ᠪᠦ᠋ ᠰᠢᠶᠤᠤ ᠯᠢᠨ ᠬᠢᠩᠭᠠᠨ ᠠᠶᠢᠮᠠᠭ ᠪᠠ ᠤᠯᠠᠭᠠᠨᠴᠠᠪ ᠬᠤᠳᠠ ᠶᠢᠨ ᠲᠦᠯᠦᠭᠡᠯᠡᠭᠴᠢᠳ ᠤᠨ ᠪᠦᠯᠬᠦᠮ ᠳᠤ ᠬᠦᠷᠴᠦ ᠰᠠᠨᠠᠯ ᠰᠠᠨᠠᠭᠤᠯᠭ᠎ᠠ ᠶᠢ ᠰᠤᠨᠤᠰᠬᠤ ᠳᠤ ᠪᠠᠨ ᠴᠢᠬᠤᠯᠠᠴᠢᠯᠠᠬᠰᠠᠨ ᠨᠢ ᠭᠠᠵᠠᠷ ᠤᠷᠤᠨ ᠤ ᠬᠠᠷᠢᠴᠠᠩᠭᠤᠢ ᠲᠠᠪᠠᠭᠤᠯᠢᠭ ᠢᠶᠠᠨ ᠪᠠᠳᠠᠷᠠᠭᠤᠯᠵᠤ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢ ᠠᠬᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2019/1/29
     1 ᠳ᠋ᠦ᠋ᠭᠡᠷ ᠰᠠᠷ᠎ᠠ ᠶᠢᠨ 28᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠤᠷᠢᠳ ᠬᠤᠵᠢᠳ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠤᠷᠤᠯᠴᠠᠵᠤ ᠪᠠᠶᠢᠭ᠎ᠠ ᠬᠢᠩᠭᠠᠨ ᠠᠶᠢᠮᠠᠭ ᠤᠨ ᠲᠦᠯᠦᠭᠡᠯᠡᠭᠴᠢᠳ ᠎ ᠤᠨ ᠪᠦᠯᠬᠦᠮ ᠪᠠ ᠤᠯᠠᠭᠠᠨᠴᠠᠪ ᠬᠤᠳᠠ ᠶᠢᠨ ᠲᠦᠯᠦᠭᠡᠯᠡᠭᠴᠢᠳ ᠤᠨ ᠪᠦᠯᠬᠦᠮ ᠳᠤ ᠬᠦᠷᠴᠦ᠂ ᠲᠦᠯᠦᠭᠡᠯᠡᠭᠴᠢᠳ ᠎ ᠤᠨ ᠰᠠᠨᠠᠯ ᠰᠠᠨᠠᠭᠤᠯᠭ᠎ᠠ ᠶᠢ ᠰᠤᠨᠤᠰᠪᠠ᠃      ᠬᠢᠩᠭᠠᠨ ᠠᠶᠢᠮᠠᠭ ᠤᠨ ᠲᠦᠯᠦᠭᠡᠯᠡᠭᠴᠢᠳ ᠤᠨ ᠪᠦᠯᠬᠦᠮ ᠤᠨ ᠵᠠᠩ ᠡᠸ᠋ᠨ ᠬᠤᠢ᠂ ᠰᠢᠶᠠᠩ ᠬᠦᠩ ᠸᠧᠢ᠂ ᠯᠢ ᠾᠧ᠂ ᠬᠦᠸᠧ ᠲᠠᠩ᠂ ᠴᠢ᠊ ᠪᠠᠳᠤ ᠵᠡᠷᠭᠡ ᠲᠦᠯᠦᠭᠡᠯᠡᠭᠴᠢ ᠪᠠ ᠤᠯᠠᠭᠠᠨᠴᠠᠪ ᠬᠤᠳᠠ ᠶᠢᠨ ᠲᠦᠯᠦᠭᠡᠯᠡᠭᠴᠢᠳ ᠤᠨ ᠪᠦᠯᠬᠦᠮ ᠤᠨ ᠳ᠋ᠦ᠋ ᠰᠢᠤᠸᠠᠢ ᠵᠢᠶᠦ᠋ᠨ᠂ ᠶᠢᠩ ᠬᠤᠩ ᠵᠢᠤᠢ᠂ ᠴᠢᠨ ᠬᠦᠸᠧ ᠬᠤᠸᠠ᠂ ᠡᠦ ᠹᠦ᠋ ᠱᠧᠩ᠂ ᠸᠠᠩ ᠸᠧᠨ ᠱᠧᠩ᠂ ᠬᠦ᠋ ᠱᠸᠤ ᠵᠢᠶᠠᠩ᠂ ᠰᠢᠤᠢ ᡁᠢ ᠮᠢᠩ ᠵᠡᠷᠭᠡ ᠲᠦᠯᠦᠭᠡᠯᠡᠭᠴᠢ ᠪᠤᠳᠤᠬᠰᠠᠨ ᠰᠠᠨᠠᠬᠰᠠᠨ ᠢᠶᠠᠨ ᠴᠢᠯᠦᠭᠡᠳᠡᠢ ᠶᠠᠷᠢᠨ ᠦᠪᠡᠷ ᠦᠪᠡᠷ ᠤᠨ ᠦᠵᠡᠯᠳᠡ ᠪᠠᠨ ᠲᠤᠷᠠᠳᠴᠤ᠂ ᠭᠠᠵᠠᠷ ᠤᠷᠤᠨ ᠤ ᠪᠠᠨ ᠪᠤᠳᠠᠳᠠᠢ ᠲᠠᠢ ᠤᠶᠠᠯᠳᠤᠭᠤᠯᠤᠨ ᠲᠦᠷᠦᠭᠳᠡᠯ ᠢᠶᠠᠨ ᠶᠠᠷᠢᠵᠤ᠂ ᠪᠤᠳᠤᠯ ᠰᠠᠨᠠᠯ ᠢᠶᠠᠨ ᠲᠡᠯᠭᠡᠨ᠂ ᠬᠦᠭᠵᠢᠯᠳᠡ ᠶᠢᠨ ᠲᠤᠬᠠᠢ  ᠠᠭᠤᠵᠢᠷᠠᠳᠠᠯ᠎ᠠ  ᠶᠠᠷᠢᠯᠴᠠᠵᠠᠢ᠃ ᠤᠯᠠᠨ ᠢᠶᠠᠷ ᠢᠶᠠᠨ᠂ ᠢᠯᠡᠳᠭᠡᠯ ᠨᠢ ᠴᠠᠭ ᠦᠶ᠎ᠠ ᠶᠢᠨ ᠬᠦᠭᠵᠢᠯᠳᠡ ᠶᠢᠨ ᠱᠠᠭᠠᠷᠳᠠᠯᠭ᠎ᠠ ᠲᠠᠢ ᠨᠡᠶᠢᠴᠡᠵᠦ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠎ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠲᠦᠪ ᠬᠤᠷᠢᠶ᠎ᠠ ᠶᠢᠨ ᠵᠤᠷᠢᠭ ᠰᠠᠨᠠᠭ᠎ᠠ ᠪᠤᠯᠤᠨ ᠦᠪᠦᠷ ᠮᠤᠩᠭᠤᠯ ᠤᠨ ᠪᠤᠳᠠᠳᠠᠢ ᠲᠠᠢ ᠨᠡᠶᠢᠴᠡᠵᠦ᠂ ᠵᠢᠯᠤᠭᠤᠳᠬᠤ ᠴᠢᠨᠠᠷ᠂ ᠴᠢᠭᠯᠡᠭᠦᠯᠦᠯᠳᠦ ᠴᠢᠨᠠᠷ᠂ ᠬᠡᠷᠡᠭᠵᠢᠭᠦᠯᠭᠦ ᠴᠢᠨᠠᠷ ᠢᠶᠠᠷ ᠴᠢᠩᠭ᠎ᠠ ᠪᠤᠯᠵᠤ᠂ ᠬᠦᠭᠵᠢᠯᠳᠡ ᠳᠤ ᠠᠩᠬᠠᠷᠤᠯ ᠢᠶᠠᠨ ᠲᠦᠪᠯᠡᠷᠡᠭᠦᠯᠦᠭᠰᠡᠨ᠂ ᠠᠷᠭ᠎ᠠ ᠬᠡᠮᠵᠢᠶ᠎ᠡ ᠨᠢ ᠪᠤᠳᠠᠳᠠᠢ ᠶᠢ ᠡᠷᠬᠢᠮᠯᠡᠭᠰᠡᠨ᠂ ᠬᠦᠮᠦᠰ ᠤᠨ ᠰᠡᠳᠬᠢᠯ ᠢ ᠨᠢᠬᠳᠠᠷᠠᠭᠤᠯᠤᠬᠰᠠᠨ ᠰᠠᠶᠢᠨ ᠢᠯᠡᠳᠭᠡᠯ ᠪᠤᠯᠵᠠᠢ ᠬᠡᠵᠤ ᠦᠵᠡᠪᠡ᠃ ᠲᠦᠯᠦᠭᠡᠯᠡᠭᠴᠢᠳ ᠪᠠᠰᠠ ᠮᠤᠩᠭᠤᠯ ᠬᠢᠳᠡᠳ ᠡᠮ ᠤᠨ ᠠᠵᠤ ᠦᠢᠯᠡᠰ ᠢ ᠨᠡᠩ ᠢᠯᠡᠭᠦᠦ ᠲᠡᠮᠵᠢᠭᠦ᠂ ᠶᠠᠳᠠᠭᠤ ᠬᠦᠴᠢᠷᠳᠡᠯᠳᠡᠢ ᠭᠠᠵᠠᠷ ᠤᠷᠤᠨ ᠳᠤ ᠡᠳ᠋ ᠤᠨ ᠵᠠᠰᠠᠭ ᠤᠨ ᠢᠵᠢ ᠪᠦᠷᠢᠳᠦᠭᠦᠯᠦᠭᠰᠡᠨ ᠪᠡᠯᠡ ᠮᠦᠩᠭᠦ ᠶᠢ ᠬᠡᠯᠪᠡᠶᠢᠯᠭᠡᠬᠦ᠂ ᠲᠦᠮᠦᠰᠦᠨ ᠤ ᠠᠵᠤ ᠦᠢᠯᠡᠰ ᠤᠨ ᠬᠦᠭᠵᠢᠯᠳᠡ ᠶᠢ ᠲᠡᠳᠭᠦᠭᠦ᠂ ᠠᠵᠤ ᠠᠬᠤᠶᠢᠯᠠᠯ ᠤᠨ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠭᠦ ᠴᠢᠳᠠᠪᠤᠷᠢ ᠶᠢ ᠲᠡᠭᠡᠭᠰᠢᠯᠡᠭᠦᠯᠭᠦ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠭᠦ ᠳᠤ ᠬᠦᠴᠢᠷ ᠵᠢᠴᠢ ︽ᠮᠤᠬᠤᠷ ᠵᠠᠮ︾᠎ ᠤᠨ ᠠᠰᠠᠭᠤᠳᠠᠯ ᠢ ᠰᠢᠢᠳᠪᠦᠷᠢᠯᠡᠭᠦ ᠵᠡᠷᠭᠡ ᠶᠢᠨ ᠲᠤᠬᠠᠢ ᠰᠠᠨᠠᠯ ᠰᠠᠨᠠᠭᠤᠯᠭ᠎ᠠ ᠪᠠᠨ ᠲᠤᠷᠠᠳᠴᠠᠢ᠃      ᠪᠦ᠋ ᠰᠢᠶᠤᠤ ᠯᠢᠨ ᠲᠦᠯᠦᠭᠡᠯᠡᠭᠴᠢᠳ ᠤᠨ ᠬᠡᠯᠡᠭᠦ ᠶᠢ ᠬᠢᠨᠠᠮᠠᠭᠠᠢ ᠰᠤᠨᠤᠰᠬᠤ ᠶᠢᠨ ᠲᠠᠭᠠᠤ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠤᠯᠠᠨ ᠲᠠᠢ ᠬᠤᠷᠰᠢᠯᠴᠠᠵᠤ ᠪᠤᠳᠤᠯ ᠰᠠᠨᠠᠯ ᠢᠶᠠᠨ ᠰᠤᠯᠢᠯᠴᠠᠵᠠᠢ᠃ ᠲᠡᠷᠡ᠂ ᠤᠯᠠᠨ ᠢᠶᠠᠷ ᠢᠶᠠᠨ ᠪᠤᠳᠤᠬᠰᠠᠨ ᠰᠠᠨᠠᠬᠰᠠᠨ ᠢᠶᠠᠨ ᠠᠭᠤᠵᠢᠷᠠᠳᠠᠯ᠎ᠠ ᠶᠠᠷᠢᠵᠤ᠂ ᠢᠯᠡᠭᠦᠭᠡᠨ ᠰᠠᠨᠠᠯ ᠰᠠᠨᠠᠭᠤᠯᠭ᠎ᠠ ᠲᠤᠷᠠᠳᠴᠤ᠂ ᠭᠠᠵᠠᠷ ᠤᠷᠤᠨ ᠤ ᠴᠢᠨᠠᠷ ᠰᠠᠶᠢᠲᠠᠢ ᠬᠦᠭᠵᠢᠯᠳᠡ ᠳᠤ ᠠᠷᠭ᠎ᠠ ᠪᠤᠳᠤᠯᠭ᠎ᠠ ᠪᠠᠨ ᠲᠡᠪᠰᠢᠭᠦᠯᠭᠦ ᠶᠢ ᠬᠦᠰᠡᠵᠤ ᠪᠠᠶᠢᠨ᠎ᠠ ᠬᠡᠪᠡ᠃      ᠪᠦ᠋ ᠰᠢᠶᠤᠤ ᠯᠢᠨ ᠵᠢᠭᠠᠭᠰᠠᠨ ᠨᠢ᠂ ᠭᠠᠵᠠᠷ ᠤᠷᠤᠨ ᠤ ᠬᠠᠷᠢᠴᠠᠩᠭᠤᠢ ᠲᠠᠪᠠᠭᠤᠯᠢᠭ ᠢᠶᠠᠨ ᠪᠠᠳᠠᠷᠠᠭᠤᠯᠵᠤ᠂ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢ ᠨᠢᠭᠡᠳᠦᠯᠳᠡᠢ ᠲᠦᠯᠦᠪᠵᠢᠭᠦᠯᠦᠨ᠂ ᠪᠡᠭᠡᠵᠢᠩ ᠲᠢᠶᠠᠨᠵᠢᠨ ᠾᠧᠪᠸᠢ ᠶᠢ ᠬᠠᠮᠵᠢᠯᠴᠠᠭᠤᠯᠣᠨ ᠬᠦᠭᠵᠢᠭᠦᠯᠬᠦ ᠵᠡᠷᠭᠡ ᠤᠯᠤᠰ ᠤᠨ ᠪᠠᠶᠢᠯᠳᠤᠬᠤ ᠪᠤᠳᠤᠯᠭ᠎ᠠ ᠯᠤᠭ᠎ᠠ ᠶᠢᠨ ᠵᠤᠯᠭᠠᠯᠴᠠᠭ᠎ᠠ ᠪᠠᠨ ᠴᠢᠩᠭᠠᠳᠬᠠᠵᠤ᠂ ᠬᠦᠬᠡᠬᠤᠳᠠ ᠤᠷᠳᠤᠰ ᠵᠢᠴᠢ ᠤᠯᠠᠭᠠᠨᠴᠠᠪ ᠤᠨ ᠬᠠᠮᠵᠢᠯᠴᠠᠨ ᠬᠦᠭᠵᠢᠭᠦ ᠪᠠ ᠵᠡᠭᠦᠨ ᠬᠡᠰᠡᠭ ᠤᠨ ᠠᠶᠢᠮᠠᠭ ᠬᠤᠳᠠ ᠶᠢᠨ ᠬᠦᠭᠵᠢᠯᠳᠡ ᠴᠡᠴᠡᠭᠯᠡᠯᠳᠡ ᠶᠢ ᠠᠬᠢᠭᠤᠯᠬᠤ ᠬᠡᠷᠡᠭᠳᠡᠢ ᠭᠡᠵᠡᠢ᠃ ᠲᠡᠷᠡ ᠴᠢᠬᠤᠯᠠᠴᠢᠯᠠᠭᠰᠠᠨ ᠨᠢ᠂ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠪᠤᠯ ᠵᠠᠪᠠᠯ ᠢᠯᠠᠯᠳᠠ ᠤᠯᠵᠤ ᠵᠠᠪᠠᠯ ᠰᠠᠶᠢᠲᠤᠷ ᠬᠢᠭᠦ ᠬᠠᠳᠠᠭᠤ ᠳᠠᠶᠢᠯᠠᠯᠳᠤᠭᠠᠨ ᠮᠦᠨ᠂ ᠶᠠᠮᠠᠷ ᠴᠤ ᠤᠬᠤᠷᠢᠬᠤ ᠵᠠᠮ ᠦᠭᠡᠢ᠂ ᠵᠠᠪᠠᠯ ᠨᠢᠭᠡ ᠯᠡ ᠠᠮᠢᠰᠬᠤᠭ᠎ᠠ ᠪᠠᠷ ᠤᠨᠤᠪᠴᠢᠳᠠᠢ ᠠᠬᠢᠭᠤᠯᠵᠤ᠂ ᠤᠨᠴᠠ ᠶᠠᠳᠠᠭᠤ ᠬᠦᠴᠢᠷᠳᠡᠯᠳᠡᠢ ᠭᠠᠵᠠᠷ ᠤᠷᠤᠨ ᠪᠠ ᠤᠨᠴᠠ ᠶᠠᠳᠠᠭᠤ ᠬᠦᠴᠢᠷᠳᠡᠯᠳᠡᠢ ᠤᠯᠠᠨ ᠲᠦᠮᠡᠨ ᠳᠤ ᠠᠩᠬᠠᠷᠤᠯ ᠢᠶᠠᠨ ᠲᠦᠪᠯᠡᠷᠡᠭᠦᠯᠵᠤ᠂ ᠳᠤᠪᠤᠶᠢᠮ᠎ᠠ ᠠᠰᠠᠭᠤᠳᠠᠯ ᠢ ᠨᠢ ᠬᠦᠴᠦᠯᠡᠨ ᠰᠢᠢᠳᠪᠦᠷᠢᠯᠡᠵᠤ᠂ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠳᠠ ᠶᠢ ᠡᠷᠡᠰ ᠤᠯᠬᠤ ᠬᠡᠷᠡᠭᠳᠡᠢ ᠭᠡᠵᠡᠢ᠃       ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠯᠢ ᠷᠦᠩ ᠰᠢ᠂ ᠠᠢ ᠯᠢ ᠬᠤᠸᠠ᠂ ᠡᠸᠤ ᠶᠠᠩ ᠰᠢᠶᠤᠤ ᠬᠤᠢ᠂ ᠶᠠᠩ ᠽᠦᠩ ᠷᠧᠨ ᠬᠢᠨᠠᠨ ᠵᠦᠪᠯᠡᠭᠦ ᠳᠤ ᠤᠷᠤᠯᠴᠠᠵᠠᠢ᠃  
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号