2019 ᠣᠨ ᠤ ᠱᠠᠩᠬᠠᠢ ᠶᠢᠨ ᠰᠢ ᠵᠦᠴᠦᠬᠡ ᠶᠢᠨ ᠳᠡᠬᠡᠳᠦ ᠰᠤᠷᠭᠠᠭᠤᠯᠢ ᠶᠢᠨ ᠦᠪᠦᠷ ᠮᠤᠩᠭᠤᠯ ᠠᠴᠠ ᠳᠤᠮᠢᠯᠠᠨ ᠬᠦᠮᠦᠵᠢᠬᠦᠯᠬᠦ ᠰᠤᠷᠤᠬᠴᠢ ᠡᠯᠰᠡᠬᠦ ᠳᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2019/1/18
     ᠦᠪᠦᠷ ᠮᠤᠩᠭᠤᠯ ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠬᠢᠬᠡᠳ ᠱᠠᠩᠬᠠᠢ ᠶᠢᠨ ᠰᠢ ᠵᠦᠴᠦᠬᠡ ᠶᠢᠨ ᠳᠡᠬᠡᠳᠦ ᠰᠤᠷᠭᠠᠭᠤᠯᠢ ᠶᠢᠨ ᠳᠤᠬᠢᠷᠠᠯᠴᠠᠬᠰᠠᠨ ᠬᠠᠮᠢᠶ᠎ᠠ ᠪᠦᠬᠦᠢ ᠵᠦᠪᠯᠡᠯᠴᠡᠬᠡᠷ ᠤᠨ ᠠᠭᠤᠯᠭ᠎ᠠ ᠶᠢ ᠦᠨᠳᠦᠰᠦᠯᠡᠭᠰᠡᠨ ᠤ ᠬᠠᠮᠳᠤ᠂ ᠱᠠᠩᠬᠠᠢ ᠶᠢᠨ ᠰᠢ ᠵᠦᠴᠦᠬᠡ ᠶᠢᠨ ᠳᠡᠬᠡᠳᠦ ᠰᠤᠷᠭᠠᠭᠤᠯᠢ ᠶᠢᠨ ᠰᠤᠷᠤᠬᠴᠢ ᠡᠯᠰᠡᠬᠦ ᠵᠦᠪᠯᠡᠯ ᠠᠴᠠ ᠰᠤᠳᠤᠯᠤᠨ ᠳᠤᠬᠳᠠᠭᠠᠬᠤ ᠪᠠᠷ ᠳᠠᠮᠵᠢᠨ᠂ 2019 ᠣᠨ ᠳᠤ ᠱᠠᠩᠬᠠᠢ ᠶᠢᠨ ᠰᠢ ᠵᠦᠴᠦᠬᠡ ᠶᠢᠨ ᠳᠡᠬᠡᠳᠦ ᠰᠤᠷᠭᠠᠭᠤᠯᠢ ᠮᠠᠨ ᠤ ᠤᠷᠤᠨ ᠠᠴᠠ ᠨᠡᠪᠳᠡᠷᠡᠬᠦᠯᠦᠭᠴᠢ ᠬᠢᠬᠡᠳ ᠬᠦᠳᠦᠯᠦᠭᠴᠢ ᠶᠢᠨ ᠤᠷᠠᠯᠢᠬ ᠤᠨ ᠳᠤᠰᠬᠠᠢ ᠮᠡᠷᠬᠡᠵᠢᠯ ᠳᠤ ᠳᠤᠮᠢᠯᠠᠨ ᠬᠦᠮᠦᠵᠢᠬᠦᠯᠬᠦ 4 ᠰᠤᠷᠤᠬᠴᠢ ᠶᠢ ᠡᠯᠰᠡᠬᠦ ᠪᠠᠷ ᠪᠤᠯᠪᠠ᠃ ᠤᠳᠤ ᠪᠤᠳᠠᠳᠠᠢ ᠬᠡᠷᠡᠭ ᠶᠠᠪᠤᠳᠠᠯ ᠎ ᠤᠨ ᠳᠠᠯ᠎ᠠ ᠪᠠᠷ ᠳᠤᠤᠷᠠᠬᠢ ᠮᠡᠳᠦ ᠶᠢᠨ ᠠᠯᠪᠠᠨ ᠵᠠᠷᠯᠠᠯ ᠢ ᠨᠡᠶᠢᠳᠡᠯᠡᠶ᠎ᠠ᠄      ᠨᠢᠬᠡ᠂ ᠨᠡᠷ᠎ᠠ ᠮᠡᠳᠡᠬᠦᠯᠬᠦ ᠪᠡ ᠰᠢᠯᠭᠠᠯᠳᠠ ᠬᠢᠬᠦ ᠳᠤᠬᠢᠷᠠᠭᠤᠯᠤᠯᠳᠠ      ᠱᠠᠩᠬᠠᠢ ᠶᠢᠨ ᠰᠢ ᠵᠦᠴᠦᠬᠡ ᠶᠢᠨ ᠳᠡᠬᠡᠳᠦ ᠰᠤᠷᠭᠠᠭᠤᠯᠢ ᠨᠢ ᠦᠪᠦᠷ ᠮᠤᠩᠭᠤᠯ ᠠᠴᠠ ᠳᠤᠮᠢᠯᠠᠨ ᠬᠦᠮᠦᠵᠢᠬᠦᠯᠬᠦ ᠰᠤᠷᠤᠬᠴᠢ ᠳᠤ ᠴᠢᠭᠯᠡᠬᠦᠯᠦᠨ ᠠᠰ ᠢᠶᠠᠷ ᠨᠢ ᠰᠤᠷᠭᠠᠭᠤᠯᠢ ᠶᠢᠨ ᠰᠢᠯᠭᠠᠯᠳᠠ ᠬᠢᠬᠦ ᠶᠢ ᠵᠤᠬᠢᠶᠠᠨ ᠪᠠᠶᠢᠭᠤᠯᠤᠨ᠎ᠠ᠂ ᠨᠡᠷ᠎ᠠ ᠮᠡᠳᠡᠬᠦᠯᠬᠦ ᠰᠤᠷᠤᠬᠴᠢ ᠶᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠠᠷᠢᠶᠠᠨ ᠳᠠᠬᠢ ᠮᠤᠩᠭᠤᠯ ᠦᠨᠳᠦᠰᠦᠳᠡᠨ᠂ ᠳᠠᠭᠤᠷ ᠦᠨᠳᠦᠰᠦᠳᠡᠨ᠂ ᠡᠸᠡᠩᠬᠢ ᠦᠨᠳᠦᠰᠦᠳᠡᠨ᠂ ᠤᠷᠴᠤᠨ ᠦᠨᠳᠦᠰᠦᠳᠡᠨ ᠢᠶᠠᠷ ᠬᠢᠵᠠᠭᠠᠷᠯᠠᠨ᠎ᠠ᠂ ᠨᠡᠷ᠎ᠠ ᠮᠡᠳᠡᠬᠦᠯᠬᠦ ᠪᠡ ᠰᠢᠯᠭᠠᠯᠳᠠ ᠬᠢᠬᠦ ᠳᠤᠬᠢᠷᠠᠭᠤᠯᠤᠯᠳᠠ ᠶᠢᠨ ᠨᠠᠷᠢᠨ ᠵᠦᠢᠯᠡᠰ ᠢ ᠱᠠᠩᠬᠠᠢ ᠶᠢᠨ ᠰᠢ ᠵᠦᠴᠦᠬᠡ ᠶᠢᠨ ᠳᠡᠬᠡᠳᠦ ᠰᠤᠷᠭᠠᠭᠤᠯᠢ ᠶᠢᠨ ᠰᠤᠷᠤᠬᠴᠢ ᠡᠯᠰᠡᠬᠦ ᠰᠦᠯᠵᠢᠶᠡᠨ ᠳᠠᠬᠢ ︽2019 ᠣᠨ ᠤ ᠱᠠᠩᠬᠠᠢ ᠶᠢᠨ ᠰᠢ ᠵᠦᠴᠦᠬᠡ ᠶᠢᠨ ᠳᠡᠬᠡᠳᠦ ᠰᠤᠷᠭᠠᠭᠤᠯᠢ ᠶᠢᠨ ᠦᠪᠦᠷ ᠮᠤᠩᠭᠤᠯ ᠠᠴᠠ ᠳᠤᠮᠢᠯᠠᠨ ᠬᠦᠮᠦᠵᠢᠬᠦᠯᠬᠦ ᠰᠤᠷᠤᠬᠴᠢ ᠶᠢ ᠡᠯᠰᠡᠬᠦ ᠰᠢᠯᠭᠠᠯᠳᠠ ᠶᠢᠨ ᠠᠷᠭ᠎ᠠ︾᠎ ᠠᠴᠠ ᠯᠠᠪᠯᠠᠭᠠᠷᠠᠢ᠃      ᠬᠤᠶᠠᠷ᠂ ᠰᠢᠯᠭᠠᠯᠳᠠ ᠶᠢᠨ ᠠᠭᠤᠯᠭ᠎ᠠ      ︵ᠨᠢᠬᠡ︶ ᠠᠩᠬᠠᠨ ᠤ ᠰᠢᠯᠭᠠᠯᠳᠠ᠄ 1᠂ ᠳᠤᠬᠳᠠᠬᠰᠠᠨ ᠵᠤᠬᠢᠶᠠᠯ ᠪᠦᠳᠦᠬᠡᠯ ᠢ ᠤᠷᠠᠨ ᠳᠤᠳᠤ ᠤᠩᠰᠢᠨ᠎ᠠ︔ 2᠂ ᠵᠢᠭᠠᠵᠦ ᠳᠤᠬᠳᠠᠭᠠᠬᠰᠠᠨ ᠰᠤᠨᠢᠨ ᠮᠡᠳᠡᠭᠡ ᠶᠢ ᠬᠦᠤᠷᠨᠢᠨ ᠥᠭᠦᠯᠡᠨ᠎ᠡ᠃      ︵ᠬᠤᠶᠠᠷ︶ ᠬᠤᠶᠠᠳᠠᠬᠢ ᠰᠢᠯᠭᠠᠯᠳᠠ᠄ 1᠂ ᠳᠤᠬᠳᠠᠬᠰᠠᠨ ᠰᠡᠳᠦᠪ ᠢ ᠦᠨᠡᠯᠡᠨ ᠳᠤᠭᠠᠴᠢᠨ᠎ᠠ︔ 2᠂ ᠤᠷ᠎ᠠ ᠠᠪᠢᠶᠠᠰ ᠤᠨ ᠦᠵᠡᠬᠦᠯᠬᠡ ︵ᠦᠪᠡᠷ ᠲᠤ ᠪᠠᠨ ᠪᠡᠯᠡᠳᠬᠡᠨ᠎ᠠ︶᠄ ᠰᠢᠯᠭᠠᠭᠤᠯᠤᠬᠰᠠᠳ ᠨᠢᠬᠡᠪᠤᠷᠢ ᠡᠷᠬᠡᠪᠰᠢ ᠤᠷᠠᠨ ᠳᠤᠳᠤ ᠤᠩᠰᠢᠯᠭ᠎ᠠ ᠶᠢ ᠦᠯᠦ ᠪᠠᠭᠳᠠᠭᠠᠬᠤ ᠤᠷ᠎ᠠ ᠠᠪᠢᠶᠠᠰ ᠪᠤᠯᠤᠨ ᠤᠨᠴᠠ ᠴᠢᠳᠠᠪᠤᠷᠢ ᠪᠠᠨ ᠲᠣᠭᠯᠠᠨ ᠦᠵᠡᠭᠦᠯᠦᠨ᠎ᠡ᠃      ︵ᠭᠤᠷᠪᠠ︶ ᠭᠤᠷᠪᠠᠳᠠᠬᠢ ᠰᠢᠯᠭᠠᠯᠳᠠ᠄ 1᠂ ᠬᠦᠳᠦᠯᠭᠦ ᠤᠷ᠎ᠡ ᠠᠪᠢᠶᠠᠰ ᠢ ᠰᠢᠯᠭᠠᠨ᠎ᠠ︔ 2᠂ ᠰᠤᠶᠤᠯ ᠤᠷᠠᠯᠢᠬ ᠤᠨ ᠶᠡᠷᠦᠩᠬᠡᠶᠢᠯᠡᠭᠰᠡᠨ ᠬᠡᠪ ᠪᠤᠯᠪᠠᠰᠤᠷᠠᠯ ᠢ ᠰᠢᠯᠭᠠᠨ᠎ᠠ ︵ᠦᠰᠦᠭ ᠪᠢᠴᠢᠭ ᠢᠶᠠᠷ ᠰᠢᠯᠭᠠᠨ᠎ᠠ︶᠃      ᠭᠤᠷᠪᠠ᠂ ᠰᠤᠶᠤᠯ ᠤᠨ ᠰᠢᠯᠭᠠᠯᠳᠠ      ᠳᠤᠰᠬᠠᠢ ᠮᠡᠷᠬᠡᠵᠢᠯ ᠤᠨ ᠳᠠᠯ᠎ᠠ ᠪᠠᠷ ᠬᠢᠷᠢ ᠳᠡᠩᠴᠡᠭᠰᠡᠨ ᠰᠢᠯᠭᠠᠭᠤᠯᠤᠬᠰᠠᠳ ᠪᠦᠬᠦᠨ ᠡᠷᠬᠡᠪᠰᠢ ᠳᠤᠬᠳᠠᠬᠰᠠᠨ ᠴᠠᠬ ᠲᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠷᠤᠬᠴᠢ ᠡᠯᠰᠡᠬᠦ ᠠᠵᠢᠯ ᠤᠨ ᠠᠯᠪᠠᠨ ᠬᠡᠷ ᠲᠤ ᠬᠦᠷᠴᠤ ᠶᠡᠭᠡ ᠳᠡᠬᠡᠳᠦ ᠰᠤᠷᠭᠠᠭᠤᠯᠢ ᠶᠢᠨ ᠰᠤᠶᠤᠯ ᠤᠨ ᠨᠢᠬᠡᠳᠦᠯᠳᠡᠢ ᠰᠢᠯᠭᠠᠯᠳᠠ ᠳᠤ ᠤᠷᠤᠯᠴᠠᠬᠤ ᠨᠡᠷ᠎ᠠ ᠮᠡᠳᠡᠬᠦᠯᠬᠦ ᠪᠡ ᠡᠷᠡᠮᠡᠯᠵᠡᠯ ᠳᠠᠬᠯᠠᠬᠤ ᠭᠠᠷ ᠬᠦᠢᠴᠡᠳᠬᠡᠯ ᠢ ᠬᠢᠵᠦ᠂ ᠳᠤᠬᠳᠠᠭᠠᠯ ᠶᠤᠰᠤᠭᠠᠷ ᠨᠢᠬᠡᠳᠦᠯᠳᠡᠢ ᠰᠢᠯᠭᠠᠯᠳᠠ ᠳᠤ ᠤᠷᠤᠯᠴᠠᠬᠤ ᠬᠡᠷᠡᠭᠳᠡᠢ᠂ ᠨᠡᠶᠢᠭᠡᠮ ᠤᠨ ᠰᠢᠨᠵᠢᠯᠡᠬᠦ ᠤᠬᠠᠭᠠᠨ ᠪᠡ ᠪᠠᠶᠢᠭᠠᠯᠢ ᠶᠢᠨ ᠰᠢᠨᠵᠢᠯᠡᠬᠦ ᠤᠬᠠᠭᠠᠨ ᠤ ᠠᠯᠢ ᠪᠠᠷ ᠨᠢ ᠴᠤ ᠰᠢᠯᠭᠠᠯᠳᠠ ᠳᠤ ᠤᠷᠤᠯᠴᠠᠵᠦ ᠪᠤᠯᠤᠨ᠎ᠠ᠃      ᠳᠦᠷᠪᠡ᠂ ᠡᠯᠰᠡᠨ ᠠᠪᠬᠤ ᠵᠠᠷᠴᠢᠮ      ᠳᠤᠰᠬᠠᠢ ᠮᠡᠷᠬᠡᠵᠢᠯ ᠤᠨ ᠳᠠᠯ᠎ᠠ ᠪᠠᠷ ᠬᠢᠷᠢ ᠳᠡᠩᠴᠡᠭᠰᠡᠨ ᠰᠢᠯᠭᠠᠭᠤᠯᠤᠬᠰᠠᠳ ᠤᠨ ᠶᠡᠭᠡ ᠳᠡᠬᠡᠳᠦ ᠰᠤᠷᠭᠠᠭᠤᠯᠢ ᠶᠢᠨ ᠨᠢᠬᠡᠳᠦᠯᠳᠡᠢ ᠰᠤᠶᠤᠯ ᠤᠨ ᠰᠢᠯᠭᠠᠯᠳᠠ ᠶᠢᠨ ᠬᠢᠷᠢ ᠪᠦᠳᠦᠮᠵᠢ ᠨᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠷᠠᠯᠢᠬ ᠤᠨ ᠳᠦᠷᠦᠯ ᠤᠨ ᠵᠢᠩᠬᠢᠨᠢ ᠠᠩᠬᠢ ᠶᠢᠨ ᠨᠠᠭᠠᠳᠤ ᠵᠠᠬ᠎ᠠ ᠶᠢᠨ ᠬᠢᠵᠠᠭᠠᠷ ᠬᠤᠪᠢ ᠶᠢᠨ ᠱᠤᠭᠤᠮ ᠳᠤ ᠬᠦᠷᠦᠭᠰᠡᠨ ᠪᠠᠶᠢᠬᠤ ᠶᠢᠨ ᠰᠠᠭᠤᠷᠢᠨ ᠳᠡᠬᠡᠷ᠎ᠠ᠂ ᠳᠡᠷᠡᠴᠢᠯᠡᠨ ᠬᠡᠯᠡ ᠪᠢᠴᠢᠭ ᠤᠨ ᠭᠠᠭᠴᠠ ᠳᠦᠷᠦᠯ ᠤᠨ ᠬᠢᠷᠢ ᠪᠦᠳᠦᠮᠵᠢ ᠨᠢ 90 ᠬᠤᠪᠢ ︵150 ᠬᠤᠪᠢ ᠶᠢᠨ ᠳᠦᠷᠢᠮᠳᠦ ᠰᠢᠯᠭᠠᠯᠳᠠ︶᠎ ᠠᠴᠠ ᠳᠠᠪᠠᠭᠰᠠᠨ ᠪᠠᠶᠢᠪᠠᠯ᠂ ᠳᠤᠰᠬᠠᠢ ᠮᠡᠷᠬᠡᠵᠢᠯ ᠤᠨ ᠰᠢᠯᠭᠠᠯᠳᠠ ᠶᠢᠨ ᠬᠢᠷᠢ ᠪᠦᠳᠦᠮᠵᠢ ᠶᠢ ᠨᠢ ᠦᠨᠳᠦᠰᠦᠯᠡᠵᠦ ᠳᠡᠬᠡᠷ᠎ᠠ ᠠᠴᠠ ᠨᠢ ᠳᠤᠷᠤᠬᠰᠢ ᠳᠡᠰ ᠳᠠᠷᠠᠭᠠᠯᠠᠭᠤᠯᠤᠨ ᠰᠢᠯᠢᠳᠡᠭ ᠢ ᠨᠢ ᠰᠤᠩᠭᠤᠨ ᠡᠯᠰᠡᠨ᠎ᠠ᠃      ᠪᠤᠳᠠᠳᠠᠢ ᠵᠦᠢᠯᠡᠰ ᠢ ᠨᠢ ᠦᠪᠦᠷ ᠮᠤᠩᠭᠤᠯ ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠰᠤᠶᠤᠯ ᠤᠷᠠᠯᠢᠬ ᠤᠨ ᠭᠠᠵᠠᠷ ᠠᠴᠠ ᠯᠠᠪᠯᠠᠨ ᠠᠰᠠᠭᠤᠵᠦ ᠪᠤᠯᠤᠨ᠎ᠠ᠃ ᠱᠠᠩᠬᠠᠢ ᠶᠢᠨ ᠳᠠᠭᠤᠤ ᠬᠦᠭᠵᠢᠮ ᠤᠨ ᠳᠡᠬᠡᠳᠦ ᠰᠤᠷᠭᠠᠭᠤᠯᠢ ᠶᠢᠨ ᠮᠠᠨ ᠤ ᠤᠷᠤᠨ ᠠᠴᠠ ᠰᠤᠷᠤᠬᠴᠢ ᠡᠯᠰᠡᠬᠦ ᠶᠠᠪᠤᠳᠠᠯ ᠢ ᠠᠰᠳᠠᠭᠠᠨ ᠮᠡᠳᠡᠭᠳᠡᠨ᠎ᠠ᠃      ᠬᠠᠷᠢᠯᠴᠠᠬᠤ ᠤᠳᠠᠰᠤ᠄ ︵0471--4812637/8246︶      ᠬᠠᠷᠢᠯᠴᠠᠬᠤ ᠬᠦ᠋ᠮᠦᠨ᠄  ᠲᠦ᠊ · ᠪᠠᠭᠠᠳᠤᠷ᠂ ᠱᠢ ᠶᠠ ᠳ᠋ᠦᠩ                              ᠳᠤᠮᠳᠠᠳᠤ ᠤᠯᠤᠰ ᠤᠨ ᠡᠪ ᠬᠠᠮᠳᠤ ᠨᠠᠮ ᠤᠨ                              ᠦᠪᠦᠷ ᠮᠤᠩᠭᠤᠯ ᠤᠨ ᠥᠪᠡᠷᠲᠡᠭᠡᠨ ᠵᠠᠰᠠᠬᠤ                              ᠤᠷᠤᠨ ᠤ ᠬᠤᠷᠢᠶᠠᠨ ᠤ ᠤᠬᠠᠭᠤᠯᠬᠤ ᠬᠡᠯᠳᠡᠰ
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号