ᠲᠥᠩᠯᠢᠶᠣᠣ ᠬᠤᠲᠠ ᠶᠢᠨ ︽ᠲᠥᠷᠪᠡᠨ ᠮᠢᠩᠭᠠᠨ ᠲᠦᠮᠡᠨ ᠮᠦ︾ ᠢᠨᠵᠧᠨᠧᠷᠢᠩ ᠣᠨ ᠤ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠪᠡ
ᠨᠡᠶᠢᠲᠡᠯᠡᠭᠰᠡᠨ ᠴᠠᠭ᠄
2019/1/22
     2018 ᠣᠨ ᠳᠤ᠂ ᠲᠦᠩᠯᠢᠶᠣᠤ ᠬᠤᠳᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ ︽ᠤᠮᠠᠷᠠᠲᠤ ᠬᠡᠰᠡᠭ ᠢ ᠬᠠᠮᠠᠭᠠᠯᠠᠬᠤ᠂ ᠳᠤᠮᠳᠠᠳᠤ ᠬᠡᠰᠡᠭ ᠲᠤ ᠤᠰᠤ ᠠᠷᠪᠢᠯᠠᠬᠤ᠂ ᠡᠮᠦᠨᠡᠲᠦ ᠬᠡᠰᠡᠭ ᠤᠨ ᠡᠯᠡᠰᠦ ᠵᠠᠰᠠᠬᠤ︾᠎ ᠶᠢ ᠪᠠᠷᠢᠮᠲᠠᠯᠠᠨ᠂ ︽ᠲᠥᠷᠪᠡᠨ ᠮᠢᠩᠭᠠᠨ ᠲᠦᠮᠡᠨ ᠮᠦ︾ ᠢᠨᠵᠧᠨᠧᠷᠢᠩ ᠢ ᠬᠦᠴᠦ ᠪᠠᠨ ᠲᠥᠪᠯᠡᠷᠡᠭᠦᠯᠦᠨ ᠲᠦᠯᠬᠢᠨ ᠠᠬᠢᠭᠤᠯᠵᠤ᠂ ᠣᠨ ᠤ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠪᠡ᠃ ᠲᠠᠷᠢᠶᠠᠯᠠᠩ ᠤᠨ ᠥᠨᠳᠥᠷ ᠪᠦᠲᠦᠮᠵᠢᠲᠦ ᠤᠰᠤ ᠠᠷᠪᠢᠯᠠᠬᠤ ᠢᠨᠵᠧᠨᠧᠷᠢᠩ ᠵᠢᠯ ᠤᠨ ᠳᠣᠲᠣᠷ᠎ᠠ 464.5 ᠲᠦᠮᠡᠨ ᠮᠦ ᠪᠡᠶᠡᠯᠡᠭᠦᠯᠦᠨ᠂ ᠲᠡᠦᠬᠡᠲᠦ ᠴᠢᠨᠠᠷᠲᠠᠢ ᠰᠢᠪᠲᠤᠯᠤᠯᠲᠠ ᠲᠠᠢ ᠪᠤᠯᠵᠥ᠂ ᠪᠦᠬᠦ ᠤᠯᠤᠰ ᠤᠨ 2000 ᠲᠦᠮᠡᠨ ᠮᠦ ᠥᠨᠳᠥᠷ ᠪᠦᠲᠦᠮᠵᠢᠲᠦ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢᠨ ᠲᠠᠪᠤᠨ ᠤ ᠨᠢᠭᠡ ᠭᠠᠷᠤᠢ ᠶᠢ ᠡᠵᠡᠯᠡᠭᠰᠡᠨ ᠪᠠᠶᠢᠨ᠎ᠠ᠃      ᠲᠦᠩᠯᠢᠶᠣᠤ ᠬᠤᠲᠠ ᠨᠡᠯᠢᠶᠡᠳ ᠬᠦᠨᠳᠦ ᠡᠯᠡᠰᠦᠷᠬᠡᠭᠵᠢᠭᠰᠡᠨ ᠵᠢᠷᠭᠤᠭᠠᠨ ᠶᠡᠭᠡ ᠣᠷᠣᠨ ᠪᠦᠰᠡ ᠳᠤ ᠶᠡᠷᠦᠩᠬᠡᠶᠢᠯᠡᠨ ᠵᠠᠰᠠᠬᠤ ᠠᠵᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠬᠤᠲᠠ ᠪᠠᠯᠭᠠᠰᠤ ᠠᠶᠢᠯ ᠲᠣᠰᠬᠤᠨ ᠤ ᠡᠷᠬᠢᠨ ᠲᠣᠭᠤᠷᠢᠨ ᠤ ᠬᠠᠮᠠᠭᠠᠯᠠᠯᠲᠠ ᠶᠢᠨ ᠤᠢ᠂ ᠠᠮᠢ ᠠᠬᠤᠶ ᠶᠢᠨ ᠬᠤᠨᠭ᠍ᠬᠢᠯ ᠵᠠᠮ᠂ ︽ᠵᠠᠭᠤᠨ ᠲᠦᠮᠡᠨ ᠮᠦ︾ ᠠᠵᠤ ᠠᠬᠤᠶ ᠶᠢᠨ ᠣᠶ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠲᠠᠪᠤᠨ ᠶᠡᠭᠡ ᠢᠨᠵᠧᠨᠧᠷᠢᠩ ᠤᠨ ᠲᠦᠷᠦᠯ ᠵᠦᠢᠯ ᠢ ᠬᠡᠷᠡᠭᠵᠢᠭᠦᠯᠦᠨ᠂ 413 ᠲᠦᠮᠡᠨ ᠮᠦ ᠡᠯᠡᠰᠦᠷᠬᠡᠭ ᠭᠠᠵᠠᠷ ︵ᠵᠢᠯ ᠤᠨ ᠡᠬᠢᠨ ᠤ ᠲᠥᠯᠥᠪᠯᠡᠭᠡ ᠨᠢ 400 ᠲᠦᠮᠡᠨ ᠮᠦ︶᠎ ᠤᠨ ᠶᠡᠷᠦᠩᠬᠡᠶᠢᠯᠡᠨ ᠵᠠᠰᠠᠬᠤ ᠠᠵᠢᠯ ᠢ ᠪᠡᠶᠡᠯᠡᠭᠦᠯᠵᠡᠢ᠂ ᠡᠭᠦᠨ ᠳᠤ᠂ ᠶᠡᠷᠦᠩᠬᠡᠶᠢᠯᠡᠨ ᠵᠠᠰᠠᠭᠰᠠᠨ ᠡᠯᠡᠰᠦᠷᠬᠡᠭ ᠭᠠᠵᠠᠷ ᠨᠢ 279 ᠲᠦᠮᠡᠨ ᠮᠦ᠂ ᠬᠤᠲᠠ ᠪᠠᠯᠭᠠᠰᠤ ᠠᠶᠢᠯ ᠲᠣᠰᠬᠤᠨ ᠤ ᠡᠷᠬᠢᠨ ᠲᠣᠭᠤᠷᠢᠨ ᠤ ᠨᠣᠭᠤᠭᠠᠷᠠᠭᠤᠯᠤᠯᠲᠠ ᠶᠢ 30 ᠲᠦᠮᠡᠨ ᠮᠦ ᠪᠡᠶᠡᠯᠡᠭᠦᠯᠵᠦ᠂ ᠠᠮᠢ ᠠᠬᠤᠶ ᠶᠢᠨ ᠬᠤᠩᠬᠢᠯ ᠵᠠᠮ ᠤᠨ ᠪᠦᠲᠦᠭᠡᠨ ᠪᠠᠶᠢᠭᠤᠯᠤᠯᠲᠠ ᠶᠢ 10 ᠲᠦᠮᠡᠨ ᠮᠥ᠂ ᠠᠵᠤ ᠠᠬᠤᠶ ᠶᠢᠨ ᠤᠢ ᠶᠢ 41 ᠲᠦᠮᠡᠨ ᠮᠥ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠭᠰᠡᠨ ᠨᠢ 53 ᠲᠦᠮᠡᠨ ᠮᠦ᠂ ᠡᠪᠳᠡᠭᠳᠡᠭᠰᠡᠨ ᠣᠢ ᠶᠢᠨ ᠭᠠᠵᠠᠷ ᠢ ᠰᠡᠷᠭᠦᠭᠡᠨ ᠣᠶᠢᠵᠢᠭᠤᠯᠤᠭᠰᠠᠨ ᠨᠢ 142 ᠲᠦᠮᠡᠨ ᠮᠦ ᠪᠠᠶᠢᠵᠤ᠂ ᠤᠢ ᠰᠢᠭᠤᠶ ᠶᠢᠨ ᠦᠢᠯᠡᠳᠪᠦᠷᠢᠯᠡᠯ ᠤᠨ ᠭᠤᠣᠯ ᠭᠦᠢᠴᠡᠳᠬᠡᠯ ᠲᠤᠭ᠎ᠠ ᠴᠥᠮ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠤᠢ ᠰᠢᠭᠤᠶ ᠶᠢᠨ ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ ᠶᠢ ᠦᠨᠡᠨ ᠬᠦ ᠴᠢᠩᠭᠠᠳᠬᠠᠵᠤ᠂ ᠤᠢ ᠰᠢᠭᠤᠶ ᠶᠢᠨ ᠡᠬᠢ ᠪᠠᠶᠠᠯᠢᠭ ᠢ ᠡᠪᠳᠡᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠪᠠ ᠤᠢ ᠰᠢᠭᠤᠶ ᠶᠢ ᠬᠥᠨᠥᠭᠡᠬᠦ ᠠᠮᠢᠳᠤ ᠪᠣᠳᠠᠰ ᠢ ᠪᠦᠲᠦᠮᠵᠢᠲᠡᠢ ᠰᠡᠷᠭᠡᠶᠢᠯᠡᠨ ᠡᠵᠡᠮᠳᠡᠭᠰᠡᠨ ᠪᠠᠶᠢᠨ᠎ᠠ᠃      ᠲᠦᠩᠯᠢᠶᠣᠤ ᠬᠤᠲᠠ ᠪᠢᠲᠡᠭᠦᠮᠵᠢᠯᠡᠨ ᠪᠣᠶᠢᠵᠢᠭᠤᠯᠬᠤ᠂ ᠮᠠᠯ ᠮᠠᠯᠵᠢᠬᠤ ᠶᠢ ᠴᠠᠭᠠᠵᠠᠯᠠᠬᠤ᠂ ᠬᠠᠭᠠᠯᠪᠤᠷᠢᠯᠠᠬᠤ ᠦᠬᠡᠢ ᠪᠠᠷ ᠨᠦᠬᠦᠨ ᠲᠠᠷᠢᠬᠤ᠂ ᠨᠢᠰᠬᠡᠯ ᠢᠶᠠᠷ ᠲᠡᠷᠢᠬᠤ ᠵᠡᠷᠭᠡ ᠠᠷᠭ᠎ᠠ ᠬᠡᠮᠵᠢᠶ᠎ᠡ ᠠᠪᠴᠤ᠂ ᠪᠠᠶᠢᠭᠠᠯᠢᠯᠢᠭ ᠨᠤᠲᠤᠭ ᠪᠡᠯᠴᠢᠭᠡᠷ ᠢ 400 ᠲᠦᠮᠡᠨ ᠮᠥ ᠰᠡᠷᠭᠦᠭᠡᠨ ᠵᠠᠰᠠᠵᠠᠢ᠂ ᠡᠭᠦᠨ ᠳᠤ᠂ ᠠᠶᠠᠨᠳᠠᠭᠠᠨ ᠰᠡᠷᠭᠦᠭᠡᠭᠰᠡᠨ ᠨᠢ 392.3 ᠲᠦᠮᠡᠨ ᠮᠥ᠂ ᠬᠠᠭᠠᠯᠪᠤᠷᠢᠯᠠᠬᠤ ᠦᠬᠡᠢ ᠪᠠᠷ ᠨᠦᠬᠦᠨ ᠲᠠᠷᠢᠭᠰᠠᠨ ᠪᠠ ᠬᠡᠰᠡᠭ ᠪᠦᠯᠦᠭ ᠢᠶᠠᠷ ᠵᠠᠰᠠᠨ ᠰᠡᠷᠭᠦᠭᠡᠭᠰᠡᠨ ᠨᠢ 7.7 ᠲᠦᠮᠡᠨ ᠮᠦ ᠪᠠᠶᠢᠵᠤ᠂ ᠪᠥᠬᠦ ᠬᠤᠲᠠ ᠶᠢᠨ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ 60% ︵ᠠᠳᠠᠯᠢ ᠬᠤᠭᠤᠴᠠᠭᠠᠨ ᠤ ᠬᠢ ᠠᠴᠠ 1 ᠵᠠᠭᠤᠨ ᠤ ᠴᠡᠭ ᠳᠡᠭᠡᠭᠰᠢᠯᠡᠪᠡ︶᠎ ᠳᠤ ᠬᠦᠷᠪᠡ᠃ ᠤᠯᠤᠰ ᠤᠨ ᠵᠡᠮ 304 ᠱᠤᠭᠤᠮ ᠳᠠᠭᠠᠤ ᠣᠳᠣᠬᠢᠴᠢᠯᠠᠭᠰᠠᠨ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠪᠦᠰᠡ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠯᠠᠪᠳᠠᠭᠤᠨ ᠢᠶᠠᠷ ᠠᠬᠢᠵᠦ᠂ ᠤᠮᠠᠷᠠᠲᠤ ᠬᠡᠰᠡᠭ ᠤᠨ 1080 ᠲᠦᠮᠡᠨ ᠮᠥ ᠪᠡᠯᠴᠢᠭᠡᠷ ᠮᠠᠯ ᠢ ᠲᠡᠩᠴᠡᠭᠦᠷᠢᠰᠢᠭᠦᠯᠬᠦ ᠣᠷᠣᠨ ᠳᠤ ᠪᠣᠭ ᠮᠠᠯ ᠢ ᠪᠦᠬᠦ ᠵᠢᠯ ᠢᠶᠠᠷ ᠪᠡᠯᠴᠢᠭᠡᠷᠯᠡᠭᠦᠯᠬᠦ ᠶᠢ ᠨᠢ ᠴᠠᠭᠠᠵᠠᠯᠠᠬᠤ᠂ ᠪᠤᠳᠠ ᠮᠠᠯ ᠢ ᠬᠠᠭᠠᠰ ᠬᠠᠰᠢᠶᠠᠯᠠᠵᠤ ᠲᠡᠵᠢᠭᠡᠬᠦ ᠪᠠ ᠲᠣᠭᠤᠷᠢᠭ ᠬᠤᠪᠢᠶᠠᠨ ᠣᠲᠣᠷᠯᠠᠨ ᠮᠠᠯᠵᠢᠬᠤ ᠶᠢ ᠪᠡᠶᠡᠯᠡᠭᠦᠯᠵᠦ᠂ ᠪᠣᠳᠠ ᠪᠣᠭ ᠮᠠᠯ ᠤᠨ ᠲᠤᠭ᠎ᠠ ᠶᠢᠨ ᠬᠠᠷᠢᠴᠠᠯ ᠨᠢ 1᠄ 3.7 ᠪᠠᠶᠢᠭᠰᠠᠨ ᠢ 1᠄ 2.9 ᠪᠣᠯᠭᠠᠨ ᠲᠣᠬᠢᠷᠠᠭᠤᠯᠵᠤ᠂ ︽ᠪᠡᠯᠴᠢᠭᠡᠷᠯᠡᠭᠦᠯᠬᠦ ᠶᠢ ᠴᠠᠭᠠᠵᠠᠯᠠᠬᠤ ᠠᠴᠠ ᠪᠢᠰᠢ ᠮᠠᠯᠵᠢᠬᠤ ᠶᠢ ᠥᠯᠥ ᠴᠠᠭᠠᠵᠠᠯᠠᠬᠤ᠂ ᠮᠠᠯ ᠤᠨ ᠲᠤᠭ᠎ᠠ ᠶᠢ ᠪᠠᠭᠠᠰᠬᠠᠬᠤ ᠠᠴᠠ ᠪᠢᠰᠢ ᠣᠷᠣᠯᠭ᠎ᠠ ᠶᠢ ᠥᠯᠥ ᠬᠠᠰᠤᠭᠳᠠᠭᠤᠯᠬᠤ︾᠎ ᠶᠢ ᠪᠡᠶᠡᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号