| ︽ᠰᠤᠷᠤᠯᠴᠠᠯᠭ᠎ᠠ ᠶᠢᠨ ᠬᠦᠴᠦᠷᠭᠡᠭ ᠤᠯᠤᠰ︾ ᠰᠤᠷᠤᠯᠴᠠᠯᠭ᠎ᠠ ᠶᠢᠨ ᠲᠠᠪᠴᠠᠩ ᠤᠨ ᠦᠪᠦᠷ ᠮᠤᠩᠭᠤᠯ ᠤᠨ | ᠬᠤᠪᠢᠶᠠᠷᠢ ᠲᠠᠪᠴᠠᠩ ᠲᠤᠰ ᠲᠤᠰ 1 ᠳ᠋ᠦ᠋ᠭᠡᠷ ᠰᠠᠷ᠎ᠠ ᠶᠢᠨ 20 ᠤ ᠡᠲᠦᠷ ᠪᠠ 21 ᠤ ᠡᠲᠦᠷ ᠭᠠᠷ ᠤᠳᠠᠰᠤᠨ ᠤ | APP ᠪᠤᠯᠤᠨ ᠢᠨᠲ᠋ᠧᠷ ᠰᠦᠯᠵᠢᠶᠡᠨ ᠤ PC ᠦᠵᠦᠭᠦᠷᠯᠢᠭ ᠲᠤ ᠵᠢᠩᠬᠢᠨᠢ ᠪᠠᠷ ᠠᠰᠢᠬᠯᠠᠯᠲᠠ ᠳᠤ ᠤᠷᠤᠪᠠ᠃ | ︽ᠰᠤᠷᠤᠯᠴᠠᠯᠭ᠎ᠠ ᠶᠢᠨ ᠬᠦᠴᠦᠷᠭᠡᠭ ᠤᠯᠤᠰ︾ ᠰᠤᠷᠤᠯᠴᠠᠯᠭ᠎ᠠ ᠶᠢᠨ ᠲᠠᠪᠴᠠᠩ ᠪᠤᠯ ᠲᠦᠪ ᠤᠨ | ᠤᠬᠠᠭᠤᠯᠬᠤ ᠬᠡᠯᠲᠡᠰ ᠲᠦᠪ ᠤᠨ ᠪᠠᠶᠢᠷᠢᠯᠠᠭᠤᠯᠤᠯᠲᠠ ᠶᠤᠰᠤᠭᠠᠷ ᠪᠠᠶᠢᠭᠤᠯᠤᠬᠰᠠᠨ ᠮᠡᠲᠡᠭᠡ ᠵᠠᠩᠬᠢᠴᠢᠯᠠᠯᠲᠠ ᠶᠢᠨ | ᠲᠠᠪᠴᠠᠩ ᠪᠠᠶᠢᠵᠦ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠲᠤᠮᠲᠠᠳᠤ ᠤᠯᠤᠰ ᠤᠨ ᠤᠨᠴᠠᠯᠢᠬ ᠲᠠᠢ ᠨᠡᠶᠢᠭᠡᠮ | ᠵᠢᠷᠦᠮ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠬᠤ ᠪᠠᠷ ᠭᠤᠤᠯ ᠠᠭᠤᠯᠭ᠎ᠠ ᠪᠠᠨ ᠪᠤᠯᠭᠠᠵᠦ᠂ ᠰᠦᠯᠵᠢᠶᠡᠨ | ᠲᠡᠭᠡᠷᠡᠬᠢ ᠰᠤᠷᠤᠯᠴᠠᠯᠭ᠎ᠠ ᠶᠢᠨ ᠵᠤᠬᠢᠶᠠᠨ ᠪᠠᠶᠢᠭᠤᠯᠤᠯᠲᠠ ᠶᠢᠨ ᠲᠦᠯᠦᠪ ᠪᠠᠶᠢᠲᠠᠯ ᠢ ᠴᠤᠬᠴᠠᠯᠠᠬᠤ ᠪᠠᠷ ᠲᠠᠮᠵᠢᠨ | ᠵᠤᠬᠢᠶᠠᠨ ᠪᠠᠶᠢᠭᠤᠯᠤᠯᠲᠠ ᠲᠠᠢ᠂ ᠵᠢᠯᠤᠭᠤᠳᠤᠯᠭ᠎ᠠ ᠲᠠᠢ᠂ ᠬᠠᠮᠢᠶᠠᠷᠤᠯᠲᠠ ᠲᠠᠢ᠂ ᠦᠢᠯᠡᠴᠢᠯᠡᠭᠡ ᠲᠠᠢ | ᠰᠤᠷᠤᠯᠴᠠᠯᠭ᠎ᠠ ᠶᠢᠨ ᠵᠤᠷᠢᠯᠳᠠ ᠶᠢ ᠪᠡᠶᠡᠯᠡᠭᠦᠯᠦᠨ᠂ ᠮᠠᠷᠺᠰ ᠤᠨ ᠦᠵᠡᠯ ᠤᠨ ᠰᠤᠷᠤᠯᠴᠠᠬᠤ ᠬᠡᠯᠪᠡᠷᠢ ᠶᠢᠨ ᠲᠦᠷᠦ | ᠶᠢᠨ ᠨᠠᠮ ᠤᠨ ᠪᠠᠶᠢᠭᠤᠯᠤᠯᠲᠠ ᠶᠢ ᠠᠬᠢᠭᠤᠯᠤᠨ᠂ ᠰᠤᠷᠤᠯᠴᠠᠬᠤ ᠬᠡᠯᠪᠡᠷᠢ ᠶᠢᠨ ᠨᠡᠶᠢᠭᠡᠮ᠂ ᠰᠤᠷᠤᠯᠴᠠᠯᠭ᠎ᠠ ᠶᠢᠨ ᠲᠤᠮᠤ | ᠤᠯᠤᠰ ᠤᠨ ᠪᠠᠶᠢᠭᠤᠯᠤᠯᠲᠠ ᠶᠢ ᠬᠦᠲᠦᠯᠦᠨ ᠲᠠᠶᠢᠴᠢᠯᠠᠭᠤᠯᠬᠤ ᠪᠠᠷ ᠵᠤᠷᠢᠯᠭ᠎ᠠ ᠪᠠᠨ ᠪᠤᠯᠭᠠᠵᠠᠢ᠃ ︽ᠰᠤᠷᠤᠯᠴᠠᠯᠭ᠎ᠠ | ᠶᠢᠨ ᠬᠦᠴᠦᠷᠭᠡᠭ ᠤᠯᠤᠰ︾ ᠰᠤᠷᠤᠯᠴᠠᠯᠭ᠎ᠠ ᠶᠢᠨ ᠲᠠᠪᠴᠠᠩ ᠤᠨ ᠦᠪᠦᠷ ᠮᠤᠩᠭᠤᠯ ᠤᠨ ᠬᠤᠪᠢᠶᠠᠷᠢ ᠲᠠᠪᠴᠠᠩ ᠨᠢ | ᠦᠪᠦᠷ ᠮᠤᠩᠭᠤᠯ ᠤᠨ ᠤᠨᠴᠠᠯᠢᠬ ᠲᠠᠢ ᠰᠤᠷᠤᠯᠴᠠᠯᠭ᠎ᠠ ᠶᠢᠨ ᠡᠬᠢ ᠪᠠᠶᠠᠯᠢᠬ ᠢ ᠠᠳᠠᠯᠢ ᠪᠤᠰᠤ ᠬᠡᠯᠪᠡᠷᠢ᠂ ᠠᠳᠠᠯᠢ | ᠪᠤᠰᠤ ᠬᠠᠷᠠᠭᠠᠰᠤ ᠠᠴᠠ ᠢᠯᠡᠷᠡᠭᠦᠯᠵᠦ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠲᠤᠮᠲᠠᠲᠤ ᠤᠯᠤᠰ ᠤᠨ | ᠤᠨᠴᠠᠯᠢᠬ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠦᠪᠦᠷ ᠮᠤᠩᠭᠤᠯ ᠳᠤ ᠦᠨᠳᠦᠰᠦᠯᠡᠭᠦᠯᠬᠦ ᠶᠢ ᠬᠦᠴᠦᠯᠡᠨ | ᠠᠬᠢᠭᠤᠯᠬᠤ ᠴᠢᠬᠤᠯᠠ ᠰᠤᠷᠤᠯᠴᠠᠯᠭ᠎ᠠ ᠤᠬᠠᠭᠤᠯᠭ᠎ᠠ ᠶᠢᠨ ᠲᠠᠪᠴᠠᠩ ᠪᠤᠯᠤᠨ᠎ᠠ᠃ | ︽ᠰᠤᠷᠤᠯᠴᠠᠯᠭ᠎ᠠ ᠶᠢᠨ ᠬᠦᠴᠦᠷᠭᠡᠭ ᠤᠯᠤᠰ︾ ᠰᠤᠷᠤᠯᠴᠠᠯᠭ᠎ᠠ ᠶᠢᠨ ᠲᠠᠪᠴᠠᠩ ᠤᠨ ᠦᠪᠦᠷ ᠮᠤᠩᠭᠤᠯ ᠤᠨ | ᠬᠤᠪᠢᠶᠠᠷᠢ ᠲᠠᠪᠴᠠᠩ ᠨᠡᠶᠢᠲᠡ 7 ᠪᠤᠯᠤᠩ ᠲᠠᠢ᠃ ︽ᠶᠡᠷᠦᠩᠬᠡᠢ ᠱᠦᠵᠢ ᠰᠢ ᠶᠢᠨ ᠫᠢᠩ ᠦᠪᠦᠷ ᠮᠤᠩᠭᠤᠯ ᠳᠤ︾ | ᠬᠡᠬᠦ ᠪᠤᠯᠤᠩ ᠢ ᠨᠡᠭᠡᠭᠡᠵᠦ᠂ ᠲᠤᠮᠤ ᠲᠡᠯᠭᠡᠴᠡ ᠶᠢᠨ ᠵᠢᠷᠤᠭ ᠦᠰᠦᠭ ᠤᠨ ᠬᠡᠯᠪᠡᠷᠢ ᠪᠠᠷ᠂ ᠶᠡᠷᠦᠩᠬᠡᠢ ᠱᠦᠵᠢ ᠰᠢ ᠶᠢᠨ | ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠳᠤ ᠶᠠᠷᠢᠭᠰᠠᠨ ᠴᠢᠬᠤᠯᠠ ᠶᠠᠷᠢᠶ᠎ᠠ ᠪᠤᠯᠤᠨ ᠠᠷᠪᠠᠨ | ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ | ᠤᠷᠤᠯᠴᠠᠬᠤ ᠦᠶ᠎ᠡ ᠳᠤ ᠶᠠᠷᠢᠭᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠵᠢᠴᠢ ᠦᠪᠦᠷ ᠮᠤᠩᠭᠤᠯ ᠤᠨ | ᠰᠤᠷᠤᠯᠴᠠᠨ ᠲᠤᠭᠤᠰᠢᠯᠠᠭᠤᠯᠵᠤ ᠨᠠᠶᠢᠲᠠᠪᠤᠷᠢᠵᠢᠭᠤᠯᠤᠬᠰᠠᠨ ᠪᠠᠶᠢᠲᠠᠯ ᠢ ᠲᠤᠪᠤᠶᠢᠯᠭᠠᠨ ᠤᠬᠠᠭᠤᠯᠵᠤ ᠪᠠᠶᠢᠨ᠎ᠠ︔ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠴᠠᠬ ᠲᠦᠷᠦ ᠶᠢᠨ ᠬᠠᠯᠠᠮᠰᠢᠯ ᠢ ᠮᠡᠲᠡᠭᠡᠯᠡᠬᠦ ︽ᠤᠮᠠᠷᠠᠲᠦ | ᠶᠢᠨ ᠲᠦᠷᠦᠭᠦᠨ ᠮᠡᠲᠡᠭᠡ︾ ᠪᠤᠯᠤᠩ ᠢ ᠨᠡᠭᠡᠭᠡᠪᠡ︔ ︽ᠤᠮᠠᠷᠠᠲᠦ ᠶᠢᠨ ᠠᠩᠬᠠᠷᠤᠯ ᠲᠦᠪᠯᠡᠷᠡᠯ︾ ︽ᠤᠨᠤᠯ | ᠰᠤᠷᠤᠯᠴᠠᠯᠭ᠎ᠠ︾ ︽ᠪᠤᠯᠪᠠᠰᠤᠨ ᠤᠮᠠᠷᠠᠲᠦ ᠬᠢᠵᠠᠭᠠᠷ︾ ︽ᠤᠯᠠᠭᠠᠨᠮᠦ᠋ᠴᠢᠷ︾ ︽ᠲᠠᠯ᠎ᠠ ᠨᠤᠳᠤᠭ ᠤᠨ ᠲᠤᠰᠬᠠᠬᠲᠠᠯ︾ | ᠵᠡᠷᠭᠡ ᠦᠪᠦᠷ ᠮᠤᠩᠭᠤᠯ ᠤᠨ ᠤᠷᠤᠨ ᠨᠤᠳᠤᠭ ᠤᠨ ᠤᠨᠴᠠᠯᠢᠬ ᠲᠠᠢ ᠪᠤᠯᠤᠩ ᠢ ᠨᠡᠭᠡᠭᠡᠪᠡ᠃ ᠦᠪᠦᠷ ᠮᠤᠩᠭᠤᠯ ᠤᠨ | ᠬᠤᠪᠢᠶᠠᠷᠢ ᠲᠡᠪᠴᠠᠩ ᠤᠨ ᠠᠭᠤᠯᠭ᠎ᠠ ᠬᠡᠯᠪᠡᠷᠢ ᠤᠯᠠᠨ ᠪᠠᠶᠢᠵᠦ᠂ ᠦᠰᠦᠭ ᠪᠢᠴᠢᠭ᠂ ᠺᠢᠨᠣ᠋ ᠲᠧᠯᠸᠢᠰ ᠤᠨ ᠪᠦᠲᠦᠭᠡᠯ᠂ | ᠪᠠᠷᠢᠮᠲᠠᠲᠤ ᠺᠢᠨᠣ᠋᠂ ᠲᠤᠰᠬᠠᠢ ᠰᠡᠲᠦᠪᠲᠦ ᠹᠢᠯᠢᠮ᠂ ᠲᠠᠭᠤᠤ ᠬᠦᠭᠵᠢᠮ ᠵᠡᠷᠭᠡ ᠲᠠᠭᠤ ᠸᠢᠳᠢᠣ᠋ ᠶᠢᠨ ᠪᠦᠲᠦᠭᠡᠯ ᠵᠢᠴᠢ | ᠬᠡᠷᠡᠯ ᠵᠢᠷᠤᠭ ᠤᠨ ᠪᠦᠲᠦᠭᠡᠯ ᠢ ᠪᠠᠭᠲᠠᠭᠠᠨ᠎ᠠ᠃ | ᠦᠷᠭᠡᠨ ᠤᠯᠠᠨ ᠬᠡᠷᠡᠭᠯᠡᠭᠴᠢᠳ ᠭᠠᠷ ᠤᠳᠠᠰᠤᠨ ᠤ APP ᠪᠤᠯᠤᠨ ᠢᠨᠲ᠋ᠧᠷ ᠰᠦᠯᠵᠢᠶᠡᠨ ᠤ PC | ᠦᠵᠦᠭᠦᠷᠯᠢᠭ ᠲᠤ ᠭᠠᠷᠴᠤ ︽ᠰᠤᠷᠤᠯᠴᠠᠯᠭ᠎ᠠ ᠶᠢᠨ ᠬᠦᠴᠦᠷᠭᠡᠭ ᠤᠯᠤᠰ︾ ᠰᠤᠷᠤᠯᠴᠠᠯᠭ᠎ᠠ ᠶᠢᠨ ᠲᠠᠪᠴᠠᠩ ᠪᠤᠯᠤᠨ | ᠦᠪᠦᠷ ᠮᠤᠩᠭᠤᠯ ᠤᠨ ᠬᠤᠪᠢᠶᠠᠷᠢ ᠲᠠᠪᠴᠠᠩ ᠢ ᠠᠰᠢᠬᠯᠠᠵᠤ ᠪᠤᠯᠤᠨ᠎ᠠ᠃ |