ᠥᠪᠡᠷᠲᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠬᠤᠶᠠᠳᠤᠭᠠᠷ ᠬᠤᠷᠠᠯ 1 ᠳ᠋ᠦ᠋ᠭᠡᠷ ᠰᠠᠷ᠎ᠠ ᠶᠢᠨ 26᠎ ᠠᠴᠠ 30᠎ ᠤ ᠡᠳᠤᠷ ᠪᠤᠯᠳᠠᠯ᠎ᠠ ᠬᠦᠬᠡᠬᠤᠳᠠ ᠳᠤ ᠬᠤᠷᠠᠯᠳᠤᠨ᠎ᠠ
ᠨᠡᠶᠢᠲᠡᠯᠡᠭᠰᠡᠨ ᠴᠠᠭ᠄
2019/1/25
     1 ᠳ᠋ᠦ᠋ᠭᠡᠷ ᠰᠠᠷ᠎ᠠ ᠶᠢᠨ 24᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠰᠤᠨᠢᠨ ᠮᠡᠳᠡᠭᠡ ᠨᠡᠶᠢᠳᠡᠯᠡᠭᠦ ᠬᠤᠷᠠᠯ ᠬᠢᠵᠦ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ 1 ᠳ᠋ᠦ᠋ᠭᠡᠷ ᠰᠠᠷ᠎ᠠ ᠶᠢᠨ 26᠎ ᠠᠴᠠ 30᠎ ᠤ ᠡᠳᠦᠷ ᠪᠤᠯᠳᠠᠯ᠎ᠠ ᠬᠦᠬᠡᠬᠤᠳᠠ ᠳᠤ 5 ᠡᠳᠦᠷ ᠬᠤᠷᠠᠯᠳᠤᠬᠤ ᠪᠤᠯᠤᠬᠰᠠᠨ ᠢ ᠨᠡᠶᠢᠳᠡᠯᠡᠪᠡ᠃      ᠰᠤᠨᠢᠨ ᠮᠡᠳᠡᠭᠡ ᠨᠡᠶᠢᠳᠡᠯᠡᠭᠦ ᠬᠤᠷᠠᠯ ᠠᠴᠠ ᠶᠡᠭᠡ ᠬᠤᠷᠠᠯ ᠤᠨ ᠴᠢᠬᠤᠯᠠ ᠠᠴᠢ ᠬᠤᠯᠪᠤᠬᠳᠠᠯ ᠪᠠ ᠵᠢᠯᠤᠭᠤᠳᠬᠤ ᠦᠵᠡᠯ ᠰᠠᠨᠠᠭ᠎ᠠ ᠶᠢ ᠮᠡᠳᠡᠭᠳᠡᠨ᠂ ᠶᠡᠭᠡ ᠬᠤᠷᠠᠯ ᠤᠨ ᠪᠡᠯᠡᠳᠭᠡᠯ ᠠᠵᠢᠯ ᠪᠠ ᠵᠦᠪᠯᠡᠭᠦ ᠵᠦᠢᠯᠡᠰ ᠡᠳᠦᠷ ᠎ ᠤᠨ ᠲᠠᠷᠠᠭᠠᠯᠠᠯ ᠤᠨ ᠪᠠᠶᠢᠳᠠᠯ ᠢ ᠲᠠᠨᠢᠯᠴᠠᠭᠤᠯᠵᠦ᠂ ᠶᠡᠭᠡ ᠬᠤᠷᠠᠯ ᠤᠨ ᠬᠤᠷᠠᠯ ᠤᠨ ᠰᠤᠷᠳᠠᠯ ᠬᠤᠷᠠᠯ ᠤᠨ ᠰᠠᠭᠢᠯᠭ᠎ᠠ ᠪᠠ ᠤᠬᠠᠭᠤᠯᠵᠦ ᠮᠡᠳᠡᠭᠡᠯᠡᠭᠦ ᠠᠵᠢᠯ ᠳᠤ ᠲᠤᠬᠢᠷᠠᠭᠤᠯᠣᠯᠳᠠ ᠬᠢᠵᠠᠢ᠃      ᠬᠤᠷᠠᠯ ᠤᠨ ᠬᠤᠭᠤᠴᠠᠭᠠᠨ ᠳᠤ 5 ᠤᠳᠠᠭ᠎ᠠ ᠶᠢᠨ ᠪᠦᠭᠦᠳᠡ ᠬᠤᠷᠠᠯ᠂ 4 ᠣᠳᠠᠭ᠎ᠠ ᠶᠢᠨ ᠲᠡᠷᠢᠭᠦᠯᠡᠭᠴᠢᠳ ᠎ ᠤᠨ ᠪᠦᠯᠭᠦᠮ ᠤᠨ ᠬᠤᠷᠠᠯ ᠲᠤᠬᠢᠷᠠᠭᠤᠯᠵᠣ᠂ ᠵᠠᠰᠠᠬ ᠤᠨ ᠤᠷᠳᠤᠨ ᠤ ᠠᠵᠢᠯ ᠤᠨ ᠢᠯᠡᠳᠭᠡᠯ᠂ ᠲᠦᠯᠦᠪᠯᠡᠭᠡ ᠶᠢᠨ ᠮᠡᠳᠡᠭᠦᠯᠦᠯᠳᠡ᠂ ᠲᠦᠰᠦᠪ ᠤᠨ ᠮᠡᠳᠡᠭᠦᠯᠦᠯᠳᠡ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠳᠡ ᠪᠠ ᠰᠢᠭᠦᠭᠦ ᠬᠤᠷᠢᠶ᠎ᠠ ᠪᠠᠶᠢᠴᠠᠭᠠᠬᠤ ᠬᠤᠷᠢᠶᠠᠨ ᠤ ᠠᠵᠢᠯ ᠎ ᠤᠨ ᠮᠡᠳᠡᠭᠦᠯᠦᠯᠳᠡ ᠵᠡᠷᠭᠡ ᠶᠢ ᠬᠢᠨᠠᠨ ᠪᠠᠶᠢᠴᠠᠭᠠᠵᠦ ᠵᠦᠪᠰᠢᠶᠡᠷᠡᠨ᠂ ᠬᠠᠮᠢᠶ᠎ᠠ ᠪᠦᠭᠦᠢ ᠲᠤᠰᠬᠠᠢ ᠠᠵᠢᠯ ᠤᠨ ᠵᠦᠪᠯᠡᠯ ᠪᠠᠶᠢᠭᠤᠯᠬᠤ ᠲᠤᠬᠳᠠᠭᠠᠯ ᠤᠨ ᠲᠦᠰᠦᠯ᠂ ᠵᠢᠱᠢᠭᠳᠡᠭᠴᠢ ᠶᠢ ᠪᠠᠳᠤᠯᠠᠬᠤ ᠠᠷᠭ᠎ᠠ ᠶᠢᠨ ᠲᠦᠰᠦᠯ ᠪᠠ ᠨᠡᠷᠡᠰ ᠤᠨ ᠲᠦᠰᠤᠯ᠂ ᠰᠤᠩᠭᠤᠭᠤᠯᠢ ᠶᠢᠨ ᠵᠦᠢᠯᠡᠰ ᠢ ᠬᠢᠨᠠᠨ ᠵᠦᠪᠯᠡᠨ᠎ᠠ᠃ ᠶᠡᠭᠡ ᠬᠤᠷᠠᠯ ᠠᠴᠠ ᠲᠦᠪ ᠤᠨ ᠨᠠᠢᠮᠠᠨ ᠲᠤᠬᠳᠠᠭᠠᠯ ᠎ ᠤᠨ ᠵᠤᠷᠢᠭ ᠰᠠᠨᠠᠭ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠭᠦᠢ ᠲᠤᠬᠳᠠᠭᠠᠯ ᠢ ᠴᠢᠩᠭ᠎ᠠ ᠨᠠᠶᠢᠳᠠᠪᠤᠷᠢᠵᠢᠭᠤᠯᠵᠦ᠂ ᠠᠷᠪᠢᠴᠢ ᠭᠠᠮᠳᠠᠢ ᠦᠨᠳᠤᠷ ᠪᠦᠲᠦᠮᠵᠢᠳᠠᠢ ᠪᠠᠷ ᠬᠤᠷᠠᠯ ᠬᠢᠬᠦ ᠶᠢ ᠪᠠᠷᠢᠮᠳᠠᠯᠠᠨ᠂ ᠬᠤᠷᠠᠯ ᠤᠨ ᠰᠤᠷᠳᠠᠯ ᠬᠤᠷᠠᠯ ᠤᠨ ᠰᠠᠭᠢᠯᠭ᠎ᠠ ᠶᠢ ᠴᠢᠨᠠᠬᠰᠢᠳᠠ ᠴᠢᠩᠭᠠᠳᠬᠠᠵᠤ᠂ ᠶᠡᠭᠡ ᠬᠤᠷᠠᠯ ᠤᠨ ᠤᠪᠤᠷ ᠲᠦᠪ ᠰᠤᠷᠳᠠᠯ ᠴᠢᠭᠡᠴᠢ ᠪᠠᠶᠢᠬᠤ ᠶᠢ ᠪᠠᠳᠤᠯᠠᠬᠤ ᠪᠣᠯᠣᠨ᠎ᠠ᠃ ᠶᠡᠭᠡ ᠬᠤᠷᠠᠯ ᠤᠨ ᠤᠬᠠᠭᠤᠯᠭ᠎ᠠ ᠮᠡᠳᠡᠭᠡᠯᠡᠯ ᠨᠢ ᠭᠤᠤᠯ ᠰᠡᠳᠦᠪ ᠲᠤ ᠬᠦᠴᠦᠨ ᠢᠶᠠᠨ ᠲᠦᠪᠯᠡᠷᠡᠭᠦᠯᠵᠦ᠂ ᠲᠦᠪ ᠭᠤᠤᠯᠴᠢ ᠶᠢ ᠪᠠᠷᠢᠮᠳᠠᠯᠠᠨ ᠰᠢᠨ᠎ᠠ ᠶᠢ ᠡᠭᠦᠳᠴᠦ᠂ ᠵᠦᠪ ᠤᠨᠤᠪᠴᠢᠳᠠᠢ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠳᠠᠯᠠᠨ ᠤᠬᠠᠭᠤᠯᠭ᠎ᠠ ᠮᠡᠳᠡᠭᠡᠯᠡᠯ ᠤᠨ ᠴᠢᠨᠠᠷ ᠴᠢᠨᠰᠠᠭ᠎ᠠ ᠶᠢ ᠪᠦᠭᠦ ᠲᠠᠯ᠎ᠠ ᠪᠠᠷ ᠲᠡᠭᠡᠭᠰᠢᠯᠡᠭᠦᠯᠵᠦ᠂ ᠪᠦᠯᠭᠦᠮᠳᠠᠨ  ᠤᠷᠤᠭᠰᠢᠯᠠᠭᠰᠠᠨ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号