ᠬᠥᠯᠥᠨ ᠪᠤᠶᠢᠷ ᠬᠤᠳᠠ ᠨᠡᠶᠢᠭᠡᠮ ᠤᠨ ᠠᠪᠤᠷᠠᠨ ᠲᠤᠰᠠᠯᠠᠭᠤᠯᠤᠭᠰᠠᠳ ᠲᠤ ᠦᠨᠳᠦᠰᠦᠨ ᠠᠮᠢᠳᠤᠷᠠᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠪᠠᠲᠤ ᠪᠠᠬᠢ ᠲᠣᠣᠷ ᠪᠠᠶᠢᠭᠤᠯᠵᠤ ᠦᠭᠪᠡ
ᠨᠡᠶᠢᠲᠡᠯᠡᠭᠰᠡᠨ ᠴᠠᠭ᠄
2019/1/24
     2018 ᠣᠨ ᠳᠤ ᠬᠥᠯᠥᠨ ᠪᠤᠶᠢᠷ ᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠨᠢ ︽ᠨᠡᠶᠢᠭᠡᠮ ᠤᠨ ᠠᠪᠤᠷᠠᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ︾᠎ ᠯᠤᠭ᠎ᠠ ᠨᠢᠭᠲᠠ ᠤᠶᠠᠯᠳᠤᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠦᠷᠦ ᠶᠢᠨ ᠪᠤᠳᠤᠯᠭ᠎ᠠ ᠳᠦᠷᠢᠮ ᠢ ᠪᠦᠷᠢᠨᠰᠢᠭᠦᠯᠵᠦ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠯᠤᠭ᠎ᠠ ᠵᠣᠯᠭᠠᠭᠤᠯᠬᠤ ᠶᠢ ᠴᠢᠩᠭᠠᠳᠬᠠᠵᠤ᠂ ᠬᠦᠴᠢᠷᠳᠡᠯ ᠲᠠᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠥᠷᠭᠡᠨ ᠣᠯᠠᠨ ᠬᠤᠲᠠ ᠬᠥᠳᠡᠭᠡ ᠶᠢᠨ ᠬᠦᠴᠢᠷᠳᠡᠯ ᠲᠠᠢ ᠣᠯᠠᠨ ᠲᠦᠮᠡᠨ ᠳᠤ ᠨᠢᠭᠡᠨ ᠪᠠᠲᠤ ᠪᠠᠬᠢ ᠦᠨᠳᠦᠰᠦᠨ ᠠᠮᠢᠳᠤᠷᠠᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠲᠣᠣᠷ ᠢ ᠪᠠᠶᠢᠭᠤᠯᠵᠤ ᠦᠭᠪᠡ᠃      2018 ᠣᠨ ᠳᠤ ᠪᠥᠬᠦ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠥᠷᠳᠡᠬᠦ 93988 ᠬᠥᠮᠦᠨ᠂ 59157 ᠡᠷᠦᠬᠡ ᠳᠤ ᠨᠡᠶᠢᠲᠡ 59028.8 ᠲᠦᠮᠡᠨ ᠲᠦᠬᠦᠷᠢᠭ ᠤᠨ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠡᠯᠡ ᠮᠥᠩᠭᠦ ᠤᠯᠭᠤᠵᠤ᠂ ᠰᠠᠷ᠎ᠠ ᠪᠦᠷᠢ ᠬᠥᠮᠦᠨ ᠳᠤᠮᠳᠠᠴᠢ ᠶᠢᠨ ᠨᠥᠬᠦᠪᠥᠷᠢ ᠶᠢᠨ ᠬᠢᠷᠢ ᠬᠡᠮᠵᠢᠶ᠎ᠡ ᠨᠢ 523.4 ᠲᠥᠭᠦᠷᠢᠭ ᠨᠤᠭᠲᠠᠪᠠ︔ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ 85723 ᠬᠥᠮᠦᠨ᠂ 68641 ᠡᠷᠦᠬᠡ ᠳᠤ ᠨᠡᠶᠢᠲᠡ 28605.5 ᠲᠦᠮᠡᠨ ᠲᠦᠬᠦᠷᠢᠭ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠡᠯᠡ ᠮᠥᠩᠭᠦ ᠤᠯᠭᠤᠵᠤ᠂ ᠤᠯᠠᠷᠢᠯ ᠪᠦᠷᠢ ᠬᠥᠮᠦᠨ ᠳᠤᠮᠳᠠᠴᠢ ᠶᠢᠨ ᠨᠥᠬᠦᠪᠥᠷᠢ ᠶᠢᠨ ᠬᠢᠷᠢ ᠬᠡᠮᠵᠢᠶ᠎ᠡ ᠨᠢ 834 ᠲᠥᠭᠦᠷᠢᠭ ᠨᠤᠭᠲᠠᠪᠠ︔ ᠬᠤᠳᠠ ᠶᠢᠨ ᠣᠨᠴᠠ ᠬᠦᠴᠢᠷᠳᠡᠯ ᠲᠠᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ 2692 ᠬᠦᠮᠦᠰ ᠲᠤ ᠨᠡᠶᠢᠲᠡ 3540 ᠲᠦᠮᠡᠨ ᠲᠦᠬᠦᠷᠢᠭ ᠤᠨ ᠠᠰᠠᠷᠠᠨ ᠲᠡᠵᠢᠭᠡᠬᠦ ᠪᠡᠯᠡ ᠮᠥᠩᠭᠦ ᠤᠯᠭᠤᠵᠠᠢ︔ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯ ᠲᠠᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ 4466 ᠬᠦᠮᠦᠰ ᠲᠤ ᠨᠡᠶᠢᠲᠡ 3427.7 ᠲᠦᠮᠡᠨ ᠲᠦᠬᠦᠷᠢᠭ ᠤᠨ ᠠᠰᠠᠷᠠᠨ ᠲᠡᠵᠢᠭᠡᠬᠦ ᠪᠡᠯᠡ ᠮᠥᠩᠭᠦ ᠤᠯᠭᠤᠵᠠᠢ᠃ ᠪᠥᠬᠦ ᠬᠤᠲᠠ ᠶᠢᠨ ᠣᠲᠣ ᠶᠢᠨ ᠪᠠᠶᠢᠭ᠎ᠠ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ 14᠂ ᠡᠪᠡᠳᠴᠢᠲᠡᠨ ᠤ ᠣᠷᠣ 22009 ᠪᠠᠶᠢᠵᠤ᠂ ᠲᠥᠪᠯᠡᠷᠡᠭᠦᠯᠦᠨ ᠠᠰᠠᠷᠠᠨ ᠲᠡᠵᠢᠭᠡᠬᠦ ᠴᠢᠳᠠᠪᠤᠷᠢ ᠨᠢ 49.5%᠎ ᠳᠤ ᠬᠦᠷᠴᠡᠢ︔ ᠪᠥᠬᠦ ᠬᠤᠲᠠ ᠶᠢᠨ ᠬᠤᠲᠠ ᠬᠥᠳᠡᠭᠡ ᠶᠢᠨ ᠡᠮᠴᠢᠯᠡᠭᠡᠨ ᠤ ᠠᠪᠤᠷᠠᠨ ᠲᠤᠰᠠᠯᠠᠯᠲᠠ ᠪᠠᠷ 202709 ᠬᠥᠮᠦᠨ ᠤᠳᠠᠭ᠎ᠠ ᠠᠪᠤᠷᠠᠨ ᠲᠤᠰᠠᠯᠠᠵᠠᠶ᠂ ᠡᠭᠦᠨ ᠳᠤ᠄ ᠰᠢᠭᠤᠳ ᠠᠪᠤᠷᠠᠨ ᠲᠤᠰᠠᠯᠠᠭᠰᠠᠨ ᠨᠢ 32015 ᠬᠥᠮᠦᠨ ᠤᠳᠠᠭ᠎ᠠ᠂ ᠪᠠᠲᠤᠯᠠᠭ᠎ᠠ ᠳᠤ ᠣᠷᠣᠯᠴᠠᠬᠤ ᠳᠤ ᠨᠢ ᠲᠤᠰᠠᠯᠠᠭᠰᠠᠨ ᠨᠢ 166874 ᠬᠥᠮᠦᠨ᠂  ᠳᠠᠭᠠᠳᠬᠠᠯ ᠳᠤ ᠣᠷᠣᠯᠴᠠᠬᠤ ᠳᠤ ᠎ ᠨᠢ ᠲᠤᠰᠠᠯᠠᠭᠰᠠᠨ ᠨᠢ 3820 ᠬᠥᠮᠦᠨ ᠪᠠᠶᠢᠨ᠎ᠠ᠂ ᠬᠤᠳᠠ ᠬᠥᠳᠡᠭᠡ ᠶᠢᠨ ᠡᠮᠴᠢᠯᠡᠭᠡᠨ ᠤ ᠠᠪᠤᠷᠠᠨ ᠲᠤᠰᠠᠯᠠᠬᠤ ᠪᠡᠯᠡ ᠮᠥᠩᠭᠦ ᠶᠢ ᠨᠡᠶᠢᠲᠡ 7529.088 ᠲᠦᠮᠡᠨ ᠲᠦᠬᠦᠷᠢᠭ ᠵᠠᠷᠤᠴᠠᠭᠤᠯᠤᠭᠰᠠᠨ ᠪᠠᠶᠢᠨ᠎ᠠ᠂ ᠡᠭᠦᠨ ᠳᠤ᠄ ᠰᠢᠭᠤᠳ ᠠᠪᠤᠷᠠᠨ ᠲᠤᠰᠠᠯᠠᠯᠲᠠ ᠳᠤ 6280.38 ᠲᠦᠮᠡᠨ ᠲᠥᠭᠦᠷᠢᠭ᠂ ᠪᠠᠲᠤᠯᠠᠭ᠎ᠠ ᠳᠤ ᠣᠷᠣᠯᠴᠠᠬᠤ ᠲᠤᠰᠠᠯᠠᠯᠲᠠ ᠳᠤ 1227.698 ᠲᠦᠮᠡᠨ ᠲᠥᠭᠦᠷᠢᠭ᠂ ᠳᠠᠭᠠᠳᠬᠠᠯ ᠳᠤ ᠣᠷᠣᠯᠴᠠᠬᠤ ᠲᠤᠰᠠᠯᠠᠯᠲᠠ ᠳᠤ 21.01 ᠲᠦᠮᠡᠨ ᠲᠦᠬᠦᠷᠢᠭ ᠵᠠᠷᠤᠴᠠᠭᠤᠯᠵᠠᠢ︔ ᠪᠥᠬᠦ ᠬᠤᠲᠠ ᠲᠦᠷ ᠴᠠᠭ ᠤᠨ ᠠᠪᠤᠷᠠᠨ ᠲᠤᠰᠠᠯᠠᠬᠤ ᠮᠦᠩᠭᠦ ᠶᠢ ᠨᠡᠶᠢᠲᠡ 2192.5 ᠲᠦᠮᠡᠨ ᠲᠦᠬᠦᠷᠢᠭ ᠲᠠᠷᠬᠠᠭᠠᠵᠤ᠂ 11802ᠬᠥᠮᠦᠨ ᠤᠳᠠᠭ᠎ᠠ ᠠᠰᠢᠭ ᠬᠦᠷᠲᠡᠭᠡᠵᠦ᠂ ᠬᠤᠲᠠ ᠬᠥᠳᠡᠭᠡ ᠶᠢᠨ ᠬᠦᠴᠢᠷᠳᠡᠯ ᠲᠠᠢ ᠣᠯᠠᠨ ᠲᠦᠮᠡᠨ ᠤ ᠲᠦᠷ ᠴᠠᠭ ᠤᠨ ᠠᠪᠤᠷᠠᠨ ᠲᠤᠰᠠᠯᠠᠬᠤ ᠬᠢᠷᠢ ᠬᠡᠮᠵᠢᠶ᠎ᠡ ᠬᠥᠮᠦᠨ ᠳᠤᠮᠳᠠᠴᠢ ᠳᠤ 1857.7 ᠲᠥᠭᠦᠷᠢᠭ ᠨᠤᠭᠲᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号