ᠣᠷᠳᠣᠰ ᠬᠤᠲᠠ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠳᠤ ᠪᠠᠨ 10 ᠲᠦᠮᠡᠨ ᠴᠢᠳᠠᠪᠤᠷᠢᠲᠠᠨ ᠴᠤᠭᠯᠠᠭᠤᠯᠤᠨ ᠣᠷᠣᠭᠤᠯᠪᠠ
ᠨᠡᠶᠢᠲᠡᠯᠡᠭᠰᠡᠨ ᠴᠠᠭ᠄
2019/1/29
     ᠴᠢᠳᠠᠪᠤᠷᠢᠲᠠᠨ ᠤ ᠠᠵᠢᠯ ᠤᠨ ᠮᠡᠳᠡᠭᠡ ᠵᠠᠩᠭᠢᠴᠢᠯᠠᠯᠠᠲᠠ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠴᠢᠳᠠᠪᠤᠷᠢᠲᠠᠨ ᠤ ᠠᠵᠢᠯ ᠤᠨ ᠬᠠᠮᠢᠶᠠᠷᠤᠯᠲᠠ ᠶᠢᠨ ᠦᠷ᠎ᠡ ᠪᠦᠲᠦᠮᠵᠢ ᠪᠣᠯᠤᠨ ᠦᠢᠯᠡᠴᠢᠯᠡᠭᠡᠨ ᠤ ᠬᠢᠷᠢ  ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠣᠷᠳᠣᠰ ᠬᠤᠲᠠ ︽ᠥᠪᠥᠷ ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ︾᠎ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠴᠤᠭᠯᠠᠭᠤᠯᠵᠤ ᠣᠷᠣᠭᠤᠯᠬᠤ ᠠᠵᠢᠯ ᠢ ᠲᠦᠷᠭᠡᠳᠬᠡᠨ ᠠᠬᠢᠭᠤᠯᠵᠤ᠂ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠢᠳᠡᠪᠬᠢᠲᠡᠶ ᠦᠷ᠎ᠡ ᠪᠦᠲᠦᠮᠵᠢ ᠣᠯᠤᠭᠰᠠᠨ ᠪᠠᠶᠢᠨ᠎ᠠ᠃ ᠣᠳᠣᠬᠠᠨ ᠪᠣᠯᠲᠠᠯ᠎ᠠ᠂ ᠣᠷᠳᠣᠰ ᠬᠤᠲᠠ 2674 ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ  ᠂ 10 ᠲᠦᠮᠡᠨ ᠴᠢᠳᠠᠪᠤᠷᠢᠲᠠᠨ ᠢ ᠬᠥᠮᠥᠷᠭᠡ ᠳᠤ ᠪᠠᠨ ᠣᠷᠣᠭᠤᠯᠵᠤ᠂ ᠬᠥᠮᠥᠷᠭᠡ ᠳᠤ ᠣᠷᠣᠭᠤᠯᠤᠭᠰᠠᠨ ᠨᠢᠭᠡᠴᠢ ᠶᠢᠨ ᠲᠤᠭ᠎ᠠ ᠪᠣᠯᠣᠨ ᠴᠢᠳᠠᠪᠤᠷᠢᠲᠠᠨ ᠤ ᠲᠤᠭ᠎ᠠ ᠨᠢ ᠴᠥᠮ ᠥᠪᠡᠷᠲᠡᠭᠡᠨ ᠵᠠᠰᠠᠬᠤ ᠣᠷᠣᠨ ᠤ ᠲᠡᠷᠢᠭᠦᠨ ᠡᠩᠨᠡᠭᠡᠨ ᠳᠤ  ᠣᠷᠣᠵᠠᠢ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ ᠢᠨᠵᠧᠨᠧᠷᠢᠩ ᠢ ᠬᠡᠷᠡᠭᠵᠢᠭᠦᠯᠦᠭᠰᠡᠨ ᠠᠴᠠ ᠨᠠᠭᠠᠰᠢᠬᠢ ᠨᠢᠭᠡ ᠵᠦᠢᠯ ᠤᠨ ᠰᠠᠭᠤᠷᠢ ᠴᠢᠨᠠᠷ ᠲᠠᠢ᠂ ᠪᠠᠷᠠᠭᠠᠯᠬᠢᠯᠠᠯᠳᠤ ᠴᠢᠨᠠᠷ ᠲᠠᠢ  ᠭᠤᠣᠯᠳᠠᠯᠭᠠᠲᠤ ᠠᠵᠢᠯ ᠪᠣᠯᠣᠨ᠎ᠠ᠂ ᠲᠤᠰ ᠰᠢᠰᠲ᠋ᠧᠮ ᠨᠢ ᠬᠠᠮᠤᠷᠬᠤ ᠬᠡᠪᠴᠢᠶ᠎ᠡ ᠨᠢ ᠥᠷᠭᠡᠨ᠂ ᠲᠤᠭ᠎ᠠ ᠪᠠᠷᠢᠮᠲᠠ ᠨᠢ ᠴᠠᠭ  ᠲᠣᠬᠠᠶᠢᠲᠤ ᠴᠢᠨᠠᠷ ᠲᠠᠢ᠂ ᠬᠡᠷᠡᠭᠯᠡᠬᠦ ᠳᠤ ᠲᠦᠬᠦᠮ᠂ ᠮᠡᠳᠡᠭᠡ ᠵᠠᠩᠭᠢ ᠨᠢ ᠠᠮᠤᠷ ᠲᠦᠪᠰᠢᠨ ᠪᠠᠶᠢᠬᠤ ᠵᠡᠷᠭᠡ ᠣᠨᠴᠠᠯᠢᠭ ᠲᠠᠢ ᠪᠠᠶᠢᠵᠤ᠂ ᠴᠢᠳᠠᠪᠤᠷᠢᠲᠠᠨ ᠤ ᠮᠡᠳᠡᠭᠡ ᠵᠠᠩᠭᠢ ᠶᠢᠨ ᠪᠦᠬᠦ ᠲᠠᠯ᠎ᠠ ᠶᠢᠨ᠂ ᠣᠨᠣᠪᠴᠢᠲᠠᠶ᠂ ᠴᠠᠭ ᠲᠣᠬᠠᠶᠢᠲᠤ᠂ ᠬᠥᠳᠡᠯᠦᠩᠭᠦᠶ ᠬᠠᠮᠢᠶᠠᠷᠤᠯᠲᠠ ᠵᠢᠴᠢ ᠴᠢᠳᠠᠪᠤᠷᠢᠲᠠᠨ ᠤ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠬᠦᠷᠲᠡᠬᠦ ᠶᠢ ᠪᠡᠶᠡᠯᠡᠭᠦᠯᠵᠦ ᠴᠢᠳᠠᠨ᠎ᠠ᠃ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠨᠢ ᠡᠯ᠎ᠡ ᠲᠥᠷᠥᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠮᠠᠯᠵᠢᠬᠤ ᠲᠠᠷᠢᠶᠠᠯᠠᠬᠤ ᠣᠷᠣᠨ ᠵᠡᠷᠭᠡ ᠳᠤ ᠬᠠᠨᠳᠤᠭᠤᠯᠤᠨ᠂ ᠲᠤᠰᠬᠠᠶ ᠮᠡᠷᠭᠡᠵᠢᠯ ᠤᠨ ᠴᠢᠳᠠᠪᠤᠷᠢᠲᠠᠨ᠂ ᠤᠷ᠎ᠠ ᠴᠢᠳᠠᠪᠤᠷᠢ ᠪᠥᠬᠦᠶ ᠴᠢᠳᠠᠪᠤᠷᠢᠲᠠᠨ᠂ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢᠲᠠᠨ᠂ ᠮᠠᠯᠵᠢᠬᠤ ᠲᠠᠷᠢᠶᠠᠯᠠᠬᠤ ᠣᠷᠣᠨ ᠤ ᠪᠣᠳᠠᠳᠤ ᠬᠡᠷᠡᠭᠯᠡᠭᠡᠨ ᠤ ᠴᠢᠳᠠᠪᠤᠷᠢᠲᠠᠨ᠂ ᠨᠡᠶᠢᠭᠡᠮ ᠤᠨ ᠠᠵᠢᠯ ᠤᠨ ᠴᠢᠳᠠᠪᠤᠷᠢᠲᠠᠨ ᠭᠡᠬᠦ ᠲᠠᠪᠤᠨ ᠲᠥᠷᠥᠯ ᠤᠨ ᠴᠢᠳᠠᠪᠤᠷᠢᠲᠠᠨ ᠤ ᠦᠨᠳᠦᠰᠦᠨ ᠪᠠᠶᠢᠳᠠᠯ᠂ ᠰᠤᠷᠤᠯᠴᠠᠯᠭ᠎ᠠ ᠪᠣᠯᠪᠠᠰᠤᠷᠠᠯ ᠤᠨ ᠥᠩᠭᠡᠷᠡᠯᠲᠡ᠂ ᠲᠤᠰᠬᠠᠶ ᠮᠡᠷᠭᠡᠵᠢᠯ ᠤᠨ ᠬᠢᠷᠢ ᠬᠡᠮ ᠪᠣᠯᠣᠨ ᠠᠵᠢᠯ ᠮᠡᠷᠭᠡᠵᠢᠯ ᠤᠨ ᠬᠢᠷᠢ ᠬᠡᠮ ᠵᠡᠷᠭᠡ 23 ᠶᠡᠭᠡ ᠲᠥᠷᠥᠯ 143 ᠪᠠᠭ᠎ᠠ ᠲᠥᠷᠥᠯ ᠤᠨ ᠮᠡᠳᠡᠭᠡ ᠵᠠᠩᠭᠢ ᠶᠢ ᠭᠤᠣᠯᠳᠠᠯᠭ᠎ᠠ ᠲᠠᠢ ᠴᠤᠭᠯᠠᠭᠤᠯᠳᠠᠭ᠃      ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠨᠢ ᠣᠷᠳᠣᠰ ᠬᠤᠲᠠ ᠶᠢᠨ ᠴᠢᠳᠠᠪᠤᠷᠢᠲᠠᠨ ᠤ ᠲᠣᠮᠣ ᠳ᠋ᠠᠶᠢᠲ᠋ᠠ ᠶᠢ ᠣᠨᠣᠪᠴᠢᠲᠠᠢ ᠪᠠᠷ ᠴᠤᠭᠯᠠᠭᠤᠯᠤᠨ ᠬᠤᠷᠢᠶᠠᠩᠭᠤᠶᠢᠯᠠᠬᠤ ᠪᠠᠷ ᠳᠠᠮᠵᠢᠨ᠂ ᠨᠡᠩ ᠢᠳᠡᠪᠬᠢᠲᠡᠶ᠂ ᠨᠡᠭᠡᠭᠡᠯᠲᠡᠲᠡᠢ ᠴᠢᠳᠠᠪᠤᠷᠢᠲᠠᠨ ᠤ ᠲᠦᠷᠦ ᠶᠢᠨ ᠪᠤᠳᠤᠯᠭ᠎ᠠ ᠶᠢ ᠲᠣᠭᠲᠠᠭᠠᠵᠤ ᠬᠡᠷᠡᠭᠵᠢᠭᠦᠯᠬᠦ ᠳᠤ ᠣᠨᠣᠪᠴᠢᠲᠠᠢ ᠳ᠋ᠠᠶᠢᠲ᠋ᠠ ᠶᠢᠨ ᠳᠡᠮᠵᠢᠯᠭᠡ ᠬᠠᠩᠭᠠᠨ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠭᠡᠷᠡᠴᠢ ᠪᠠᠷᠢᠮᠲᠠ ᠬᠠᠩᠭᠠᠵᠤ᠂ ᠪᠠᠰᠠ ᠡᠯ᠎ᠡ ᠲᠥᠷᠥᠯ ᠤᠨ ᠬᠥᠮᠦᠨ ᠬᠡᠷᠡᠭᠯᠡᠬᠦ ᠨᠢᠭᠡᠴᠢ᠂ ᠴᠢᠳᠠᠪᠤᠷᠢᠲᠠᠨ ᠤ ᠬᠠᠮᠢᠶᠠᠷᠤᠯᠲᠠ ᠶᠢᠨ ᠰᠠᠯᠭ᠎ᠠ ᠮᠦᠴᠢᠷ ᠲᠤ ᠴᠢᠳᠠᠪᠤᠷᠢᠲᠠᠨ ᠤ ᠮᠡᠳᠡᠭᠡ ᠵᠠᠩᠭᠢ ᠶᠢ  ᠣᠶᠢᠯᠠᠭᠠᠬᠤ᠂ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠤᠪᠢᠷᠠᠭᠤᠯᠬᠤ᠂ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠬᠦ ᠳᠤ ᠰᠢᠨ᠎ᠡ ᠠᠷᠭ᠎ᠠ ᠬᠡᠷᠡᠭᠯᠡᠭᠦᠷ ᠬᠠᠩᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号