ᠬᠦᠢᠲᠡᠨ ᠰᠠᠯᠬᠢ ᠳᠡᠭᠳᠡᠨ᠂ ᠲᠡᠭ ᠠᠴᠠ ᠳᠤᠷᠤᠭᠰᠢ ᠬᠤᠷᠢᠨ ᠬᠡᠳᠦᠨ ᠭᠷᠠᠳᠦ᠋ᠰ ᠤᠨ ᠬᠦᠢᠲᠡᠨ ᠳᠤ᠂ | ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ ᠳᠥᠷᠪᠡᠳᠦᠭᠡᠷ ᠲᠣᠪᠴᠢᠶ᠎ᠠ ᠶᠢᠨ ᠬᠢᠩᠭᠠᠨ ᠠᠶᠢᠮᠠᠭ ᠤᠨ ᠲᠥᠷᠥᠯ | ᠵᠦᠶᠯ ᠤᠨ ᠬᠡᠯᠲᠡᠰ ᠤᠨ ᠪᠦᠲᠦᠭᠡᠨ ᠪᠠᠶᠢᠭᠤᠯᠤᠯᠲᠠ ᠳᠤ ᠤᠷᠤᠯᠴᠠᠵᠤ ᠪᠠᠶᠢᠭ᠎ᠠ ᠠᠵᠢᠯᠳᠡᠨ ᠠᠵᠢᠯᠴᠢᠨ ᠬᠠᠮᠤᠭ | ᠰᠡᠭᠦᠯ ᠤᠨ ᠨᠢᠭᠡ ᠮᠦᠷ ᠵᠠᠮ ᠢ ᠤᠷᠤᠭᠰᠢᠲᠠᠶ ᠳᠡᠪᠢᠰᠦᠨ ᠳᠠᠭᠤᠰᠴᠤ᠂ ᠬᠦᠮᠦᠰ ᠤᠨ ᠤᠤᠬᠠᠶᠢᠯᠠᠯ ᠢ ᠳᠠᠭᠠᠯᠳᠤᠨ᠂ | ᠬᠢᠩᠭᠠᠨ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠲᠤ ᠲᠡᠮᠦᠷ ᠵᠠᠮ ᠪᠦᠬᠦ | ᠱᠤᠭᠤᠮ ᠢᠶᠠᠷ ᠨᠡᠪᠲᠡᠷᠡᠵᠡᠢ᠃ | ᠬᠢᠩᠭᠠᠨ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠨᠢ ᠥᠪᠥᠷ ᠮᠣᠩᠭᠤᠯ ᠤᠨ | ᠵᠡᠭᠦᠨ ᠬᠡᠰᠡᠭ ᠤᠨ ᠨᠡᠭᠦᠷᠡᠰᠦᠨ ᠤ ᠰᠠᠭᠤᠷᠢᠨ ᠭᠠᠵᠠᠷ ᠪᠠ ᠵᠡᠭᠦᠨ ᠬᠤᠶᠢᠲᠤ ᠣᠷᠣᠨ ᠤ ᠠᠵᠤ ᠠᠬᠤᠶ ᠶᠢᠨ ᠤᠷᠤᠨ ᠤ | ᠬᠤᠭᠤᠷᠣᠨᠳᠣ ᠪᠠᠶᠢᠷᠢᠰᠢᠵᠤ᠂ ᠵᠡᠭᠦᠨ ᠬᠤᠶᠢᠲᠤ ᠤᠷᠤᠨ ᠤ ᠴᠡᠪᠡᠷ ᠡᠨᠧᠷᠭᠢ ᠭᠠᠷᠭᠠᠬᠤ ᠰᠠᠭᠤᠷᠢᠨ ᠭᠠᠵᠠᠷ ᠪᠣᠯᠤᠨ | ᠥᠪᠥᠷ ᠮᠣᠩᠭᠤᠯ ᠤᠨ ᠵᠡᠭᠦᠨ ᠬᠡᠰᠡᠭ ᠤᠨ ᠨᠡᠭᠦᠷᠡᠰᠦ ᠶᠢᠨ ᠪᠠᠷᠠᠭᠠᠨ ᠤ ᠭᠦᠶᠯᠭᠡᠭᠡᠨ ᠤ ᠲᠦᠪ ᠢ ᠬᠤᠯᠪᠤᠵᠤ ᠪᠠᠶᠢᠭ᠎ᠠ | ᠥᠪᠥᠷ ᠮᠣᠩᠭᠤᠯ ᠤᠨ ᠵᠡᠭᠦᠨ ᠬᠡᠰᠡᠭ ᠪᠠ ᠭᠢᠷᠢᠨ᠂ ᠯᠢᠶᠣᠤᠨᠢᠩ ᠬᠤᠶᠠᠷ ᠮᠤᠵᠢ ᠯᠤᠭ᠎ᠠ ᠠᠵᠤ ᠠᠬᠤᠶ ᠶᠢᠨ | ᠰᠣᠯᠢᠯᠴᠠᠭ᠎ᠠ ᠬᠢᠬᠦ ᠴᠢᠬᠤᠯᠠ ᠨᠡᠪᠲᠡᠷᠡᠯ ᠵᠠᠮ ᠪᠤᠯᠤᠨ᠎ᠠ᠃ ᠲᠤᠰ ᠵᠤᠷᠪᠤᠰ ᠲᠡᠮᠦᠷ ᠵᠠᠮ ᠢ ᠪᠠᠶᠢᠭᠤᠯᠵᠤ ᠲᠡᠷᠭᠡ | ᠨᠡᠪᠲᠡᠷᠡᠭᠰᠡᠨ ᠤ ᠳᠠᠷᠠᠭ᠎ᠠ᠂ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠴᠢᠳᠠᠮᠵᠢ ᠶᠢ ᠶᠡᠭᠡ ᠪᠠᠷ | ᠳᠡᠭᠡᠭᠰᠢᠯᠡᠭᠦᠯᠦᠨ ᠪᠦᠷᠢᠨᠰᠢᠭᠦᠯᠵᠦ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠯᠤᠭᠰᠢᠭᠤᠨ ᠰᠤᠳᠠᠯ︔ ᠠᠵᠤ | ᠠᠬᠤᠶᠢᠯᠠᠯ ᠤᠨ ᠬᠤᠵᠢᠮ ᠤᠨ ᠵᠤᠪᠯᠠᠩ ᠢ ᠰᠢᠶᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠠᠮᠢᠨ | ᠰᠤᠳᠠᠰᠤ︔ ᠡᠷᠲᠡ ᠴᠢᠯᠦᠭᠡᠯᠡᠭᠳᠡᠭᠰᠡᠨ ᠤᠷᠤᠨ ᠴᠦᠭᠡᠨ ᠲᠤᠭᠠᠲᠤ ᠦᠨᠳᠦᠰᠦᠲᠡᠨ ᠤ ᠤᠷᠤᠨ ᠬᠢᠯᠢ ᠬᠢᠵᠠᠭᠠᠷ | ᠤᠷᠤᠨ ᠶᠠᠳᠠᠭᠤ ᠬᠦᠴᠢᠷᠳᠡᠯ ᠲᠠᠢ ᠭᠠᠵᠠᠷ ᠣᠷᠣᠨ ᠢ ᠬᠥᠭᠵᠢᠭᠦᠯᠦᠨ ᠮᠠᠨᠳᠤᠭᠤᠯᠬᠤ ᠳᠤ ᠳᠡᠮᠵᠢᠯᠭᠡ ᠦᠵᠡᠭᠦᠯᠵᠦ᠂ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠬᠦᠴᠦᠨ ᠨᠡᠮᠡᠷᠢᠯᠡᠬᠦ ᠵᠢᠷᠭᠠᠯ ᠤᠨ ᠵᠠᠮ ᠪᠤᠯᠬᠤ ᠪᠤᠯᠤᠨ᠎ᠠ᠃ | ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ︽ᠥᠨᠳᠥᠷ ᠪᠠᠷᠢᠮᠵᠢᠶ᠎ᠠ᠂ ᠴᠢᠨᠠᠷ ᠰᠠᠶᠢᠨ᠂ ᠥᠨᠳᠥᠷ | ᠦᠷ᠎ᠡ ᠠᠰᠢᠭ ᠲᠠᠢ ᠪᠠᠶᠢᠬᠤ︾ ᠶᠢᠨ ᠤᠨᠤᠯᠵᠢᠬᠤᠨ ᠢ ᠪᠠᠷᠢᠮᠲᠠᠯᠠᠵᠤ᠂ ᠲᠡᠮᠦᠷ ᠵᠠᠮ ᠳᠡᠪᠢᠰᠴᠦ ᠡᠬᠢᠯᠡᠭᠰᠡᠨ ᠠᠴᠠ | ᠨᠠᠭᠠᠰᠢ᠂ ᠪᠠᠷᠢᠯᠭ᠎ᠠ ᠶᠢᠨ ᠠᠵᠢᠯᠲᠠᠳ ᠪᠦᠳᠦᠭᠡᠠ ᠪᠠᠶᠢᠭᠤᠯᠬᠤ ᠪᠠᠷᠢᠯᠭ᠎ᠠ ᠶᠢᠨ ᠬᠤᠭᠤᠴᠠᠭ᠎ᠠ ᠪᠠᠴᠢᠮ᠂ ᠡᠪᠦᠯ ᠤᠨ | ᠬᠠᠬᠢᠷ ᠬᠦᠢᠲᠡᠨ ᠵᠡᠷᠭᠡ ᠠᠰᠢᠭ ᠦᠬᠡᠢ ᠬᠦᠴᠦᠨ ᠵᠦᠢᠯ ᠤᠨ ᠨᠦᠯᠦᠭᠡ ᠶᠢ ᠢᠯᠠᠨ ᠳᠠᠪᠠᠵᠤ᠂ ᠲᠡᠮᠦᠷ ᠵᠠᠮ ᠳᠡᠪᠢᠰᠬᠦ | ᠵᠢᠯᠤᠭᠤᠳᠬᠤ ᠭᠠᠵᠠᠷ ᠪᠠᠶᠢᠭᠤᠯᠵᠤ᠂ ᠠᠵᠢᠯ ᠤᠨ ᠬᠤᠭᠤᠴᠠᠭ᠎ᠠ ᠶᠢ ᠲᠣᠩᠭᠤᠷᠤᠤ ᠵᠢᠭᠰᠠᠭᠠᠵᠤ᠂ ᠰᠢᠨᠵᠢᠯᠡᠬᠦ | ᠤᠬᠠᠭᠠᠨᠴᠢ ᠪᠠᠷ ᠬᠠᠮᠢᠶᠠᠷᠴᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ | ︽ᠠᠭᠤᠯᠠᠨ ᠲᠠᠭᠠᠷᠠᠪᠠᠯ ᠨᠦᠬᠡᠯᠡᠬᠦ᠂ ᠤᠰᠤ ᠲᠣᠬᠢᠶᠠᠯᠳᠤᠪᠠᠯ ᠬᠥᠭᠦᠷᠭᠡ ᠲᠠᠯᠪᠢᠬᠤ︔ ᠬᠡᠭᠡᠷ᠎ᠡ ᠬᠤᠨᠣᠵᠤ ᠬᠡᠳᠡ | ᠳᠡᠷᠡᠯᠡᠬᠦ᠂ ᠰᠠᠯᠬᠢᠨ ᠳᠤ ᠴᠣᠬᠢᠭᠳᠠᠵᠤ ᠪᠣᠷᠣᠭᠠᠨ ᠳᠤ ᠨᠣᠷᠬᠤ︾ ᠲᠡᠮᠦᠷ ᠵᠠᠮ ᠤᠨ ᠴᠡᠷᠢᠭ ᠤᠨ ᠵᠣᠷᠢᠭ ᠰᠠᠨᠠᠭ᠎ᠠ ᠶᠢ | ᠭᠦᠢᠴᠡᠳ ᠪᠠᠳᠠᠷᠠᠭᠤᠯᠵᠤ᠂ ᠠᠮᠤᠷ ᠲᠦᠪᠰᠢᠨ ᠢ ᠪᠠᠲᠤᠯᠠᠵᠤ᠂ ᠶᠠᠰᠤ ᠴᠢᠨᠠᠷ ᠢ ᠪᠠᠲᠤᠯᠠᠵᠤ᠂ ᠠᠬᠢᠴᠠ ᠶᠢ | ᠪᠠᠲᠤᠯᠠᠵᠤ᠂ ᠴᠢᠨᠠᠷᠯᠢᠭ᠂ ᠥᠨᠳᠥᠷ ᠦᠷ᠎ᠡ ᠪᠦᠲᠦᠮᠵᠢᠲᠡᠢ᠂ ᠠᠮᠤᠷ ᠮᠡᠨᠳᠦ᠂ ᠪᠣᠬᠢᠷᠲᠤᠯ ᠦᠭᠡᠢ 40 ᠺᠢᠯᠣᠮᠧᠲᠷ | ᠲᠡᠮᠦᠷ ᠵᠠᠮ ᠳᠡᠪᠢᠰᠬᠦ ᠪᠠᠷᠢᠯᠭ᠎ᠠ ᠶᠢᠨ ᠡᠭᠦᠷᠭᠡ ᠶᠢ ᠲᠤᠭᠲᠠᠭᠰᠠᠨ ᠴᠠᠭ ᠲᠤ ᠨᠢ ᠪᠡᠶᠡᠯᠡᠭᠦᠯᠵᠡᠢ᠃ |