠯᠦᠨ ᠪᠤᠯᠪᠠᠰᠤᠷᠠᠭᠤᠯᠬᠤ ᠡᠷᠴᠢᠮ ᠢ ᠴᠢᠩᠭᠠᠷᠠᠭᠤᠯᠵᠤ᠂ ᠴᠢᠰᠤ ᠴᠠᠶᠢᠬᠤ ᠡᠪᠡᠳᠴᠢᠨ ᠢ ᠢᠯᠭᠠᠨ ᠲᠠᠨᠢᠵᠤ | ᠣᠨᠣᠰᠢᠯᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠡᠷᠲᠡ ᠣᠨᠣᠰᠢᠯᠠᠵᠤ ᠡᠷᠲᠡ ᠵᠠᠰᠠᠬᠤ ᠨᠤᠷᠮ᠎ᠠ ᠶᠢ | ᠳᠡᠭᠡᠭᠰᠢᠯᠡᠭᠦᠯᠬᠦ ᠬᠡᠷᠡᠭᠲᠡᠶ᠃ ᠱᠠᠲᠤ ᠬᠤᠪᠢᠶᠠᠨ ᠣᠨᠣᠰᠢᠯᠠᠨ ᠡᠮᠨᠡᠬᠦ ᠬᠠᠷᠢᠯᠴᠠᠬᠤ ᠲᠣᠭᠲᠠᠴᠠ ᠶᠢ ᠪᠠᠶᠢᠭᠤᠯᠵᠤ᠂ | ᠬᠡᠦᠬᠡᠳ ᠤᠨ ᠴᠢᠰᠤ ᠴᠠᠶᠢᠬᠤ ᠡᠪᠡᠳᠴᠢᠨ ᠲᠠᠢ ᠡᠪᠡᠳᠴᠢᠲᠡᠨ ᠢ ᠬᠥᠲᠥᠯᠥᠨ ᠵᠢᠯᠣᠭᠤᠳᠴᠤ ᠪᠠᠶᠢᠭᠠᠳ ᠱᠠᠳᠤ | ᠬᠤᠪᠢᠶᠠᠨ ᠣᠨᠣᠰᠢᠯᠠᠨ ᠡᠮᠨᠡᠭᠦᠯᠵᠦ᠂ ᠡᠮᠨᠡᠭᠦᠯᠵᠦ ᠪᠠᠶᠢᠭ᠎ᠠ ᠬᠡᠦᠬᠡᠳ ᠤᠨ ᠴᠢᠰᠤ ᠴᠠᠶᠢᠬᠤ ᠡᠪᠡᠳᠴᠢᠨ ᠲᠠᠢ | ᠡᠪᠡᠳᠴᠢᠲᠡᠨ ᠨᠢᠭᠡᠪᠦᠷᠢ ᠳᠤ ᠬᠠᠮᠲᠤ ᠪᠠᠷ ᠡᠴᠦᠰ ᠲᠤ ᠨᠢ ᠲᠤᠯᠲᠠᠯ᠎ᠠ ᠬᠠᠷᠢᠭᠤᠴᠠᠬᠤ ᠬᠡᠷᠡᠭᠲᠡᠢ᠃ ᠬᠡᠦᠬᠡᠳ ᠤᠨ | ᠴᠢᠰᠤ ᠴᠠᠶᠢᠬᠤ ᠡᠪᠡᠳᠴᠢᠨ ᠲᠠᠢ ᠡᠪᠡᠳᠴᠢᠲᠡᠨ ᠢ ᠪᠦᠬᠦᠨ ᠢ ᠬᠡᠷ ᠪᠦᠯᠢ ᠶᠢᠨ ᠡᠮᠴᠢ ᠶᠢᠨ ᠭᠡᠷᠡᠲᠦ | ᠦᠢᠯᠡᠴᠢᠯᠡᠭᠡᠨ ᠳᠤ ᠤᠷᠤᠭᠤᠯᠵᠤ᠂ ᠡᠪᠡᠳᠴᠢᠲᠡᠨ ᠢ ᠵᠣᠬᠢᠶᠠᠨ ᠪᠠᠶᠢᠭᠤᠯᠵᠤ ᠬᠥᠲᠥᠯᠥᠨ ᠵᠢᠯᠣᠭᠤᠳᠴᠤ ᠪᠠᠶᠢᠭᠠᠳ | ᠲᠤᠭᠲᠠᠮᠠᠯ ᠴᠢᠭ ᠤᠨ ᠡᠮᠨᠡᠯᠭᠡ ᠶᠢᠨ ᠬᠤᠷᠢᠶᠠᠨ ᠳᠤ ᠦᠵᠡᠵᠦ ᠡᠮᠨᠡᠭᠦᠯᠵᠦ᠂ ᠲᠤᠭᠲᠠᠮᠠᠯ ᠴᠢᠭ ᠤᠨ ᠡᠮᠨᠡᠯᠭᠡ ᠶᠢᠨ | ᠬᠤᠷᠢᠶ᠎ᠠ ᠶᠢ ᠬᠠᠪᠰᠤᠷᠤᠨ ᠮᠥᠷᠳᠡᠨ ᠪᠠᠶᠢᠴᠠᠭᠠᠬᠤ ᠪᠠ ᠡᠷᠡᠭᠦᠯ ᠮᠡᠨᠳᠦ ᠶᠢᠨ ᠬᠥᠮᠦᠵᠢᠯ ᠬᠢᠵᠦ᠂ ᠡᠪᠡᠳᠴᠢᠲᠡᠨ ᠤ | ᠭᠡᠷ ᠤᠨ ᠠᠬᠠᠮᠠᠳ ᠢ ᠵᠢᠭᠠᠨ ᠵᠢᠯᠣᠭᠤᠳᠴᠤ ᠭᠡᠷ ᠤᠨ ᠡᠷᠡᠭᠦᠯ ᠬᠠᠮᠠᠭᠠᠯᠠᠯ ᠤᠨ ᠨᠥᠬᠦᠴᠡᠯ ᠪᠠ ᠡᠪᠡᠳᠴᠢᠲᠡᠨ ᠤ | ᠰᠢᠮ᠎ᠡ ᠲᠡᠵᠢᠭᠡᠯ ᠤᠨ ᠪᠠᠶᠢᠳᠠᠯ ᠵᠡᠷᠭᠡ ᠶᠢ ᠰᠠᠶᠢᠵᠢᠷᠠᠭᠤᠯᠵᠤ᠂ ᠬᠡᠦᠬᠡᠳ ᠤᠨ ᠴᠢᠰᠤ ᠴᠠᠶᠢᠬᠤ ᠡᠪᠡᠳᠴᠢᠨ ᠲᠠᠢ | ᠡᠪᠡᠳᠴᠢᠲᠡᠨ ᠢ ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠵᠤ᠂ ᠬᠡᠦᠬᠡᠳ ᠤᠨ ᠴᠢᠰᠤ ᠴᠠᠶᠢᠬᠤ ᠡᠪᠡᠳᠴᠢᠨ | ᠲᠠᠢ ᠡᠪᠡᠳᠴᠢᠲᠡᠨ ᠢ ᠣᠨᠣᠰᠢᠯᠠᠨ ᠡᠮᠨᠡᠬᠦ ᠦᠢᠯᠡᠴᠢᠯᠡᠭᠡ ᠶᠢ ᠦᠷᠬᠦᠯᠵᠢᠯᠡᠭᠦᠯᠵᠦ ᠵᠢᠷᠤᠮᠵᠢᠭᠤᠯᠬᠤ ᠶᠢ ᠪᠠᠲᠤᠯᠠᠬᠤ | ᠬᠡᠷᠡᠭᠲᠡᠢ ᠭᠡᠵᠡᠢ᠃ | ᠲᠥᠰᠦᠯ ᠳᠤ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ | ᠮᠦᠴᠢᠷ ᠤᠳ ᠬᠡᠦᠬᠡᠳ ᠤᠨ ᠴᠢᠰᠤ ᠴᠠᠶᠢᠬᠤ ᠡᠪᠡᠳᠴᠢᠨ ᠢ ᠠᠪᠤᠷᠠᠨ ᠵᠠᠰᠠᠬᠤ ᠠᠵᠢᠯ ᠳᠤ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠢᠨᠠᠯᠲᠠ ᠳᠠᠯᠪᠢᠠ ᠵᠢᠯᠣᠭᠤᠳᠬᠤ ᠪᠠᠨ ᠴᠢᠩᠭᠠᠳᠬᠠᠵᠤ᠂ | ᠣᠨᠣᠰᠢᠯᠠᠨ ᠡᠮᠨᠡᠬᠦ ᠦᠷ᠎ᠡ ᠪᠦᠲᠦᠮᠵᠢ ᠶᠢ ᠦᠨᠡᠨ ᠬᠦ ᠪᠠᠲᠤᠯᠠᠵᠤ᠂ ᠬᠤᠪᠢ ᠬᠥᠮᠦᠨ ᠤ ᠳᠠᠷᠤᠭᠠᠰᠤ ᠶᠢ | ᠬᠦᠩᠭᠡᠷᠡᠭᠦᠯᠵᠦ᠂ ᠬᠡᠤᠬᠡᠳ ᠤᠨ ᠬᠦᠨᠳᠦ ᠡᠪᠡᠳᠴᠢᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠣᠭᠲᠠᠴᠠ ᠪᠠ | ᠵᠠᠭᠪᠤᠷ ᠢ ᠬᠠᠶᠢᠨ ᠰᠦᠪᠡᠭᠴᠢᠯᠡᠬᠦ ᠬᠡᠷᠡᠭᠲᠡᠢ᠃ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶᠡᠨ ᠳᠤ ᠥᠪᠡᠷᠲᠡᠭᠡᠨ ᠵᠠᠰᠠᠬᠤ ᠣᠷᠣᠨ ᠤ | ᠬᠡᠦᠬᠡᠳ ᠤᠨ ᠴᠢᠰᠤ ᠴᠠᠶᠢᠬᠤ ᠡᠪᠡᠳᠴᠢᠨ ᠢ ᠡᠮᠨᠡᠨ ᠵᠠᠰᠠᠬᠤ ᠲᠤᠭᠲᠠᠮᠠᠯ ᠴᠢᠭ ᠤᠨ ᠡᠮᠨᠡᠯᠭᠡ ᠶᠢᠨ ᠬᠤᠷᠢᠶ᠎ᠠ ᠶᠢᠨ | ᠦᠨᠳᠦᠰᠦᠨ ᠮᠡᠳᠡᠭᠡ ᠵᠠᠩᠭᠢ ᠶᠢ ᠢᠯᠡ ᠪᠠᠷ ᠨᠡᠶᠢᠲᠡᠯᠡᠵᠦ᠂ ᠤᠯᠠᠨ ᠲᠦᠮᠡᠨ ᠤ ᠠᠪᠤᠷᠠᠨ ᠵᠠᠰᠠᠬᠤ ᠬᠠᠮᠢᠶᠠᠷᠤᠯᠲᠠ ᠶᠢᠨ | ᠠᠵᠢᠯ ᠢ ᠮᠡᠳᠡᠷᠡᠬᠦ ᠰᠡᠳᠬᠢᠯᠭᠡ ᠪᠣᠯᠤᠨ ᠢᠲᠡᠭᠡᠯ ᠢ ᠨᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠠᠶᠢᠮᠠᠭ ᠬᠤᠲᠠ ᠨᠤᠭᠤᠳ | ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠡᠦᠬᠡᠳ ᠤᠨ ᠴᠢᠰᠤ ᠴᠠᠶᠢᠬᠤ | ᠡᠪᠡᠳᠴᠢᠨ ᠢ ᠲᠤᠰᠬᠠᠶ ᠠᠪᠤᠷᠠᠨ ᠵᠠᠰᠠᠬᠤ ᠬᠠᠮᠢᠶᠠᠷᠤᠯᠲᠠ ᠪᠠ ᠬᠤᠯᠪᠣᠭᠳᠠᠯ ᠪᠦᠬᠦᠢ ᠡᠮᠨᠡᠯᠭᠡ ᠶᠢᠨ ᠳᠠᠭᠠᠳᠬᠠᠯ ᠤᠨ | ᠲᠦᠷᠦ ᠶᠢᠨ ᠪᠤᠳᠤᠯᠭ᠎ᠠ ᠶᠢ ᠨᠡᠶᠢᠭᠡᠮ ᠨᠡᠶᠢᠲᠡ ᠳᠤ ᠦᠷᠭᠡᠨ ᠢᠶᠠᠷ ᠤᠬᠠᠭᠤᠯᠵᠤ᠂ ᠥᠷᠭᠡᠨ ᠤᠯᠠᠨ ᠲᠦᠮᠡᠨ ᠤ | ᠤᠶᠢᠯᠠᠭᠠᠵᠤ ᠮᠡᠳᠡᠬᠦ ᠨᠣᠷᠮ᠎ᠠ ᠶᠢ ᠳᠡᠭᠡᠭᠰᠢᠯᠡᠭᠦᠯᠵᠦ᠂ ᠤᠯᠠᠨ ᠲᠦᠮᠡᠨ ᠳᠤ ᠡᠮᠴᠢᠯᠡᠭᠡᠨ ᠤ ᠠᠪᠤᠷᠠᠨ ᠵᠠᠰᠠᠬᠤ᠂ | ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠪᠠ ᠠᠪᠤᠷᠠᠨ ᠲᠤᠰᠠᠯᠠᠬᠤ ᠵᠡᠷᠭᠡ ᠬᠠᠪᠰᠤᠷᠤᠯᠭ᠎ᠠ ᠦᠵᠡᠭᠦᠯᠵᠦ᠂ | ᠵᠦᠢ ᠵᠣᠬᠢᠰᠲᠠᠶ ᠵᠢᠱᠢᠯᠲᠡ ᠶᠢ ᠬᠥᠲᠥᠯᠥᠨ ᠵᠢᠯᠣᠭᠤᠳᠬᠤ ᠬᠡᠷᠡᠭᠲᠡᠶ ᠭᠡᠵᠡᠢ᠃ |