ᠠᠮᠤᠷ ᠲᠦᠪᠰᠢᠨ ᠤᠯᠤᠰ ᠲᠦᠷᠦ ᠶᠢᠨ ᠤᠷᠴᠢᠨ᠂ ᠠᠮᠤᠷ ᠲᠤᠭᠳᠠᠭᠤᠨ ᠨᠡᠶᠢᠭᠡᠮ ᠤᠨ ᠤᠷᠴᠢᠨ᠂ ᠲᠦᠪ | ᠭᠤᠤᠯᠴᠢ ᠬᠠᠤᠯᠢᠵᠢᠯ ᠤᠨ ᠤᠷᠴᠢᠨ᠂ ᠰᠢᠯᠢᠳᠡᠭ ᠦᠢᠯᠡᠴᠢᠯᠡᠭᠡᠨ ᠤ ᠤᠷᠴᠢᠨ ᠪᠠᠶᠢᠪᠠᠯ ᠠᠷᠠᠳ ᠤᠯᠠᠨ ᠰᠠᠶ᠋ᠢ | ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠳᠦ ᠲᠦᠷᠦᠭᠳᠡᠯ᠂ ᠠᠮᠤᠷ ᠲᠦᠪᠰᠢᠨ ᠲᠦᠷᠦᠭᠳᠡᠯ ᠲᠠᠢ ᠪᠤᠯᠵᠤ | ᠴᠢᠳᠠᠨ᠎ᠠ᠃ | ᠰᠠᠶ᠋ᠢᠬᠠᠨ ᠲᠡᠬᠦᠰᠦᠭᠰᠡᠨ ᠲᠦᠪ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠳᠡᠭᠡᠷ᠎ᠠ᠂ | ᠶᠡᠷᠦᠩᠭᠡᠢ ᠱᠦᠵᠢ ᠰᠢ ᠶᠢᠨ ᠫᠢᠩ ᠨᠠᠮ ᠪᠤᠯᠤᠨ ᠤᠯᠤᠰ ᠤᠨ ᠠᠵᠢᠯ ᠦᠢᠯᠡᠰ ᠤᠨ ᠬᠦᠭᠵᠢᠯᠳᠠ ᠶᠢᠨ ᠪᠦᠬᠦ ᠲᠠᠯ᠎ᠠ | ᠪᠠ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢᠬᠢ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠤᠯᠤᠭᠰᠠᠨ ᠠᠮᠵᠢᠯᠳᠠ᠂ ᠬᠤᠷᠠᠮᠳᠤᠭᠤᠯᠤᠭᠰᠠᠨ | ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ᠂ ᠰᠢᠨ᠎ᠠ ᠴᠠᠭ ᠦᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ | ᠠᠵᠢᠯ ᠤᠨ ᠤᠷᠤᠰᠢᠵᠦ ᠪᠠᠶᠢᠭ᠎ᠠ ᠲᠡᠦᠭᠡᠨ ᠤᠷᠤᠨ ᠪᠠᠶᠢᠷᠢ ᠳᠤ ᠬᠦᠨᠵᠡᠭᠡᠢ ᠵᠠᠳᠠᠯᠤᠯᠳᠠ ᠬᠢᠵᠦ᠂ ᠠᠯᠢ ᠤᠯᠠᠨ | ᠴᠢᠭᠯᠡᠬᠦᠯᠦᠯᠳᠦ ᠴᠢᠨᠠᠷᠳᠠᠢ᠂ ᠪᠦᠬᠦ ᠲᠠᠯᠠᠳᠤ ᠴᠢᠨᠠᠷᠳᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠴᠢᠬᠤᠯᠠ ᠶᠡᠭᠡ | ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠳᠠ ᠦᠭᠴᠦ᠂ ᠰᠢᠨ᠎ᠠ ᠴᠠᠭ ᠦᠶ᠎ᠠ ᠶᠢᠨ ᠤᠯᠤᠰ ᠲᠦᠷᠦ ᠬᠠᠤᠯᠢ | ᠴᠠᠭᠠᠵᠠ ᠶᠢᠨ ᠠᠵᠢᠯ ᠳᠤ ᠴᠢᠬᠤᠯᠠ ᠪᠠᠶᠢᠷᠢᠯᠠᠭᠤᠯᠤᠯᠲᠠ ᠬᠢᠵᠦ᠂ ᠰᠢᠨ᠎ᠠ ᠴᠠᠭ ᠦᠶ᠎ᠠ ᠶᠢᠨ ᠤᠯᠤᠰ ᠲᠦᠷᠦ ᠬᠠᠤᠯᠢ | ᠴᠠᠭᠠᠵᠠ ᠶᠢᠨ ᠠᠵᠢᠯ ᠦᠢᠯᠡᠰ ᠤᠨ ᠬᠦᠭᠵᠢᠯᠳᠠ ᠳᠤ ᠠᠤᠭ᠎ᠠ ᠲᠦᠰᠦᠪ ᠢ ᠵᠢᠷᠤᠬᠯᠠᠵᠦ᠂ ᠦᠨᠳᠦᠰᠦᠨ ᠵᠢᠷᠤᠮᠯᠠᠯ | ᠬᠠᠩᠭᠠᠵᠠᠢ᠃ | ︽ᠬᠠᠤᠯᠢᠵᠢᠯ ᠪᠤᠯ ᠤᠯᠤᠰ ᠤᠨ ᠵᠠᠰᠠᠯᠳᠠ ᠶᠢᠨ ᠡᠬᠢ ᠪᠤᠯᠠᠢ︾᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠤᠯᠤᠰ | ᠲᠦᠷᠦ ᠬᠠᠤᠯᠢ ᠴᠠᠭᠠᠵᠠ ᠶᠢᠨ ᠠᠵᠢᠯ ᠢ ᠨᠡᠩ ᠴᠢᠬᠤᠯᠠ ᠪᠠᠶᠢᠷᠢᠨ ᠳᠤ ᠲᠠᠯᠪᠢᠨ ᠠᠳᠬᠤᠵᠤ᠂ ᠠᠯᠢ ᠤᠯᠠᠨ ᠴᠢᠬᠤᠯᠠ | ᠶᠡᠭᠡ ᠰᠢᠢᠳᠪᠦᠷᠢᠳᠤ ᠪᠤᠳᠤᠯᠭ᠎ᠠ ᠭᠠᠷᠭᠠᠵᠤ᠂ ᠠᠯᠢ ᠤᠯᠠᠨ ᠴᠢᠬᠤᠯᠠ ᠶᠡᠭᠡ ᠠᠷᠭ᠎ᠠ ᠬᠡᠮᠵᠢᠶ᠎ᠠ ᠬᠡᠷᠡᠭᠵᠢᠭᠦᠯᠵᠤ᠂ | ᠤᠯᠤᠰ ᠲᠦᠷᠦ ᠶᠢᠨ ᠠᠮᠤᠷ ᠲᠦᠪᠰᠢᠨ᠂ ᠨᠡᠶᠢᠭᠡᠮ ᠤᠨ ᠠᠮᠤᠷ ᠳᠤᠭᠳᠠᠭᠤᠨ᠂ ᠠᠷᠠᠳ ᠲᠦᠮᠡᠨ ᠤ ᠠᠮᠤᠷ | ᠠᠮᠤᠭᠤᠯᠠᠩ ᠢ ᠬᠠᠮᠠᠭᠠᠯᠠᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠪᠠ᠃ | ᠬᠦᠳᠡᠯᠮᠦᠷᠢ ᠪᠠᠷ ᠵᠠᠰᠠᠨ ᠬᠦᠮᠦᠵᠢᠭᠦᠯᠬᠦ ᠳᠦᠷᠢᠮ ᠢ ᠦᠭᠡᠶᠢᠰᠭᠡᠵᠦ᠂ ᠠᠵᠢᠯᠳᠠᠨ ᠤ ᠤᠷᠤᠨ ᠲᠤᠭ᠎ᠠ ᠶᠢᠨ ᠳᠦᠷᠢᠮ | ᠤᠨ ᠦᠭᠡᠷᠡᠴᠢᠯᠡᠯᠳᠡ ᠶᠢ ᠬᠡᠷᠡᠭᠵᠢᠭᠦᠯᠵᠤ᠂ ᠬᠡᠷᠡᠭ ᠪᠤᠯᠭᠠᠨ ᠳᠠᠩᠰᠠᠯᠠᠬᠤ ᠳᠦᠷᠢᠮ ᠤᠨ ᠦᠭᠡᠷᠡᠴᠢᠯᠡᠯᠳᠡ ᠶᠢ | ᠬᠡᠷᠡᠭᠵᠢᠭᠦᠯᠵᠤ᠂ ︽ᠳᠦᠷᠪᠡᠨ ᠨᠢᠷᠤᠭᠤ ᠨᠠᠢᠮᠠᠨ ᠲᠤᠯᠭᠠᠭᠤᠷᠢ︾ ᠶᠢᠨ ᠴᠢᠨᠠᠷᠳᠠᠢ ᠦᠭᠡᠷᠡᠴᠢᠯᠡᠯᠳᠡ ᠶᠢᠨ ᠭᠤᠤᠯ | ᠴᠤᠭᠴᠠ ᠶᠢᠨ ᠪᠤᠷᠤ ᠲᠦᠯᠦᠪ ᠦᠨᠳᠦᠰᠦᠨ ᠳᠤ ᠪᠠᠨ ᠪᠠᠶᠢᠭᠤᠯᠤᠭᠳᠠᠪᠠ︔ ᠬᠠᠷ᠎ᠠ ᠪᠦᠯᠦᠭᠳᠡᠨ ᠬᠠᠷᠬᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠦᠷᠨᠢᠭᠦᠯᠵᠤ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ | ᠲᠦᠪᠰᠢᠨ ᠢ ᠬᠦᠨᠳᠦ ᠨᠤᠴᠢᠳᠠᠢ ᠬᠤᠬᠢᠷᠠᠭᠤᠯᠤᠭᠰᠠᠨ ᠶᠠᠯᠠᠳᠤ ᠠᠵᠢᠯᠯᠠᠭ᠎ᠠ᠂ ᠢᠳᠡᠭᠡᠨ ᠪᠠ ᠡᠮ ᠤᠨ ᠵᠦᠢᠯᠡᠰ ᠤᠨ | ᠠᠮᠤᠷ ᠲᠦᠪᠰᠢᠨ ᠢ ᠬᠤᠬᠢᠷᠠᠭᠤᠯᠤᠭᠰᠠᠨ ᠶᠠᠯᠠᠳᠤ ᠠᠵᠢᠯᠯᠠᠭ᠎ᠠ᠂ ᠴᠠᠬᠢᠯᠭᠠᠨ ᠴᠢᠮᠡᠭᠡ ᠬᠤᠯᠪᠤᠭ᠎ᠠ ᠰᠦᠯᠵᠢᠶᠠᠨ ᠤ | ᠮᠡᠬᠡᠯᠡᠯ ᠤᠨ ᠶᠠᠯᠠᠳᠤ ᠠᠵᠢᠯᠯᠠᠭ᠎ᠠ ᠵᠡᠷᠭᠡ ᠶᠢ ᠬᠦᠨᠳᠦ ᠪᠠᠷ ᠵᠠᠯᠬᠠᠭᠠᠵᠤ᠂ ᠤᠯᠠᠨ ᠲᠦᠮᠡᠨ ᠳᠤ ᠲᠦᠪ ᠭᠤᠤᠯᠴᠢ | ᠰᠢᠳᠤᠷᠭᠤ ᠶᠤᠰᠤ ᠶᠢ ᠦᠨᠡᠨ ᠬᠦ ᠮᠡᠳᠡᠷᠡᠭᠦᠯᠪᠡ︔ ᠠᠵᠢᠯ ᠶᠠᠪᠤᠳᠠᠯ ᠬᠢᠬᠦ ᠳᠤ ᠬᠠᠤᠯᠢ ᠶᠢ ᠦᠨᠳᠦᠰᠦᠯᠡᠬᠦ᠂ ᠤᠴᠢᠷ | ᠶᠠᠪᠤᠳᠠᠯ ᠲᠤᠯᠭᠠᠷᠠᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠦᠷᠢᠴᠡᠯ ᠢ | ᠨᠠᠮᠳᠠᠭᠠᠨ ᠰᠢᠢᠳᠪᠦᠷᠢᠯᠡᠬᠦ ᠳᠤ ᠬᠠᠤᠯᠢ ᠳᠤ ᠲᠦᠰᠢᠭᠯᠡᠬᠦ ᠰᠠᠶᠢᠨ ᠰᠠᠶᠢᠬᠠᠨ ᠬᠠᠤᠯᠢᠵᠢᠯ ᠤᠨ ᠤᠷᠴᠢᠨ ᠡᠬᠢᠯᠡᠨ | ᠪᠦᠷᠢᠯᠳᠦᠵᠤ᠂ ᠤᠯᠠᠨ ᠲᠦᠮᠡᠨ ᠤ ᠨᠡᠶᠢᠭᠡᠮ ᠤᠨ ᠠᠮᠤᠷ ᠤᠨ ᠬᠠᠮᠠᠭᠠᠯᠠᠯᠳᠠ ᠶᠢᠨ ᠲᠤᠬᠠᠢ ᠬᠠᠨᠤᠮᠵᠢ ᠶᠢᠨ ᠬᠡᠮᠵᠢᠶ᠎ᠡ᠂ | ᠤᠯᠤᠰ ᠲᠦᠷᠦ ᠬᠠᠤᠯᠢ ᠴᠠᠭᠠᠵᠠ ᠶᠢᠨ ᠠᠵᠢᠯᠳᠠᠨ ᠤ ᠡᠩᠨᠡᠭᠡᠨ ᠤ ᠲᠤᠬᠠᠢ ᠬᠠᠨᠤᠮᠵᠢ ᠶᠢᠨ ᠬᠡᠮᠵᠢᠶ᠎ᠠ ᠶᠡᠭᠡ ᠪᠠᠷ | ᠳᠡᠭᠡᠭᠰᠢᠯᠡᠵᠤ ᠪᠠᠶᠢᠨ᠎ᠠ᠃ ᠳᠡᠯᠡᠬᠡᠢ ᠨᠡᠶᠢᠲᠡ ᠶᠢᠨ ᠬᠢᠨ᠂ ᠠᠵᠤ ᠠᠬᠤᠢ ᠦᠷᠭᠦᠯᠵᠢᠯᠡᠨ ᠡᠷᠡᠭᠦᠯ ᠢᠶᠠᠷ ᠬᠦᠭᠵᠢᠵᠤ᠂ | ᠨᠡᠶᠢᠭᠡᠮ ᠦᠷᠭᠦᠯᠵᠢᠯᠡᠨ ᠠᠮᠤᠷ ᠲᠦᠪᠰᠢᠨ ᠲᠤᠭᠳᠠᠭᠤᠨ ᠪᠠᠶᠢᠬᠤ ᠪᠤᠯ ᠳᠤᠮᠳᠠᠳᠤ ᠤᠯᠤᠰ ᠤᠨ ᠡᠭᠦᠳᠦᠭᠰᠡᠨ ︽ | ᠬᠤᠶᠠᠷ ᠶᠡᠭᠡ ᠭᠠᠶᠢᠬᠠᠮᠰᠢᠭ︾ ᠪᠤᠯᠤᠨ᠎ᠠ᠂ ᠳᠤᠮᠳᠠᠳᠤ ᠤᠯᠤᠰ ᠪᠤᠯ ᠳᠡᠯᠡᠬᠡᠢ ᠳᠡᠭᠡᠷᠡᠬᠢ ᠠᠮᠤᠷ ᠲᠦᠪᠰᠢᠨ ᠤ | ᠲᠦᠷᠦᠭᠳᠡᠯ ᠢᠶᠠᠷ ᠬᠠᠮᠤᠭ ᠤᠨ ᠶᠡᠭᠡ ᠤᠯᠤᠰ ᠤᠨ ᠨᠢᠭᠡ ᠪᠤᠯᠤᠨ᠎ᠠ ᠭᠡᠵᠦ ᠨᠡᠶᠢᠳᠡᠮ ᠦᠵᠡᠵᠦ ᠪᠠᠶᠢᠨ᠎ᠠ᠃ | ᠠᠮᠵᠢᠯᠳᠠ ᠬᠢᠯᠪᠡᠷ ᠪᠤᠰᠤ ᠬᠡᠬᠦ ᠳᠤ᠂ ᠳᠤᠷᠰᠢᠯᠭ᠎ᠠ ᠨᠡᠩ ᠡᠷᠬᠢᠮ ᠪᠢᠯᠡ᠃ ᠰᠢᠨ᠎ᠠ ᠦᠢᠯᠡᠳᠦᠯᠬᠡ ᠳᠤ᠂ | ᠮᠠᠨ ᠤ ᠨᠠᠮ ᠤᠯᠤᠰ ᠳᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠳᠠᠨᠢᠯᠳᠠ ᠪᠠᠨ ᠭᠦᠨᠵᠡᠭᠡᠶᠢᠷᠡᠭᠦᠯᠵᠦ᠂ ᠮᠠᠰᠢ | ᠤᠯᠠᠨ ᠴᠢᠬᠤᠯᠠ ᠳᠤᠷᠰᠢᠯᠭ᠎ᠠ ᠬᠤᠷᠠᠮᠳᠤᠭᠤᠯᠵᠠᠢ᠃ ᠬᠤᠷᠢᠶᠠᠩᠭᠤᠶᠢᠯᠠᠪᠠᠯ ᠭᠤᠤᠯᠳᠠᠭᠤ᠄ ᠡᠷᠬᠡᠪᠰᠢ ᠰᠢ ᠶᠢᠨ ᠫᠢᠩ | ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠬᠤ ᠬᠡᠷᠡᠭᠳᠡᠢ᠂ ᠡᠷᠬᠡᠪᠰᠢ ᠨᠠᠮ ᠤᠨ ᠤᠯᠤᠰ ᠳᠦᠷᠦ ᠬᠠᠤᠯᠢ ᠴᠠᠭᠠᠵᠠ ᠶᠢᠨ | ᠠᠵᠢᠯ ᠳᠠᠬᠢ ᠬᠠᠷᠢᠴᠠᠯᠠᠰᠢᠬᠦᠢ ᠤᠳᠤᠷᠢᠳᠤᠯᠭ᠎ᠠ ᠶᠢ ᠪᠠᠷᠢᠮᠳᠠᠯᠠᠬᠤ ᠬᠡᠷᠡᠭᠳᠡᠢ᠂ ᠡᠷᠬᠡᠪᠰᠢ ᠠᠷᠠᠳ ᠳᠦᠮᠡᠨ ᠢᠶᠠᠷ ᠭᠤᠤᠯ | ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠨᠡᠶᠢᠭᠡᠮ ᠤᠨ ᠵᠠᠰᠠᠯᠳᠠ ᠶᠢᠨ ᠤᠳᠤᠬᠢᠴᠢᠯᠡᠯᠳᠡ ᠶᠢ | ᠳᠦᠷᠬᠡᠳᠭᠡᠨ ᠠᠬᠢᠭᠤᠯᠵᠦ᠂ ᠤᠯᠤᠰ ᠳᠦᠷᠦ ᠬᠠᠤᠯᠢ ᠴᠠᠭᠠᠵᠠ ᠶᠢᠨ ᠬᠦᠷᠢᠶᠡᠨ ᠤ ᠦᠬᠡᠷᠡᠴᠢᠯᠡᠯᠳᠡ ᠶᠢ ᠪᠦᠬᠦ | ᠳᠠᠯ᠎ᠠ ᠪᠠᠷ ᠭᠦᠨᠵᠡᠭᠡᠶᠢᠷᠡᠭᠦᠯᠬᠦ ᠶᠢ ᠳᠦᠷᠬᠡᠳᠭᠡᠨ ᠠᠬᠢᠭᠤᠯᠵᠦ᠂ ᠤᠯᠤᠰ ᠳᠦᠷᠦ ᠬᠠᠤᠯᠢ ᠴᠠᠭᠠᠵᠠ ᠶᠢᠨ ᠡᠩᠨᠡᠬᠡᠨ ᠤ | ᠬᠤᠪᠢᠰᠬᠠᠯᠵᠢᠭᠰᠠᠨ᠂ ᠵᠢᠩᠬᠢᠨᠢᠴᠢᠯᠡᠭᠰᠡᠨ᠂ ᠲᠤᠰᠬᠠᠶᠢᠵᠢᠭᠰᠠᠨ᠂ ᠮᠡᠷᠬᠡᠰᠢᠭᠰᠡᠨ ᠪᠦᠳᠦᠬᠡᠨ ᠪᠠᠶᠢᠭᠤᠯᠤᠯᠲᠠ ᠶᠢ | ᠳᠦᠷᠬᠡᠳᠭᠡᠨ ᠠᠬᠢᠭᠤᠯᠬᠤ ᠬᠡᠷᠡᠭᠳᠡᠢ᠃ ᠰᠢᠨ᠎ᠠ ᠴᠠᠬ ᠦᠶ᠎ᠠ ᠶᠢᠨ ᠤᠯᠤᠰ ᠳᠦᠷᠦ ᠬᠠᠤᠯᠢ ᠴᠠᠭᠠᠵᠠ ᠶᠢᠨ ᠡᠯ᠎ᠠ | ᠳᠦᠷᠦᠯ ᠤᠨ ᠠᠵᠢᠯ ᠢ ᠪᠦᠬᠦ ᠳᠠᠯ᠎ᠠ ᠪᠠᠷ ᠬᠦᠨᠵᠡᠬᠡᠢ ᠰᠠᠶᠢᠲᠤᠷ ᠬᠢᠬᠦ ᠳᠤ ᠡᠷᠬᠡᠪᠰᠢ ᠡᠳᠡᠬᠡᠷ ᠴᠢᠬᠤᠯᠠ ᠳᠤᠷᠰᠢᠯᠭ᠎ᠠ ᠶᠢ | ᠰᠠᠶᠢᠲᠤᠷ ᠪᠠᠷᠢᠮᠳᠠᠯᠠᠵᠦ᠂ ᠰᠠᠶᠢᠲᠤᠷ ᠠᠰᠢᠬᠯᠠᠵᠦ᠂ ᠤᠯᠤᠰ ᠳᠦᠷᠦ ᠬᠠᠤᠯᠢ ᠴᠠᠭᠠᠵᠠ ᠶᠢᠨ ᠠᠵᠢᠯ ᠦᠢᠯᠡᠰ ᠤᠨ | ᠬᠦᠭᠵᠢᠯᠳᠡ ᠶᠢᠨ ᠰᠢᠨ᠎ᠠ ᠬᠠᠭᠤᠳᠠᠰᠤ ᠶᠢ ᠳᠠᠰᠤᠷᠠᠯᠳᠠ ᠦᠬᠡᠢ ᠪᠢᠴᠢᠭᠯᠡᠬᠦ ᠬᠡᠷᠡᠭᠳᠡᠢ᠃ | ᠪᠠᠶᠢᠳᠠᠯ ᠢ ᠠᠵᠢᠭᠴᠢ ᠠᠨᠤ ᠮᠡᠷᠬᠡᠨ᠂ ᠪᠠᠶᠢᠳᠠᠯ ᠢ ᠡᠵᠡᠮᠳᠡᠭᠴᠢ ᠠᠨᠤ ᠢᠯᠠᠬᠴᠢ ᠪᠤᠯᠠᠢ᠃ ᠮᠠᠨ ᠤ ᠤᠯᠤᠰ ᠤᠨ | ᠬᠦᠭᠵᠢᠯᠳᠡ ᠮᠦᠨ ᠬᠦ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠳᠤᠬᠢᠶᠠᠯᠳᠤ ᠬᠤᠭᠤᠴᠠᠭᠠᠨ ᠳᠤ ᠤᠷᠤᠰᠢᠵᠦ᠂ | ᠰᠢᠨ᠎ᠠ ᠴᠠᠬ ᠦᠶ᠎ᠠ ᠶᠢᠨ ᠤᠯᠤᠰ ᠳᠦᠷᠦ ᠬᠠᠤᠯᠢ ᠴᠠᠭᠠᠵᠠ ᠶᠢᠨ ᠠᠵᠢᠯ ᠢ ᠰᠠᠶᠢᠲᠤᠷ ᠬᠢᠬᠦ ᠳᠤ ᠪᠠᠳᠤ ᠪᠠᠬᠢ ᠤᠯᠤᠰ | ᠳᠦᠷᠦ ᠶᠢᠨ ᠰᠠᠭᠤᠷᠢ᠂ ᠠᠵᠦ ᠠᠬᠤᠢ ᠶᠢᠨ ᠰᠠᠭᠤᠷᠢ᠂ ᠨᠡᠶᠢᠭᠡᠮ ᠤᠨ ᠰᠠᠭᠤᠷᠢ᠂ ᠤᠯᠠᠨ ᠳᠦᠮᠡᠨ ᠤ ᠰᠠᠭᠤᠷᠢ | ᠪᠠᠶᠢᠬᠤ ᠪᠤᠢ᠂ ᠡᠭᠦᠨ ᠤ ᠬᠠᠮᠳᠤ ᠳᠠᠯᠠᠬᠡᠢ ᠳ᠋ᠠᠬᠢᠨ ᠤ ᠵᠠᠭᠤᠨ ᠵᠢᠯ ᠳᠤ ᠳᠤᠬᠢᠶᠠᠯᠳᠤᠭ᠎ᠠ ᠦᠬᠡᠢ ᠶᠡᠭᠡ | ᠬᠤᠪᠢᠰᠤᠯᠳᠠ ᠨᠢ ᠴᠤ ᠭᠠᠷᠴᠠᠭ᠎ᠠ ᠦᠭᠡᠢ ᠮᠠᠰᠢ ᠤᠯᠠᠨ ᠳᠤᠬᠳᠠᠪᠤᠷᠢ ᠦᠬᠡᠢ ᠬᠦᠴᠦᠨ ᠵᠦᠢᠯ ᠢ ᠠᠪᠴᠢᠷᠠᠵᠤ᠂ ᠡᠯ᠎ᠠ | ᠵᠦᠢᠯ ᠤᠨ ᠠᠵᠢᠯ ᠳᠤ ᠦᠷᠢᠰᠦᠯᠳᠦᠬᠡᠨ ᠠᠪᠴᠢᠷᠠᠬᠤ ᠶᠤᠮ᠃ ᠭᠡᠪᠡᠴᠤ ᠪᠠᠶᠢᠳᠠᠯ ᠭᠡᠷᠬᠢᠨ ᠬᠤᠪᠢᠷᠠᠭᠰᠠᠨ ᠴᠤ᠂ | ᠤᠯᠤᠰ ᠲᠦᠷᠤ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠦᠨᠳᠤᠰᠤᠨ ᠵᠤᠷᠢᠯᠲᠠ ᠬᠤᠪᠢᠷᠠᠵᠤ ᠪᠤᠯᠬᠤ ᠦᠭᠡᠢ᠂ | ᠡᠭᠦᠷᠭᠡ ᠬᠠᠷᠢᠭᠤᠴᠠᠯᠭ᠎ᠠ ᠬᠤᠪᠢᠷᠠᠵᠤ ᠪᠤᠯᠬᠤ ᠦᠭᠡᠢ ᠶᠤᠮ᠃ ᠪᠦᠭᠦ ᠤᠯᠤᠰ ᠤᠨ ᠤᠯᠤᠰ ᠲᠦᠷᠤ ᠬᠠᠤᠯᠢ | ᠴᠠᠭᠠᠵᠠ ᠶᠢᠨ ᠹᠷᠤᠨᠲ ᠤᠨ ᠬᠢᠨ ᠶᠡᠷᠤᠩᠭᠡᠢ ᠱᠦᠵᠢ ᠰᠢ ᠶᠢᠨ ᠫᠢᠡᠭ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ | ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠤᠯᠤᠰ ᠲᠦᠷᠤ ᠶᠢᠨ ᠠᠮᠤᠷ ᠲᠦᠪᠰᠢᠨ ᠢ | ᠬᠠᠮᠠᠭᠠᠯᠠᠬᠤ᠂ ᠨᠡᠶᠢᠭᠡᠮ ᠤᠨ ᠶᠡᠭᠡ ᠲᠠᠯ᠎ᠠ ᠶᠢᠨ ᠲᠤᠭᠳᠠᠭᠤᠨ ᠢ ᠪᠠᠳᠤᠯᠠᠬᠤ᠂ ᠨᠡᠶᠢᠭᠡᠮ ᠤᠨ ᠲᠦᠪ ᠭᠤᠤᠯᠴᠢ | ᠰᠢᠳᠤᠷᠭᠤ ᠶᠤᠰᠤ ᠶᠢ ᠠᠬᠢᠭᠤᠯᠬᠤ᠂ ᠠᠷᠠᠳ ᠲᠦᠮᠡᠨ ᠤ ᠠᠮᠤᠷ ᠠᠮᠤᠭᠤᠯᠠᠩ ᠢᠶᠠᠷ ᠠᠵᠤ ᠲᠦᠷᠦᠬᠦ ᠶᠢ ᠪᠠᠳᠤᠯᠠᠬᠤ | ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠭᠡᠪᠡᠯ᠂ ᠬᠦᠨᠳᠦ ᠬᠡᠴᠡᠭᠦᠦ ᠡᠭᠡᠳᠡᠷᠡᠭᠡᠨ ᠪᠤᠳᠤᠯᠢᠶᠠᠨᠳᠠᠢ | ᠲᠦᠭᠰᠢᠭᠦᠷᠢᠳᠠᠢ ᠦᠷᠢᠰᠦᠯᠳᠦᠭᠡᠨ ᠤ ᠡᠮᠤᠨ᠎ᠠ᠂ ᠴᠠᠭ ᠦᠶ᠎ᠠ ᠶᠢᠨ ᠬᠦᠨᠳᠦ ᠬᠠᠷᠢᠭᠤᠴᠠᠯᠭ᠎ᠠ ᠶᠢ ᠨᠡᠩ ᠰᠠᠶᠢᠲᠤᠷ | ᠡᠭᠦᠷᠭᠡᠯᠡᠵᠤ ᠳᠡᠶᠢᠯᠬᠦ ᠨᠢ ᠳᠠᠮᠵᠢᠭ ᠦᠭᠡᠢ᠃ | ᠡᠨᠡ ᠵᠢᠯ ᠪᠤᠯ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ᠂ 2020 ᠤᠨ ᠪᠤᠯ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠡᠭᠦᠯ ᠬᠤᠷᠢᠶᠠᠬᠤ ᠵᠢᠯ᠂ 2021 ᠤᠨ ᠪᠤᠯ ᠮᠠᠨ ᠤ ᠨᠠᠮ | ᠪᠠᠶᠢᠭᠤᠯᠤᠭᠳᠠᠭᠰᠠᠨ 100 ᠵᠢᠯ ᠤᠨ ᠤᠢ᠂ 2022 ᠤᠨ ᠪᠤᠯ ᠨᠠᠮ ᠤᠨ ᠬᠤᠷᠢᠳᠤᠭᠠᠷ ᠶᠡᠭᠡ ᠬᠤᠷᠠᠯ ᠢ | ᠬᠤᠷᠠᠯᠳᠤᠭᠤᠯᠬᠤ ᠵᠢᠯ ᠪᠤᠯᠤᠨ᠎ᠠ᠂ ᠵᠢᠯ ᠪᠤᠯᠭᠠᠨ ᠴᠢᠬᠤᠯᠠ ᠲᠡᠦᠬᠡᠨ ᠭᠤᠭᠴᠤᠭ᠎ᠠ ᠪᠠᠶᠢᠵᠤ᠂ ᠡᠯ᠎ᠠ ᠵᠦᠢᠯ ᠤᠨ | ᠠᠵᠢᠯ ᠢ ᠰᠠᠶᠢᠲᠤᠷ ᠬᠢᠭᠦ ᠶᠢᠨ ᠴᠢᠬᠤᠯᠠ ᠭᠠᠷᠤᠭ᠎ᠠ ᠪᠤᠯᠤᠨ᠎ᠠ᠃ ᠪᠦᠭᠦ ᠤᠯᠤᠰ ᠤᠨ ᠤᠯᠤᠰ ᠲᠦᠷᠤ ᠬᠠᠤᠯᠢ | ᠴᠠᠭᠠᠵᠠ ᠶᠢᠨ ᠹᠷᠣᠨᠲ ᠤᠨ ᠬᠢᠨ ᠲᠤᠭᠳᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ | ᠠᠶᠠᠰ ᠢ ᠪᠠᠷᠢᠮᠳᠠᠯᠠᠵᠤ᠂ ︽ᠲᠤᠭᠳᠠᠭᠤᠨ ᠪᠠᠶᠢᠯᠭᠠᠬᠤ︾ ᠬᠡᠭᠦ ᠶᠡᠭᠡ ᠲᠠᠯ᠎ᠠ ᠳᠤ ᠰᠠᠭᠤᠷᠢᠯᠠᠵᠤ᠂ ᠠᠮᠤᠷ ᠲᠦᠪᠰᠢᠨ ᠢ | ᠬᠠᠮᠠᠭᠠᠯᠠᠬᠤ᠂ ᠲᠤᠭᠳᠠᠭᠤᠨ ᠢ ᠬᠠᠮᠠᠭᠠᠯᠠᠬᠤ ᠡᠯ᠎ᠠ ᠵᠦᠢᠯ ᠤᠨ ᠠᠷᠭ᠎ᠠ ᠬᠡᠮᠵᠢᠶ᠎ᠠ ᠪᠠᠨ ᠴᠢᠩᠭᠠᠳᠬᠠᠪᠠᠯ᠂ ᠯᠠᠪᠳᠠᠢ | ᠠᠷᠠᠳ ᠲᠦᠮᠡᠨ ᠠᠮᠤᠷ ᠠᠮᠤᠭᠤᠯᠠᠩ ᠠᠵᠤ ᠲᠦᠷᠦᠵᠤ᠂ ᠨᠡᠶᠢᠭᠡᠮ ᠠᠮᠤᠷ ᠲᠤᠭᠳᠠᠭᠤᠨ ᠡᠮᠬᠢ ᠲᠢᠭᠯᠢᠮ ᠲᠠᠢ᠂ | ᠤᠯᠤᠰ ᠤᠷᠤᠨ ᠦᠨᠢ ᠤᠳᠠᠭᠠᠨ ᠠᠮᠤᠷ ᠳᠤᠭᠳᠠᠭᠤᠨ ᠪᠠᠶᠢᠬᠤ ᠶᠢ ᠪᠠᠳᠤᠯᠠᠵᠤ ᠴᠢᠳᠠᠨ᠎ᠠ᠃ |