ᠥᠪᠥᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠲᠦᠭᠡᠮᠡᠯᠵᠢᠭᠦᠯᠬᠦ ᠲᠤᠰᠬᠠᠢ ᠮᠡᠷᠭᠡᠵᠢᠯᠳᠡᠨ ᠤ ᠪᠦᠯᠬᠦᠮ ᠪᠠᠶᠢᠭᠤᠯᠤᠬᠳᠠᠪᠠ ᠡᠦ ᠲᠤᠸᠠᠨ ᠶᠢᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠨ  ᠯᠢᠦ ᠵᠢᠶᠠ ᠴᠢ ᠮᠡᠳᠡᠭᠦᠯᠦᠯᠳᠡ ᠬᠢᠪᠡ
ᠨᠡᠶᠢᠲᠡᠯᠡᠭᠰᠡᠨ ᠴᠠᠭ᠄
2019/1/16
     1 ᠳ᠋ᠦ᠋ᠭᠡᠷ ᠰᠠᠷ᠎ᠠ ᠶᠢᠨ 15᠎ ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠲᠦᠭᠡᠮᠡᠯᠵᠢᠭᠦᠯᠬᠦ ᠲᠤᠰᠬᠠᠢ ᠮᠡᠷᠭᠡᠵᠢᠯᠳᠡᠨ ᠤ ᠪᠦᠯᠬᠦᠮ ᠪᠠᠶᠢᠭᠤᠯᠤᠬᠳᠠᠬᠤ ᠶᠡᠭᠡ ᠬᠤᠷᠠᠯ ᠬᠦᠬᠡᠬᠤᠳᠠ ᠳᠤ ᠶᠠᠪᠤᠬᠳᠠᠪᠠ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠡᠦ ᠲᠤᠸᠠᠨ ᠶᠢᠩ ᠬᠤᠷᠠᠯ ᠳᠤ ᠤᠷᠤᠯᠴᠠᠨ ᠶᠠᠷᠢᠶ᠎ᠠ ᠳᠠᠯᠪᠢᠪᠠ᠃      ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠯᠢᠦ ᠵᠢᠶᠠ ᠴᠢ ᠮᠡᠳᠡᠭᠦᠯᠦᠯᠳᠡ ᠬᠢᠵᠠᠢ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠲᠦᠭᠡᠮᠡᠯᠵᠢᠭᠦᠯᠬᠦ ᠲᠤᠰᠬᠠᠢ ᠮᠡᠷᠭᠡᠵᠢᠯᠳᠡᠨ ᠤ ᠪᠦᠯᠬᠦᠮ ᠢ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠎ ᠤᠨ ᠨᠡᠶᠢᠭᠡᠮᠯᠢᠭ ᠠᠴᠠ ᠤᠷᠢᠨ ᠲᠤᠮᠢᠯᠠᠬᠤ ᠬᠡᠯᠪᠡᠷᠢ ᠪᠠᠷ ᠵᠤᠬᠢᠶᠠᠨ ᠪᠠᠶᠢᠭᠤᠯᠵᠤ᠂ ᠦᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠳᠠᠳ ᠢ ᠳᠠᠭᠠᠭᠤᠯᠤᠨ᠂ ᠰᠢᠨᠵᠢᠯᠡᠬᠦ ᠤᠬᠠᠭᠠᠨ ᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠳᠠᠷᠬᠠᠨ ᠡᠭᠦᠷᠭᠡ ᠪᠠᠨ ᠡᠭᠦᠷᠭᠡᠯᠡᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠷᠠᠳ ᠲᠤ ᠠᠰᠢᠭ ᠬᠦᠷᠳᠡᠭᠡᠬᠦ ᠪᠠᠷ ᠵᠤᠷᠢᠵᠠᠢ᠃      ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠲᠦᠭᠡᠮᠡᠯᠵᠢᠭᠦᠯᠬᠦ ᠲᠤᠰᠬᠠᠢ ᠮᠡᠷᠭᠡᠵᠢᠯᠳᠡᠨ ᠤ ᠪᠦᠯᠬᠦᠮ ᠨᠢ ᠨᠡᠶᠢᠳᠡ 160 ᠭᠠᠷᠤᠢ ᠨᠡᠷ᠎ᠡ ᠲᠤᠰᠬᠠᠢ ᠮᠡᠷᠭᠡᠵᠢᠯᠳᠡᠨ ᠢᠶᠠᠷ ᠪᠦᠷᠢᠯᠳᠦᠵᠤ᠂ ᠪᠦᠷ ᠳᠡᠭᠡᠳᠦ ᠵᠡᠷᠭᠡ ᠶᠢᠨ ᠳᠡᠳ᠋ ᠮᠡᠷᠭᠡᠵᠢᠯ ᠤᠨ ᠴᠣᠯᠠ ᠠᠴᠠ ᠳᠡᠭᠡᠭᠰᠢᠬᠢ ᠮᠡᠷᠭᠡᠵᠢᠯ ᠤᠨ ᠴᠤᠯᠠ ᠲᠠᠢ᠃ ᠪᠦᠯᠬᠦᠮ ᠎ ᠤᠨ ᠭᠡᠰᠢᠭᠦᠳ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠯ᠎ᠡ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠠᠵᠠᠷ᠂ ᠪᠦᠬᠦ ᠤᠷᠤᠨ ᠤ ᠨᠡᠶᠢᠭᠡᠮᠯᠢᠭ ᠪᠤᠯᠤᠨ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭᠠᠨ ᠪ᠊ ᠲᠦᠯᠦᠪᠯᠡᠬᠡᠨ ᠤ ᠬᠦᠳᠦᠯᠪᠦᠷᠢ ᠶᠢᠨ ᠪᠦᠷᠢᠯᠳᠦᠭᠦᠨ ᠨᠢᠭᠡᠴᠢ ᠶᠢᠨ ᠲᠤᠰᠬᠠᠢ ᠮᠡᠷᠭᠡᠵᠢᠯᠳᠡᠨ ᠪᠤᠯᠤᠨ᠎ᠠ᠃ ᠰᠤᠳᠤᠯᠭᠠᠨ ᠤ ᠴᠢᠭᠯᠡᠯ ᠨᠢ ᠲᠠᠷᠢᠶᠠᠯᠠᠩ ᠤᠨ ᠤᠬᠠᠭᠠᠨ᠂ ᠮᠠᠯ ᠠᠵᠤ ᠠᠬᠤᠢ ᠶᠢᠨ ᠤᠬᠠᠭᠠᠨ᠂ ᠹᠢᠽᠢᠺ ᠤᠨ ᠤᠬᠠᠭᠠᠨ᠂ ᠠᠨᠠᠭᠠᠬᠤ ᠤᠬᠠᠭᠠᠨ᠂ ᠠᠮᠢᠳᠤ ᠪᠤᠳᠠᠰ ᠤᠨ ᠤᠬᠠᠭᠠᠨ᠂ ᠤᠢ ᠰᠢᠭᠤᠢ ᠶᠢᠨ ᠤᠬᠠᠭᠠᠨ᠂ ᠰᠡᠳᠬᠢᠴᠡ ᠵᠦᠢ᠂ ᠨᠡᠶᠢᠭᠡᠮ ᠵᠦᠢ ᠵᠡᠷᠭᠡ ᠶᠢᠨ ᠰᠢᠨᠵᠢᠯᠡᠬᠡᠨ ᠪᠠᠶᠢᠵᠤ᠂ ᠲᠤᠰᠬᠠᠢ ᠮᠡᠷᠭᠡᠵᠢᠯ ᠤᠨ ᠬᠦᠷᠢᠶ᠎ᠡ ᠬᠡᠪᠴᠢᠶᠡᠨ ᠳᠤ ᠲᠠᠷᠢᠮᠠᠯ ᠤᠨ ᠠᠷᠠᠴᠢᠯᠠᠭ᠎ᠠ᠂ ᠡᠪᠡᠰᠦ ᠪᠡᠯᠴᠢᠭᠡᠷ ᠤᠨ ᠲᠦᠷᠦᠯ ᠵᠦᠢᠯ ᠤᠨ ᠡᠬᠢ ᠪᠠᠶᠠᠯᠢᠭ᠂ ᠰᠠᠶᠢᠨ ᠡᠭᠦᠯᠳᠡᠷ ᠤᠨ ᠪᠤᠶᠢᠵᠢᠭᠤᠯᠤᠯᠳᠠ᠂ ᠬᠦᠨᠦᠭᠡᠯᠳᠦ ᠬᠤᠷᠤᠬᠠᠢ ᠰᠢᠪᠠᠵᠢ  ᠶᠢᠨ ᠰᠡᠷᠭᠡᠶᠢᠯᠡᠯᠳᠡ᠂ ᠮᠠᠯ ᠲᠡᠵᠢᠭᠡᠪᠦᠷᠢ ᠶᠢᠨ ᠲᠡᠵᠢᠭᠡᠨ ᠦᠷᠡᠵᠢᠭᠦᠯᠦᠯᠳᠡ᠂ ᠰᠢᠩᠭᠡᠭᠡᠯᠳᠡ ᠶᠢᠨ ᠳᠤᠳᠤᠷ ᠰᠠᠯᠠᠭ᠎ᠠ᠂ ᠴᠢᠬᠢ ᠬᠠᠮᠠᠷ ᠬᠤᠭᠤᠯᠠᠢ ᠨᠢᠳᠦᠨ ᠤ ᠰᠠᠯᠠᠭ᠎ᠠ᠂ ᠶᠠᠰᠤᠨ ᠰᠠᠯᠠᠭ᠎ᠠ᠂ ᠠᠷᠠᠰᠤᠨ ᠤ ᠰᠠᠯᠠᠭ᠎ᠠ᠂ ᠮᠢᠨᠴᠦᠭᠦᠷᠡᠭᠦᠯᠬᠦ ᠰᠠᠯᠠᠭ᠎ᠠ᠂ ᠪᠠᠶᠢᠴᠠᠭᠠᠯᠳᠠ ᠶᠢᠨ ᠰᠠᠯᠠᠭ᠎ᠠ᠂ ᠬᠢᠳᠠᠳ ᠮᠤᠩᠭᠤᠯ ᠡᠮ᠂ ᠤᠯᠠᠮᠵᠢᠯᠠᠯᠳᠤ ᠮᠤᠩᠭᠤᠯ ᠡᠮᠨᠡᠯᠭᠡ ᠵᠡᠷᠭᠡ ᠶᠢᠨ ᠬᠡᠳᠦᠨ ᠠᠷᠪᠠᠨ ᠲᠤᠰᠬᠠᠢ ᠮᠡᠷᠭᠡᠵᠢᠯ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号