2019 ᠤᠨ ᠤ ᠪᠦᠬᠦ ᠤᠷᠤᠨ ᠤ ᠡᠷᠡᠭᠦᠯ ᠬᠠᠮᠠᠭᠠᠯᠠᠯ ᠡᠷᠡᠭᠦᠯ ᠮᠠᠨᠳᠤ ᠶᠢᠨ ᠠᠵᠢᠯ ᠤᠨ ᠬᠤᠷᠠᠯ ᠬᠦᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2019/1/25

     1 ᠳ᠋ᠦ᠋ᠭᠡᠷ ᠰᠠᠷ᠎ᠠ ᠶᠢᠨ 21 ᠤ ᠡᠳᠦᠷ᠂ 2019 ᠤᠨ ᠤ ᠪᠦᠬᠦ ᠤᠷᠤᠨ ᠤ ᠡᠷᠡᠭᠦᠯ ᠬᠠᠮᠠᠭᠠᠯᠠᠯ ᠡᠷᠡᠭᠦᠯ ᠮᠠᠨᠳᠤ ᠶᠢᠨ ᠠᠵᠢᠯ ᠤᠨ ᠬᠤᠷᠠᠯ ᠬᠦᠬᠡᠬᠤᠲᠠ ᠳᠤ ᠬᠤᠷᠠᠯᠳᠤᠵᠤ᠂ ᠬᠤᠷᠠᠯ ᠠᠴᠠ 2018 ᠤᠨ ᠤ ᠪᠦᠬᠦ ᠤᠷᠤᠨ ᠤ ᠡᠷᠡᠭᠦᠯ ᠬᠠᠮᠠᠭᠠᠯᠠᠯ ᠡᠷᠡᠭᠦᠯ ᠮᠠᠨᠳᠦ ᠶᠢᠨ ᠠᠵᠢᠯ ᠢ ᠡᠷᠬᠢᠴᠡᠭᠦᠯᠦᠨ ᠳ᠋ᠦᠩᠨᠡᠭᠰᠡᠨ ᠤ ᠬᠠᠮᠲᠤ ᠡᠨᠡ ᠵᠢᠯ ᠤᠨ ᠠᠵᠢᠯ ᠢ ᠪᠠᠶᠢᠷᠢᠯᠠᠭᠤᠯᠪᠠ᠃
     ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠢ ᠲᠤᠰ ᠲᠤᠰ ᠴᠤᠬᠤᠯᠠᠪᠤᠷᠢ ᠦᠭᠪᠡ᠃
     ᠬᠤᠷᠠᠯ ᠠᠴᠠ ᠵᠢᠭᠠᠭᠰᠠᠨ ᠨᠢ᠂ 2018 ᠤᠨ ᠳᠤ ᠪᠦᠬᠦ ᠤᠷᠤᠨ ᠤ ᠡᠷᠡᠭᠦᠯ ᠬᠠᠮᠠᠭᠠᠯᠠᠯ ᠡᠷᠡᠭᠦᠯ ᠮᠠᠨᠳᠦ ᠶᠢᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠤᠳᠤᠷᠢᠳᠤᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠬᠠᠤᠯᠢ ᠶᠤᠰᠤᠭᠠᠷ ᠵᠠᠰᠠᠬ ᠶᠠᠪᠤᠭᠤᠯᠬᠤ ᠶᠢ ᠪᠠᠷᠢᠮᠲᠠᠯᠠᠵᠤ᠂ ᠭᠤᠤᠯᠳᠠᠯᠭ᠎ᠠ ᠶᠢ ᠠᠳᠬᠤᠨ ᠬᠦᠴᠢᠷ ᠢ ᠳᠠᠪᠠᠵᠤ ᠲᠤᠲᠠᠭᠤᠳᠠᠯ ᠢᠶᠠᠨ ᠨᠦᠬᠦᠪᠦᠷᠢᠯᠡᠨ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠠᠨᠳᠦ ᠶᠢᠨ ᠦᠭᠡᠷᠡᠴᠢᠯᠡᠯᠲᠡ ᠬᠦᠭᠵᠢᠯᠲᠡ ᠶᠢ ᠬᠦᠴᠦᠯᠡᠨ ᠠᠬᠢᠭᠤᠯᠵᠤ᠂ ᠡᠷᠡᠭᠦᠯ ᠮᠡᠨᠳᠦ ᠪᠠᠷ ᠶᠠᠳᠠᠭᠤ ᠶᠢ ᠳᠡᠳᠬᠦᠬᠦ ᠠᠵᠢᠯ ᠤᠨ ᠠᠮᠵᠢᠯᠲᠠ ᠪᠠᠷ ᠳᠤᠪᠤᠶᠢᠮ᠎ᠠ ᠪᠠᠶᠢᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠳᠤ ᠰᠢᠨ᠎ᠡ ᠠᠬᠢᠴᠠ ᠲᠠᠢ ᠪᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠪᠦᠲᠦᠮᠵᠢᠲᠡᠢ ᠪᠠᠷ ᠳᠡᠭᠡᠭᠰᠢᠯᠡᠨ᠂ ᠬᠦᠮᠦᠨ ᠠᠮᠠ ᠶᠢᠨ ᠬᠦᠭᠵᠢᠯᠲᠡ ᠪᠠ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠠᠵᠢᠯ ᠢ ᠯᠠᠪᠳᠠᠭᠤᠨ ᠪᠠᠳᠤᠳᠠᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠤᠬᠠᠭᠤᠯᠭ᠎ᠠ ᠪᠠ ᠬᠠᠤᠯᠢᠵᠢᠯ ᠤᠨ ᠠᠵᠢᠯ ᠳᠤ ᠰᠢᠨ᠎ᠡ ᠠᠯᠬᠤᠮ ᠢ ᠠᠯᠬᠤᠵᠤ᠂ ᠨᠠᠮ ᠤᠨ ᠪᠠᠶᠢᠭᠤᠯᠤᠯᠲᠠ ᠪᠠ ᠰᠤᠷᠲᠠᠯ ᠤᠨ ᠪᠠᠶᠢᠭᠤᠯᠤᠯᠲᠠ ᠶᠢ ᠦᠷᠬᠦᠯᠵᠢᠯᠡᠨ ᠴᠢᠩᠭᠠᠳᠬᠠᠪᠠ᠃ ᠨᠢᠭᠡ ᠵᠢᠯ ᠤᠨ ᠲᠤᠷᠰᠢᠬᠢ ᠬᠠᠯᠠᠰᠢᠷᠠᠯ ᠦᠭᠡᠢ ᠴᠢᠷᠮᠠᠶᠢᠯᠭ᠎ᠠ ᠪᠠᠷ ᠲᠠᠮᠵᠢᠨ ᠪᠦᠬᠦ ᠤᠷᠤᠨ ᠤ ᠠᠷᠠᠳ ᠲᠦᠮᠡᠡ ᠤ ᠡᠷᠡᠭᠦᠯ ᠮᠡᠨᠳᠦ ᠶᠢᠨ ᠲᠦᠪᠰᠢᠨ ᠤ ᠬᠤᠯᠪᠤᠭᠲᠠᠯ ᠪᠦᠬᠦᠢ ᠬᠦᠢᠴᠡᠳᠭᠡᠬᠦ ᠲᠤᠭ᠎ᠠ ᠳᠤ ᠪᠠᠶᠠᠷᠯᠠᠭᠤᠰᠢᠲᠠᠢ ᠬᠤᠪᠢᠷᠠᠯᠲᠠ ᠭᠠᠷᠴᠤ᠂ ᠵᠢᠷᠮᠦᠰᠤᠠ ᠪᠠ ᠬᠦᠩᠭᠡᠵᠢᠬᠦ ᠪᠦᠰᠡᠭᠦᠢ ᠶᠢᠨ ᠦᠭᠦᠯᠲᠠ ᠶᠢᠨ ᠨᠤᠷᠮ᠎ᠠ ᠵᠢᠱᠢᠯᠲᠠ ᠪᠠᠷ 2017 ᠤᠨ ᠳᠤ 13.07 / 10 ᠲᠦᠮᠡ ᠪᠠᠶᠢᠭᠰᠠᠨ ᠠᠴᠠ ᠪᠠᠨ 2018 ᠤᠨ ᠪᠤᠯᠬᠤ ᠳᠤ 10.49 / 10 ᠲᠦᠮᠡ ᠪᠤᠯᠵᠦ ᠪᠠᠭᠠᠰᠤᠨ᠂ ᠨᠢᠯᠬ᠎ᠠ ᠬᠡᠤᠬᠡᠳ ᠤᠨ ᠦᠭᠦᠯᠲᠠ ᠶᠢᠨ ᠨᠤᠷᠮ᠎ᠠ 4.36 ‰  ᠪᠠᠶᠢᠭᠰᠠᠨ ᠠᠴᠠ ᠪᠠᠨ 3.69‰ ᠪᠤᠯᠵᠦ ᠪᠠᠭᠤᠷᠠᠪᠠ᠂ ᠬᠠᠯᠲᠠᠪᠤᠷᠢᠲᠦ ᠡᠪᠡᠳᠴᠢᠨ ᠤ ᠮᠡᠲᠡᠭᠦᠯᠦᠯᠲᠡ ᠶᠢᠨ ᠡᠭᠦᠰᠦᠯᠲᠠ ᠶᠢᠨ ᠨᠤᠷᠮ᠎ᠠ ᠨᠢᠲᠤᠨᠤᠨ ᠤ ᠬᠢ ᠠᠴᠠ 3.64% ᠪᠠᠭᠤᠷᠠᠵᠦ᠂ ᠦᠨᠲᠦᠰᠦᠲᠡᠡ ᠨᠦᠭᠦᠳ ᠤᠨ ᠠᠷᠠᠳ ᠲᠦᠮᠡᠡ ᠤ ᠡᠷᠡᠭᠦᠯ ᠮᠡᠨᠳᠦ ᠶᠢᠨ ᠲᠦᠪᠰᠢᠨ ᠴᠢᠨᠠᠭᠰᠢᠲᠠ ᠲᠡᠭᠡᠭᠰᠢᠯᠡᠭᠰᠡᠡ ᠪᠠᠶᠢᠨ᠎ᠠ ᠭᠡᠵᠡᠢ᠃
     ᠬᠤᠷᠠᠯ ᠤᠨ ᠪᠠᠶᠢᠷᠢᠯᠠᠭᠤᠯᠤᠯᠲᠠ ᠶᠤᠰᠤᠭᠠᠷ᠂ 2019 ᠤᠨ ᠳᠤ ᠪᠦᠬᠦ ᠤᠷᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠨᠢ ᠰᠢᠨ᠎ᠠ ᠴᠠᠭ ᠦᠶ᠎ᠠ ᠶᠢᠨ ᠨᠠᠮ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠴᠢᠭᠯᠡᠯᠲᠡ ᠶᠢ ᠬᠦᠨᠵᠡᠭᠡᠢ ᠨᠠᠶᠢᠳᠠᠪᠤᠷᠢᠵᠢᠭᠤᠯᠵᠤ᠂ ᠲᠤᠭᠲᠠᠭᠤᠨ ᠤ ᠲᠤᠮᠲᠠ ᠤᠷᠤᠭᠰᠢᠯᠠᠠ ᠲᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠲᠠᠯᠠᠨ᠂ ᠨᠠᠮ ᠤᠨ ᠤᠲᠤᠷᠢᠲᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠷᠡᠭᠦᠯ ᠮᠡᠨᠳᠦ ᠪᠠᠷ ᠶᠠᠲᠠᠭᠤ ᠶᠢ ᠲᠡᠳᠭᠦᠬᠦ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠡᠷᠡᠭᠦᠯ ᠡᠩᠭᠡ ᠦᠪᠦᠷ ᠮᠤᠩᠭᠤᠯ ᠤᠨ ᠪᠦᠲᠦᠭᠡᠡ ᠪᠠᠶᠢᠭᠤᠯᠤᠯᠲᠠ ᠶᠢ ᠬᠦᠨᠵᠡᠭᠡᠢ ᠠᠬᠢᠭᠤᠯᠤᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠵᠤᠬᠢᠴᠠᠭᠤᠯᠤᠨ ᠠᠬᠢᠭᠤᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠴᠢᠷᠮᠠᠶᠢᠨ ᠲᠡᠭᠡᠭᠰᠢᠯᠡᠭᠦᠯᠵᠦ᠂ ᠬᠦᠨᠲᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠵᠤ᠂ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢ ᠤᠯᠠᠮᠵᠢᠯᠠᠠ ᠵᠠᠯᠭᠠᠮᠵᠢᠯᠠᠵᠦ ᠬᠦᠭᠵᠢᠭᠦᠯᠦᠨ᠂ ᠦᠷᠡᠵᠢᠯᠲᠡ ᠶᠢᠨ ᠲᠦᠷᠦ ᠶᠢᠨ ᠪᠤᠲᠤᠯᠭ᠎ᠠ ᠪᠤᠯᠤᠨ ᠬᠤᠯᠪᠤᠭᠲᠠᠯ ᠪᠦᠬᠦᠢ ᠠᠵᠦ ᠠᠬᠤᠢ ᠨᠡᠶᠢᠭᠡᠮ ᠤᠨ ᠲᠦᠷᠦ ᠶᠢᠨ ᠪᠤᠲᠤᠯᠭ᠎ᠠ ᠶᠢ ᠢᠵᠢ ᠪᠦᠷᠢᠲᠦᠭᠦᠯᠦᠨ ᠵᠠᠯᠭᠠᠭᠤᠯᠵᠦ᠂ ᠬᠦᠮᠦᠨ ᠠᠮᠠ ᠶᠢᠨ ᠨᠠᠰᠤᠵᠢᠯᠲᠠ ᠶᠢ ᠢᠲᠡᠪᠬᠢᠲᠠᠢ ᠠᠷᠭᠠᠴᠠᠭᠠᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠤᠯᠢᠵᠢᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠦ᠂ ᠡᠮᠨᠡᠯᠭᠡ ᠶᠢᠨ ᠠᠵᠢᠯᠲᠠᠳ ᠤᠨ ᠢᠲᠡᠪᠬᠢᠵᠢᠯ ᠢ ᠴᠢᠨᠠᠭᠰᠢᠲᠠ ᠳᠠᠶᠢᠴᠢᠯᠠᠵᠤ᠂ ᠤᠯᠠᠠ ᠲᠦᠮᠡᠡ ᠤ ᠡᠷᠡᠭᠦᠯ ᠮᠡᠨᠳᠦ ᠶᠢᠨ ᠬᠦᠷᠳᠡᠮᠵᠢ ᠶᠢᠨ ᠲᠦᠷᠦᠭᠲᠡᠯ ᠢ ᠴᠢᠩᠭᠠᠳᠬᠠᠬᠤ ᠪᠤᠯᠤᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ