ᠥᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠵᠦ 2018 ᠣᠨ ᠤ ᠪᠦᠬᠦ ᠤᠷᠤᠨ ᠤ ᠨᠠᠮ ᠤᠨ ᠰᠤᠷᠳᠠᠯ ᠴᠢᠬᠡᠴᠢ ᠵᠠᠰᠠᠬ ᠤᠨ ᠪᠠᠶᠢᠭᠤᠯᠤᠯᠳᠠ ᠪᠠ ᠢᠯᠵᠠᠷᠠᠯ ᠢ ᠡᠰᠡᠷᠬᠦᠴᠡᠬᠦ ᠠᠵᠢᠯ ᠢ ᠦᠷᠨᠢᠬᠦᠯᠦᠭᠰᠡᠨ ᠪᠠᠶᠢᠳᠠᠯ ᠢ ᠵᠠᠷᠯᠠᠨ ᠨᠡᠶᠢᠳᠡᠯᠡᠵᠡᠢ
ᠨᠡᠶᠢᠲᠡᠯᠡᠭᠰᠡᠨ ᠴᠠᠭ᠄
2019/1/16
     1 ᠳ᠋ᠦ᠋ᠭᠡᠷ ᠰᠠᠷ᠎ᠠ ᠶᠢᠨ 15᠎ ᠤ ᠡᠳᠦᠷ ᠤᠨ ᠦᠳᠡ ᠶᠢᠨ ᠡᠮᠦᠨ᠎ᠡ᠂ ᠦᠪᠡᠷᠳᠡᠬᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠵᠦ᠂ 2018 ᠣᠨ ᠤ ᠨᠠᠮ ᠤᠨ ᠰᠤᠷᠳᠠᠯ ᠴᠢᠬᠡᠴᠢ ᠵᠠᠰᠠᠬ ᠤᠨ ᠪᠠᠶᠢᠭᠤᠯᠤᠯᠳᠠ ᠪᠠ ᠢᠯᠵᠠᠷᠠᠯ ᠢ ᠡᠰᠡᠷᠬᠦᠴᠡᠬᠦ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠎ ᠢ ᠵᠠᠷᠯᠠᠨ ᠨᠡᠶᠢᠳᠡᠯᠡᠪᠡ᠃      2018 ᠣᠨ ᠳᠤ᠂ ᠪᠦᠬᠦ ᠤᠷᠤᠨ ᠤ ᠡᠯ᠎ᠡ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠤᠯᠤᠨ ᠦᠷᠬᠡᠨ ᠤᠯᠠᠨ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠰᠢ ᠶᠢᠨ ᠫᠢᠩ ᠤᠨ ᠰᠢᠨ᠎ᠠ ᠴᠠᠬ ᠦᠶ᠎ᠡ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠲᠦᠪ ᠬᠤᠷᠢᠶ᠎ᠠ᠂ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠪᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠦᠷᠢᠮ ᠪᠤᠯᠤᠨ ᠦᠨᠳᠦᠰᠦᠨ ᠬᠠᠤᠯᠢ ᠠᠴᠠ ᠤᠯᠭᠤᠬᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠬᠦᠢᠴᠡᠳᠬᠡᠵᠦ᠂ ᠨᠠᠮ ᠤᠨ ᠰᠤᠷᠳᠠᠯ ᠴᠢᠬᠡᠴᠢ ᠵᠠᠰᠠᠬ ᠤᠨ ᠪᠠᠶᠢᠭᠤᠯᠤᠯᠳᠠ ᠪᠤᠯᠤᠨ ᠢᠯᠵᠠᠷᠠᠯ ᠢ ᠡᠰᠡᠷᠬᠦᠴᠡᠬᠦ ᠲᠡᠮᠡᠴᠡᠯ ᠢ ᠬᠦᠨᠵᠡᠭᠡᠶᠢᠷᠡᠬᠦᠯᠤᠨ ᠠᠬᠢᠭᠤᠯᠵᠤ᠂ ᠪᠦᠬᠦ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠰᠢᠨ᠎ᠠ ᠲᠠᠪᠠᠯᠳᠠ ᠶᠢᠨ ᠴᠢᠨᠠᠷᠳᠠᠢ ᠠᠮᠵᠢᠯᠳᠠ ᠪᠦᠳᠦᠮᠵᠢ ᠤᠯᠵᠠᠢ᠃      ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ᠂ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠤᠬᠰᠠᠨ᠂ ᠬᠢᠨᠠᠨ ᠪᠠᠶᠢᠴᠠᠭᠠᠯᠳᠠ ᠶᠢ ᠴᠢᠩᠭᠠᠳᠬᠠᠬᠰᠠᠨ᠂ ᠠᠰᠠᠭᠤᠳᠠᠯ ᠢ ᠢᠯᠡᠷᠡᠬᠦᠯᠬᠦ ᠪᠤᠯᠤᠨ ᠴᠡᠭᠴᠡᠯᠡᠨ ᠨᠠᠶᠢᠳᠠᠪᠤᠷᠢᠵᠢᠭᠤᠯᠬᠤ ᠶᠢ ᠵᠡᠷᠭᠡ ᠪᠠᠷ ᠴᠢᠬᠤᠯᠠᠴᠢᠯᠠᠬᠰᠠᠨ᠂ ᠲᠦᠪ ᠪᠤᠰᠤ ᠰᠤᠷᠳᠠᠯ ᠢ ᠴᠡᠭᠴᠡᠯᠡᠨ ᠵᠠᠰᠠᠬᠰᠠᠨ᠂ ᠬᠢᠨᠠᠯᠳᠠ ᠲᠠᠯᠪᠢᠬᠤ ᠲᠡᠷᠢᠬᠦᠨ ᠴᠢᠬᠤᠯᠠ ᠲᠤᠰᠢᠶᠠᠯ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠬᠦᠢᠴᠡᠳᠭᠡᠭᠰᠡᠨ᠂ ᠵᠠᠯᠬᠠᠭᠠᠨ ᠰᠢᠢᠳᠬᠡᠬᠦ ᠦᠨᠳᠦᠷ ᠲᠠᠷᠤᠯᠳᠠ ᠶᠢ ᠪᠠᠳᠤᠯᠠᠬᠰᠠᠨ᠂ ᠡᠴᠦᠰ ᠲᠤ ᠨᠢ ᠲᠤᠯᠳᠠᠯ᠎ᠠ ᠠᠳᠬᠤᠬᠰᠠᠨ᠂ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠶᠢ ᠠᠬᠢᠭᠤᠯᠤᠬᠰᠠᠨ ᠵᠡᠷᠬᠡ ᠨᠠᠢᠮᠠᠨ ᠲᠠᠯ᠎ᠠ ᠠᠴᠠ 2018 ᠣᠨ ᠤ ᠪᠦᠬᠦ ᠤᠷᠤᠨ ᠤ ᠨᠠᠮ ᠤᠨ ᠰᠤᠷᠳᠠᠯ ᠴᠢᠬᠡᠴᠢ ᠵᠠᠰᠠᠬ ᠤᠨ ᠪᠠᠶᠢᠭᠤᠯᠤᠯᠳᠠ ᠪᠠ ᠢᠯᠵᠠᠷᠠᠯ ᠢ ᠡᠰᠡᠷᠬᠦᠴᠡᠬᠦ ᠠᠵᠢᠯᠯᠠᠭ᠎ᠠ ᠦᠷᠨᠢᠬᠦᠯᠦᠭᠰᠡᠨ ᠪᠠᠶᠢᠳᠠᠯ ᠢ ᠡᠷᠬᠢᠴᠡᠬᠦᠯᠦᠨ ᠳ᠋ᠦᠩᠨᠡᠪᠡ᠃      2018 ᠣᠨ ᠳᠤ᠂ ᠡᠯ᠎ᠡ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠡᠶᠢᠳᠡ 38926 ᠠᠰᠠᠭᠤᠳᠠᠯ ᠤᠨ ᠰᠦᠪᠡᠭᠴᠢ ᠶᠢ ᠰᠢᠢᠳᠪᠦᠷᠢᠯᠡᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠎ ᠤ ᠬᠢ ᠠᠴᠠ 45.5%᠎ ᠪᠠᠷ ᠨᠡᠮᠡᠭᠳᠡᠵᠦ᠂ 9167 ᠬᠦᠮᠦᠨ ᠳᠤ ᠨᠠᠮ ᠵᠠᠰᠠᠬ ᠤᠨ ᠰᠠᠬᠢᠯᠭ᠎ᠠ ᠪᠠᠳᠤ ᠶᠢᠨ ᠰᠢᠢᠳᠬᠡᠯ ᠦᠭᠪᠡ︔ ᠶᠠᠳᠠᠭᠤ ᠶᠢ ᠲᠡᠳᠬᠦᠬᠦ ᠬᠦᠷᠢᠶᠡᠨ ᠤ ᠢᠯᠵᠠᠷᠠᠯ ᠪᠤᠯᠤᠨ ᠰᠤᠷᠳᠠᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠲᠠᠯ᠎ᠠ ᠪᠠᠷ᠂ ᠨᠡᠶᠢᠳᠡ 7098 ᠠᠰᠠᠭᠤᠳᠠᠯ ᠤᠨ ᠰᠦᠪᠡᠭᠴᠢ ᠶᠢ ᠰᠢᠢᠳᠪᠦᠷᠢᠯᠡᠵᠦ᠂ 1464 ᠬᠦᠮᠦᠨ ᠳᠤ ᠨᠠᠮ ᠵᠠᠰᠠᠬ ᠤᠨ ᠰᠠᠬᠢᠯᠭ᠎ᠠ ᠪᠠᠳᠤ ᠶᠢᠨ ᠰᠢᠢᠳᠬᠡᠯ ᠦᠭᠪᠡ︔ ᠬᠠᠷ᠎ᠠ ᠪᠦᠯᠦᠭᠳᠡᠨ ᠪᠠ ᠬᠠᠷᠬᠢᠰ ᠬᠦᠴᠦᠨ ᠳᠤ ᠬᠤᠯᠪᠤᠬᠳᠠᠬᠰᠠᠨ ᠢᠯᠵᠠᠷᠠᠯ ᠪᠤᠯᠤᠨ ︽ᠬᠠᠮᠠᠭᠠᠯᠠᠯᠳᠠ ᠶᠢᠨ ᠰᠢᠬᠦᠷ︾᠎ ᠤᠨ ᠠᠰᠠᠭᠤᠳᠠᠯ ᠢ ᠨᠡᠶᠢᠳᠡ 222 ᠬᠡᠷᠡᠭ ᠪᠤᠯᠭᠠᠨ ᠲᠠᠩᠰᠠᠯᠠᠵᠤ᠂ 98 ᠬᠦᠮᠦᠨ ᠳᠤ ᠨᠠᠮ ᠵᠠᠰᠠᠬ ᠤᠨ ᠰᠠᠬᠢᠯᠭ᠎ᠠ ᠪᠠᠳᠤ ᠶᠢᠨ ᠰᠢᠢᠳᠬᠡᠯ ᠦᠭᠪᠡ︔ ᠪᠦᠬᠦ ᠤᠷᠤᠨ ᠤ 1833 ᠨᠠᠮ ᠤᠨ ᠵᠤᠬᠢᠶᠠᠨ ᠪᠠᠶᠢᠭᠤᠯᠤᠯᠳᠠ ᠪᠠᠷ ᠲᠤᠭᠤᠷᠢᠨ ᠪᠠᠶᠢᠴᠠᠭᠠᠵᠤ᠂ 24228 ᠠᠰᠠᠭᠤᠳᠠᠯ ᠢ ᠢᠯᠡᠷᠡᠬᠦᠯᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号